| ᠲᠦᠮᠡᠨ ᠪᠤᠳᠠᠰ ᠠᠮᠢᠯᠠᠭᠰᠠᠨ ᠤᠷᠢᠬᠠᠨ ᠬᠠᠪᠤᠷ ᠲᠤ᠂ ᠬᠢᠩᠭᠠᠨ ᠠᠶᠢᠮᠠᠭ ᠤᠨ ᠬᠤᠳᠠᠯᠳᠤᠭᠠᠨ ᠤ | ᠶᠠᠪᠤᠳᠠᠯ ᠪᠤᠭᠤᠮᠳᠠ ᠶᠢᠨ ᠲᠤᠪᠴᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠤᠯᠤᠨ ᠷᠠᠰᠢᠶᠠᠨ ᠬᠤᠳᠠ ᠶᠢᠨ | ᠵᠠᠰᠠᠭ ᠤᠨ ᠤᠷᠳᠤᠨ ᠲᠠᠢ ᠬᠠᠮᠳᠤᠷᠠᠨ ᠶᠠᠪᠤᠭᠳᠠᠭᠤᠯᠤᠭᠰᠠᠨ ︽ᠵᠠᠭᠤᠨ ᠠᠵᠤ ᠠᠬᠤᠶᠢᠯᠠᠯ ᠤᠨ ᠬᠢᠯᠢ ᠶᠢᠨ ᠠᠷᠠᠯᠵᠢᠶ᠎ᠡ | ︾ ᠶᠢᠨ ᠠᠵᠢᠯᠯᠠᠭ᠎ᠠ ᠨᠢ 100 ᠭᠠᠷᠤᠢ ᠠᠵᠦ ᠠᠬᠤᠶᠢᠯᠠᠯ ᠳᠤ ᠠᠷᠠᠯᠵᠢᠶᠠᠨ ᠤ ᠰᠢᠨ᠎ᠡ ᠠᠵᠠ ᠲᠣᠬᠢᠶᠠᠯ ᠤᠯᠭᠤᠵᠦ᠂ | ᠬᠠᠮᠳᠤᠷᠠᠯᠴᠠᠭᠠᠨ ᠤ ᠰᠢᠨ᠎ᠡ ᠵᠠᠭᠪᠤᠷ ᠢ ᠰᠤᠳᠤᠯᠤᠨ ᠶᠠᠷᠢᠯᠴᠠᠪᠠ᠃ | ᠠᠵᠢᠯᠯᠠᠭ᠎ᠠ ᠶᠢᠨ ᠲᠤᠮᠳᠠ᠂ ᠷᠠᠰᠢᠶᠠᠨ ᠪᠤᠭᠤᠮᠳᠠ ᠶᠢᠨ ᠠᠵᠢᠯᠳᠠᠨ ᠭᠠᠷ ᠲᠠᠭᠠᠨ ᠲᠦᠷᠦ ᠶᠢᠨ | ᠪᠤᠳᠤᠯᠭ᠎ᠠ ᠶᠢᠨ ᠲᠠᠶᠢᠯᠤᠮᠵᠢ ᠶᠢᠨ ᠭᠠᠷ ᠳᠡᠪᠳᠡᠷ ᠢ ᠠᠳᠬᠤᠵᠤ᠂ ᠬᠢᠯᠢ ᠶᠢᠨ ᠪᠠᠶᠢᠴᠠᠭᠠᠯᠳᠠ ᠶᠢᠨ ᠠᠷᠠᠳ ᠤᠨ | ᠴᠠᠭᠳᠠᠭ᠎ᠠ ︽ᠪᠤᠭᠤᠮᠳᠠ ᠪᠠᠷ ᠦᠩᠭᠡᠷᠡᠬᠦ ᠵᠠᠮᠴᠢ︾ ᠪᠤᠯᠵᠦ᠂ ᠠᠵᠤ ᠠᠬᠤᠶᠢᠯᠠᠯ ᠤᠨ ᠳᠤᠷᠠᠳᠤᠭᠰᠠᠨ ᠬᠢᠯᠢ ᠠᠯᠤᠰᠯᠠᠨ | ᠲᠡᠰᠦᠯᠦᠨ ᠪᠤᠳᠤᠬᠤ᠂ ᠪᠤᠭᠤᠮᠳᠠ ᠪᠠᠷ ᠥᠩᠭᠡᠷᠡᠬᠦ ᠬᠦᠴᠦᠨ ᠲᠠᠢ ᠬᠤᠭᠤᠴᠠᠭ᠎ᠠ ᠵᠡᠷᠭᠡ ᠪᠣᠳᠠᠲᠠᠶ ᠠᠰᠠᠭᠤᠳᠠᠯ ᠳᠤ | ᠴᠢᠭᠯᠡᠭᠦᠯᠦᠨ᠂ ᠲᠤᠬᠠᠶ ᠶᠢᠨ ᠲᠠᠯᠠᠪᠤᠷ ᠲᠤ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠨ ᠦᠭᠪᠡ᠃ ︽ᠲᠤᠰ | ᠤᠳᠠᠭᠠᠨ ᠤ ᠠᠵᠢᠯᠯᠠᠭ᠎ᠠ ᠨᠢ ᠪᠢᠳᠡᠨ ᠳᠤ ᠬᠢᠯᠢ ᠶᠢᠨ ᠠᠷᠠᠯᠵᠢᠶᠠᠨ ᠤ ᠠᠵᠦ ᠠᠬᠤᠢ ᠶᠢ ᠬᠦᠭᠵᠢᠬᠦᠯᠬᠦ ᠰᠢᠨ᠎ᠡ ᠠᠵᠠ | ᠲᠤᠬᠢᠶᠠᠯ ᠤᠯᠭᠤᠭᠰᠠᠨ ᠢᠶᠠᠷ ᠪᠠᠷᠠᠬᠤ ᠦᠭᠡᠢ ᠵᠠᠰᠠᠭ ᠤᠨ ᠤᠷᠳᠤᠨ ᠠᠴᠠ ᠠᠵᠦ ᠠᠬᠤᠶᠢᠯᠠᠯ ᠢ ᠬᠠᠯᠠᠮᠵᠢᠯᠠᠵᠤ ᠪᠠᠶᠢᠬᠤ | ᠦᠨᠡᠨᠴᠢ ᠰᠡᠳᠬᠢᠯ ᠢ ᠤᠯᠵᠦ ᠬᠠᠷᠠᠯᠡ︾ ᠭᠡᠵᠦ ᠮᠧᠩ ᠲᠧ ᠬᠤᠢ ᠢᠳᠡᠭᠡᠨ ᠤ ᠬᠢᠵᠠᠭᠠᠷᠳᠦ ᠺᠤᠮᠫᠠᠨᠢ ᠶᠢᠨ | ᠬᠠᠷᠢᠭᠤᠴᠠᠯᠭᠠᠳᠠᠨ ᠰᠢᠤᠸᠠᠢ ᠬᠦᠸᠧ ᠹᠧᠩ ᠶᠡᠭᠡᠯ᠎ᠡ ᠤᠷᠮᠠᠰᠢᠨ ᠬᠡᠯᠡᠨ᠎ᠡ᠃ | ᠡᠨᠡᠬᠦ ᠤᠳᠠᠭᠠᠨ ᠤ ᠠᠵᠢᠯᠯᠠᠭ᠎ᠠ ᠨᠢ ᠬᠢᠩᠭᠠᠨ ᠠᠶᠢᠮᠠᠭ ᠤᠨ ᠠᠵᠦ ᠠᠬᠤᠶᠢᠯᠠᠯ ᠳᠤ ᠦᠨᠡᠨᠴᠢ | ᠰᠡᠳᠬᠢᠯ ᠢᠶᠠᠷ ᠦᠢᠯᠡᠴᠢᠯᠡᠬᠦ ᠶᠢᠨ ᠨᠢᠭᠡᠨ ᠲᠠᠶᠢᠯᠤᠮᠵᠢ ᠪᠤᠯᠤᠨ᠎ᠠ᠃ ᠠᠵᠦ ᠠᠬᠤᠶᠢᠯᠠᠯ ᠢ ᠲᠤᠰᠠᠯᠠᠬᠤ ᠠᠵᠢᠯᠯᠠᠭ᠎ᠠ ᠨᠢ | ᠵᠠᠬ᠎ᠠ ᠲᠡᠯᠭᠡᠬᠦᠷ ᠤᠨ ᠭᠤᠤᠯ ᠴᠤᠭᠴᠠ ᠶᠢᠨ ᠠᠮᠢᠵᠢᠷᠠᠯ ᠤᠨ ᠬᠦᠴᠦᠨ ᠢ ᠬᠦᠭᠵᠢᠭᠡᠬᠦ᠂ ᠠᠵᠦ ᠠᠬᠤᠶᠢᠯᠠᠯ ᠤᠨ | ᠬᠦᠭᠵᠢᠯᠳᠡ ᠶᠢᠨ ᠶᠠᠰᠦ ᠴᠢᠨᠠᠷ ᠢ ᠲᠡᠭᠡᠭᠰᠢᠯᠡᠬᠦᠯᠬᠦ᠂ ᠠᠵᠦ ᠠᠬᠤᠢ ᠨᠡᠶᠢᠭᠡᠮ ᠤᠨ ᠴᠢᠨᠠᠷ ᠰᠠᠶᠢᠳᠠᠢ ᠬᠦᠭᠵᠢᠯᠳᠡ ᠶᠢ | ᠠᠬᠢᠭᠤᠯᠬᠤ ᠴᠢᠬᠤᠯᠠ ᠡᠬᠦᠷᠭᠡ ᠶᠢ ᠡᠬᠦᠷᠭᠡᠯᠡᠵᠦ ᠪᠤᠢ᠃ ᠡᠨᠡ ᠵᠢᠯ᠂ ᠬᠢᠩᠭᠠᠨ ᠠᠶᠢᠮᠠᠭ ᠠᠵᠤ ᠠᠬᠤᠶᠢᠯᠠᠯ ᠢ | ᠲᠤᠰᠠᠯᠠᠬᠤ ᠠᠵᠢᠯᠯᠠᠭ᠎ᠠ ᠶᠢ ᠪᠦᠬᠦ ᠲᠠᠯ᠎ᠠ ᠪᠠᠷ ᠠᠬᠢᠭᠤᠯᠬᠤ ᠶᠢᠨ ᠲᠦᠯᠦᠭᠡ᠂ ︽ᠬᠢᠩᠭᠠᠨ ᠠᠶᠢᠮᠠᠭ ᠤᠨ ᠠᠵᠤ | ᠠᠬᠤᠶᠢᠯᠠᠯ ᠢ ᠲᠤᠰᠠᠯᠠᠬᠤ ᠠᠵᠢᠯᠯᠠᠭ᠎ᠠ ᠶᠢᠨ ᠬᠡᠷᠡᠭᠵᠢᠬᠦᠯᠬᠦ ᠲᠦᠰᠦᠯ︾ ᠢ ᠨᠡᠶᠢᠳᠡᠯᠡᠵᠦ᠂ ︽ᠥᠨᠳᠥᠷ ᠪᠦᠲᠦᠮᠵᠢᠲᠡᠢ | ᠦᠢᠯᠡᠴᠢᠯᠡᠭᠡ ᠪᠠᠷ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠥᠷᠨᠢᠭᠦᠯᠬᠦ᠂ ᠠᠵᠤ ᠠᠬᠤᠶᠢᠯᠠᠯ ᠢ ᠬᠠᠪᠰᠤᠷᠤᠨ | ᠵᠠᠬᠢᠶᠠᠯᠠᠭ᠎ᠠ ᠶᠢᠨ ᠬᠠᠭᠤᠳᠠᠰᠤ ᠡᠷᠢᠬᠦ ᠠᠵᠢᠯᠯᠠᠭ᠎ᠠ ᠦᠷᠨᠢᠬᠦᠯᠬᠦ᠂ ᠤᠯᠠᠨ ᠡᠰᠢᠲᠦ ᠪᠡᠯᠡ ᠳᠤᠬᠢᠷᠠᠭᠤᠯᠭ᠎ᠠ ᠪᠠᠷ ᠠᠵᠤ | ᠠᠬᠤᠶᠢᠯᠠᠯ ᠢ ᠲᠤᠰᠠᠯᠠᠬᠤ ᠠᠵᠢᠯᠯᠠᠭ᠎ᠠ ᠦᠷᠨᠢᠬᠦᠯᠬᠦ︾ ᠵᠡᠷᠭᠡ ᠨᠠᠢᠮᠠᠨ ᠲᠠᠯ᠎ᠠ ᠶᠢᠨ ᠭᠤᠣᠯᠳᠠᠯᠭ᠎ᠠ ᠲᠠᠢ ᠡᠭᠦᠷᠭᠡ ᠵᠢᠴᠢ | 24 ᠵᠦᠢᠯ ᠤᠨ ᠭᠤᠣᠯᠳᠠᠯᠭ᠎ᠠ ᠲᠠᠢ ᠠᠵᠢᠯ ᠢ ᠲᠣᠳᠣᠷᠬᠠᠢ ᠳᠤᠷᠠᠳᠴᠤ᠂ ᠴᠢᠩᠭ᠎ᠠ ᠪᠦᠳᠦᠮᠵᠢᠳᠡᠢ ᠠᠷᠭ᠎ᠠ | ᠠᠪᠴᠠᠯ ᠢᠶᠠᠷ ᠠᠵᠦ ᠠᠬᠤᠶᠢᠯᠠᠯ ᠤᠨ ᠬᠦᠭᠵᠢᠯᠳᠡ ᠶᠢ ᠠᠬᠢᠭᠤᠯᠵᠦ ᠪᠤᠢ᠃ | ᠵᠠᠰᠠᠭ ᠤᠨ ᠤᠷᠳᠤᠨ ᠪᠤᠯᠤᠨ ᠠᠵᠦ ᠠᠬᠤᠶᠢᠯᠠᠯ ᠤᠨ ᠰᠡᠳᠬᠢᠯ ᠢ ᠬᠤᠯᠪᠤᠬᠤ ᠬᠦᠬᠦᠷᠭᠡ ᠪᠤᠰᠬᠠᠪᠠ | ︽ᠤᠲᠠᠰᠤ ᠪᠠᠷ ᠠᠰᠠᠭᠤᠨ ᠯᠠᠪᠯᠠᠬᠤ ᠠᠴᠠ ᠠᠪᠤᠭᠠᠳ ᠦᠨᠡᠮᠯᠡᠯ ᠢᠶᠠᠨ ᠤᠯᠬᠤ ᠪᠣᠯᠲᠠᠯ᠎ᠠ ᠪᠦᠷ ᠡᠨᠡᠬᠦ | ᠲᠤᠰᠬᠠᠶ ᠭᠠᠵᠠᠷ ᠲᠤ ᠭᠦᠢᠴᠡᠳᠭᠡᠯᠡ᠂ ᠤᠳᠤ ᠬᠠᠮᠢᠶ᠎ᠡ ᠪᠦᠬᠦᠢ ᠭᠠᠷ ᠬᠦᠢᠴᠡᠳᠭᠡᠯ ᠢᠶᠠᠨ ᠬᠦᠢᠴᠡᠳᠭᠡᠬᠦ ᠳᠤ ᠶᠠᠭ ᠯᠡ | ᠵᠠᠬᠢᠶᠠᠯᠠᠭ᠎ᠠ ᠶᠢᠨ ᠬᠤᠭᠤᠯᠠ ᠲᠠᠭᠤᠳᠠᠬᠤ ᠲᠠᠢ ᠠᠳᠠᠯᠢ ᠠᠮᠠᠷᠬᠠᠨ ᠪᠤᠯᠵᠠᠢ︾ ᠭᠡᠵᠦ ᠬᠢᠩᠭᠠᠨ ᠠᠶᠢᠮᠠᠭ ᠤᠨ ᠵᠠᠯᠠᠶᠢᠳ | ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ ᠲᠤ ᠰᠠᠶ᠋ᠢᠬᠠᠨ ᠭᠠᠷ ᠬᠦᠢᠴᠡᠳᠭᠡᠯ ᠢᠶᠠᠨ | ᠬᠦᠢᠴᠡᠳᠭᠡᠭᠰᠡᠨ ᠶᠢᠨ ᠪᠠᠢ ᠰᠦᠢ ᠠᠮᠦ ᠲᠤᠰᠤᠨ ᠤ ᠬᠢᠵᠠᠭᠠᠷᠳᠦ ᠺᠤᠮᠫᠠᠨᠢ ᠶᠢᠨ ᠨᠢᠭᠳᠠᠯᠠᠨ ᠪᠤᠳᠤᠭᠴᠢ ᠪᠠᠢ ᠯᠢ ᠫᠢᠩ | ᠪᠠᠶᠠᠷᠯᠠᠨ ᠬᠡᠯᠡᠨ᠎ᠡ᠃ | ᠪᠠᠢ ᠯᠢ ᠫᠢᠩ ᠤᠨ ᠲᠦᠬᠦᠮ ᠲᠦᠳᠡ ᠦᠢᠯᠡᠴᠢᠯᠡᠭᠡ ᠬᠦᠷᠳᠡᠭᠰᠡᠨ ᠨᠢ ᠵᠠᠯᠠᠶᠢᠳ ᠬᠤᠰᠢᠭᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠳᠠ ᠶᠢᠨ ᠬᠠᠮᠢᠶᠠᠷᠤᠯᠳᠠ ᠶᠢᠨ ᠲᠤᠪᠴᠢᠶ᠎ᠠ ᠠᠴᠠ ᠠᠵᠤ | ᠠᠬᠤᠶᠢᠯᠠᠯ ᠳᠤ ᠬᠤᠯᠪᠣᠭᠳᠠᠬᠤ 123 ᠵᠦᠢᠯ ᠤᠨ ᠥᠨᠳᠥᠷ ᠲᠠᠪᠳᠠᠮᠵᠢᠳᠤ ᠵᠦᠢᠯᠡᠰ ᠤᠨ ᠨᠠᠷᠢᠨ ᠲᠠᠩᠰᠠ ᠶᠢ | ᠡᠮᠬᠢᠯᠡᠨ ᠭᠠᠷᠭᠠᠵᠤ᠂ ᠠᠵᠤ ᠠᠬᠤᠶᠢᠯᠠᠯ ᠳᠤ ᠬᠤᠯᠪᠣᠭᠳᠠᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ | ᠲᠦᠷᠦᠯ ᠵᠦᠢᠯ ᠢ ᠬᠦᠢᠴᠡᠳᠭᠡᠬᠦ ᠦᠶᠡᠰ ᠨᠢᠭᠡ ᠤᠳᠠᠭ᠎ᠠ ᠳᠤ ᠮᠡᠳᠡᠭᠳᠡᠬᠦ᠂ ᠨᠢᠭᠡ ᠬᠦᠰᠦᠨᠦᠭᠲᠦ ᠪᠠᠷ ᠭᠤᠶᠤᠴᠢᠯᠠᠬᠤ᠂ | ᠨᠢᠭᠡ ᠢᠵᠢ ᠮᠠᠲ᠋ᠧᠷᠢᠶᠠᠯ᠂ ᠨᠢᠭᠡ ᠴᠤᠩᠬᠤᠪᠴᠢ ᠪᠠᠷ ᠬᠦᠯᠢᠶᠡᠨ ᠠᠪᠴᠦ ᠰᠶᠢᠳᠪᠦᠷᠢᠯᠡᠬᠦ᠂ ᠨᠢᠭᠡ ᠰᠦᠯᠵᠢᠶ᠎ᠡ ᠪᠠᠷ | ᠬᠦᠢᠴᠡᠳᠭᠡᠬᠦ ︽ᠲᠠᠪᠤᠨ ᠨᠢᠭᠡ︾ ᠶᠢᠨ ᠦᠢᠯᠡᠴᠢᠯᠡᠭᠡᠨ ᠤ ᠵᠠᠭᠪᠤᠷ ᠢ ᠬᠡᠷᠡᠭᠯᠡᠪᠡ᠃ ᠰᠠᠯᠠᠭ᠎ᠠ ᠮᠥᠴᠢᠷ ᠬᠠᠮᠲᠤᠷᠠᠨ | ᠬᠠᠮᠵᠢᠯᠴᠠᠨ ᠭᠦᠢᠴᠡᠳᠭᠡᠬᠦ᠂ ᠰᠦᠯᠵᠢᠶᠡᠨ ᠳᠡᠭᠡᠷ᠎ᠡ ᠪᠠ ᠪᠤᠳᠠᠳᠤ ᠴᠤᠭᠴᠠ ᠶᠢ ᠨᠢᠭᠡ ᠴᠣᠠᠠᠴᠠᠵᠢᠭᠤᠯᠥᠨ | ᠬᠦᠢᠴᠡᠳᠭᠡᠬᠦ᠂ ᠦᠢᠯᠡᠴᠢᠯᠡᠭᠡᠨ ᠤ ᠬᠡᠪᠴᠢᠶ᠎ᠡ ᠶᠢ ᠦᠷᠭᠡᠳᠭᠡᠨ ᠦᠨᠳᠦᠷ ᠪᠦᠳᠦᠮᠵᠢᠳᠡᠢ ᠪᠠᠷ ᠬᠦᠢᠴᠡᠳᠭᠡᠬᠦ ᠵᠡᠷᠭᠡ | ᠠᠷᠭ᠎ᠠ ᠮᠠᠶ᠋ᠢᠭ ᠢᠶᠠᠷ ᠲᠠᠮᠵᠢᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠠᠭ ᠢ ᠪᠠᠭᠠᠰᠬᠠᠬᠤ᠂ ᠠᠯᠬᠤᠮ | ᠲᠠᠷᠠᠭ᠎ᠠ ᠶᠢ ᠲᠦᠬᠦᠮᠴᠢᠯᠡᠬᠦ᠂ ᠮᠠᠲ᠋ᠧᠷᠢᠶᠠᠯ ᠢ ᠪᠠᠭᠠᠰᠬᠠᠬᠤ᠂ ᠤᠯᠠᠨ ᠤᠳᠠᠭ᠎ᠠ ᠬᠦᠶᠦᠯᠭᠡᠬᠦ ᠦᠭᠡᠢ ᠪᠠᠶᠢᠬᠤ ᠶᠢ ᠶᠡᠭᠡᠪᠡᠷ | ᠠᠬᠢᠭᠤᠯᠵᠦ᠂ ᠦᠢᠯᠡᠴᠢᠯᠡᠭᠡᠨ ᠤ ᠲᠦᠷᠦᠯ ᠵᠦᠢᠯ ᠢ ︽ᠨᠢᠭᠡ ᠦᠷᠳᠡᠭᠡᠨ ᠤ ᠮᠠᠶ᠋ᠢᠭ︾ ᠢᠶᠠᠷ ᠬᠦᠢᠴᠡᠳᠭᠡᠬᠦ ᠶᠢ | ᠪᠡᠶᠡᠯᠡᠬᠦᠯᠪᠡ᠃ | ᠣᠳᠣᠬᠠᠨ ᠳᠤ᠂ ᠬᠢᠩᠭᠠᠨ ᠠᠶᠢᠮᠠᠭ ᠤᠨ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠦᠪ ᠪᠦᠬᠦ ᠲᠠᠯ᠎ᠠ᠂ ᠤᠯᠠᠨ ᠶᠠᠩᠵᠦ᠂ ᠪᠦᠬᠦ ᠶᠠᠪᠤᠴᠠ ᠶᠢᠨ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ | ᠪᠣᠳᠣᠯᠭ᠎ᠠ ᠶᠢᠨ ᠦᠢᠯᠡᠴᠢᠯᠡᠭᠡᠨ ᠤ ᠲᠤᠰᠬᠠᠶ ᠣᠷᠣᠨ ᠪᠠᠶᠢᠭᠤᠯᠵᠤ᠂ ᠠᠵᠦ ᠠᠬᠤᠶᠢᠯᠠᠯ ᠳᠤ ᠦᠢᠯᠡᠴᠢᠯᠡᠬᠦ 159 | ᠦᠢᠯᠡᠴᠢᠯᠡᠭᠡᠨ ᠤ ᠡᠩᠨᠡᠭᠡ ᠪᠠᠶᠢᠭᠤᠯᠤᠨ᠂ ᠠᠵᠦ ᠠᠬᠤᠶᠢᠯᠠᠯ ᠳᠤ ᠬᠤᠯᠪᠤᠭᠳᠠᠬᠤ ᠦᠢᠯᠡᠴᠢᠯᠡᠭᠡᠨ ᠤ ᠦᠢᠯᠡᠰ ᠢ | ᠡᠮᠬᠢᠯᠡᠨ ᠲᠢᠭᠯᠡᠵᠦ᠂ ᠨᠡᠶᠢᠳᠡ 31616 ᠵᠦᠢᠯ ᠢ ᠭᠦᠢᠴᠡᠳᠭᠡᠭᠰᠡᠨ ᠪᠠᠶᠢᠨ᠎ᠠ᠃ ᠬᠢᠩᠭᠠᠨ ᠠᠶᠢᠮᠠᠭ ᠪᠠᠰᠠ ᠪᠦᠬᠦ | ᠠᠶᠢᠮᠠᠭ ᠤᠨ ᠦᠨᠳᠦᠰᠦᠨ ᠱᠠᠳᠤᠨ ᠤ ᠨᠠᠮ ᠤᠨ ᠭᠡᠰᠢᠬᠦᠨ ᠤᠯᠠᠨ ᠲᠦᠮᠡᠨ ᠳᠤ ᠦᠢᠯᠡᠴᠢᠯᠡᠬᠦ ᠲᠦᠪ ᠲᠤ ᠲᠦᠰᠢᠭᠯᠡᠨ | ᠠᠷᠠᠳ ᠲᠤ ᠲᠦᠬᠦᠮ ᠦᠵᠡᠬᠦᠯᠬᠦ ᠦᠢᠯᠡᠴᠢᠯᠡᠭᠡᠨ ᠤ ᠲᠦᠪ ᠢ 70 ᠪᠠᠶᠢᠭᠤᠯᠵᠦ᠂ ᠠᠷᠠᠳ ᠲᠤ ᠲᠦᠬᠦᠮ ᠦᠵᠡᠬᠦᠯᠬᠦ | ᠦᠢᠯᠡᠴᠢᠯᠡᠭᠡᠨ ᠤ ᠦᠷᠳᠡᠭᠡ ᠶᠢ 1012 ᠪᠠᠶᠢᠭᠤᠯᠵᠦ᠂ ᠬᠠᠪᠰᠤᠷᠴᠦ ᠤᠷᠤᠯᠠᠨ ᠬᠦᠢᠴᠡᠳᠭᠡᠬᠦ ᠴᠤᠩᠬᠤᠪᠴᠢ ᠶᠢ | 1145 ᠲᠤᠬᠢᠷᠠᠭᠤᠯᠵᠦ᠂ ᠣᠷᠣᠯᠠᠨ ᠭᠦᠢᠴᠡᠳᠭᠡᠬᠦ ᠠᠵᠢᠯᠲᠠᠨ 6090 ᠬᠥᠮᠦᠨ ᠪᠠᠶᠢᠵᠤ᠂ ᠠᠵᠤ ᠠᠬᠤᠶᠢᠯᠠᠯ | ᠣᠯᠠᠨ ᠲᠦᠮᠡᠨ ᠳᠤ ᠬᠠᠪᠰᠤᠷᠴᠦ ᠣᠷᠣᠯᠠᠨ ᠭᠦᠢᠴᠡᠳᠭᠡᠬᠦ ᠦᠢᠯᠡᠴᠢᠯᠡᠭᠡ ᠶᠢ 17 ᠲᠦᠮᠡ ᠭᠠᠷᠤᠶ ᠬᠠᠩᠭᠠᠵᠠᠢ᠃ | ᠡᠨᠡ ᠵᠢᠯ᠂ ᠬᠢᠩᠭᠠᠨ ᠠᠶᠢᠮᠠᠭ ᠪᠠᠰᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ | ᠤᠲᠠᠰᠤᠨ ᠤ ︽12345︾ ᠠᠵᠦ ᠠᠬᠤᠶᠢᠯᠠᠯ ᠳᠤ ᠦᠢᠯᠡᠴᠢᠯᠡᠬᠦ ᠴᠢᠳᠠᠮᠵᠢ ᠶᠢ ᠤᠯᠠᠮ ᠨᠢᠭᠡ ᠠᠯᠬᠤᠮ | ᠲᠡᠬᠦᠯᠳᠡᠷᠵᠢᠬᠦᠯᠵᠦ᠂ ︽ᠮᠧᠩ ᠴᠢ ᠲᠦᠩ︾ ᠲᠠᠪᠴᠠᠩ ᠪᠤᠯᠤᠨ ︽12345︾ ᠲᠠᠪᠴᠠᠩ ᠲᠠᠢ ᠰᠤᠷᠠᠭ | ᠵᠠᠩᠬᠢ ᠶᠢ ᠬᠠᠮᠳᠦᠪᠡᠷ ᠡᠳ᠋ᠯᠡᠬᠦ ᠶᠢ ᠲᠦᠯᠬᠢᠨ ᠠᠬᠢᠭᠤᠯᠵᠦ᠂ ᠠᠵᠤ ᠠᠬᠤᠶᠢᠯᠠᠯ ᠤᠨ ᠲᠤᠰᠬᠠᠭᠰᠠᠨ ᠠᠰᠠᠭᠤᠳᠠᠯ ᠪᠠ | ᠬᠦᠰᠡᠯ ᠱᠠᠭᠠᠷᠳᠠᠯᠭ᠎ᠠ ᠶᠢ ᠴᠠᠭ ᠲᠤᠬᠠᠶ ᠳᠤᠨᠢ ᠭᠥᠯᠢᠶᠡᠨ ᠠᠪᠴᠤ ᠰᠶᠢᠳᠪᠦᠷᠢᠯᠡᠵᠦ ᠪᠤᠢ᠃ | ᠠᠵᠤ ᠠᠬᠤᠶᠢᠯᠠᠯ ᠢ ᠬᠠᠪᠰᠤᠷᠤᠨ ᠬᠦᠭᠵᠢᠯᠳᠡ ᠶᠢᠨ ᠵᠠᠮ ᠢ ᠡᠷᠢᠯᠬᠢᠯᠡᠨ᠎ᠡ | ︽ᠬᠢᠩᠭᠠᠨ ᠠᠶᠢᠮᠠᠭ ᠤᠨ ᠠᠵᠤ ᠠᠬᠤᠢ ᠮᠡᠷᠭᠡᠵᠢᠯ ᠤᠨ ᠨᠡᠭᠡᠭᠡᠯᠳᠡ ᠶᠢᠨ ᠤᠷᠤᠨ ᠤ ᠠᠵᠢᠯᠳᠡᠳ ᠮᠠᠨ ᠤ | ᠤᠷᠤᠨ ᠠᠴᠠ ᠭᠠᠳᠠᠨᠠᠬᠢ ᠵᠠᠬ᠎ᠠ ᠲᠡᠯᠭᠡᠬᠦᠷ ᠢ ᠦᠷᠭᠡᠳᠭᠡᠬᠦ ᠳᠤ ᠬᠦᠴᠢᠷᠳᠡᠯ ᠲᠤᠯᠭᠠᠷᠠᠵᠦ ᠪᠠᠶᠢᠬᠤ ᠪᠠᠶᠢᠳᠠᠯ ᠢ | ᠤᠶᠢᠯᠠᠭᠠᠭᠰᠠᠨ ᠤ ᠲᠠᠷᠠᠭ᠎ᠠ ᠨᠡᠭᠡᠭᠡᠯᠳᠡ ᠶᠢᠨ ᠤᠷᠤᠨ ᠠᠴᠠ ᠲᠤᠰᠬᠠᠢ ᠠᠩᠬᠢ ᠪᠠᠶᠢᠭᠤᠯᠤᠨ᠂ ︿ᠠᠵᠤ ᠠᠬᠤᠶᠢᠯᠠᠯ ᠤᠨ | ᠲᠠᠨᠢᠯᠴᠠᠭᠤᠯᠭ᠎ᠠ ᠶᠢᠨ ᠪᠢᠴᠢᠭ﹀ ᠢ ᠠᠪᠴᠤ ᠪᠢᠳᠡᠨ ᠲᠠᠢ ᠬᠠᠮᠲᠤ ᠪᠦᠬᠦ ᠤᠯᠤᠰ ᠢᠶᠠᠷ ᠶᠠᠪᠤᠵᠤ᠂ ᠤᠯᠠᠨ ᠠᠵᠤ | ᠠᠬᠤᠶᠢᠯᠠᠯ ᠲᠠᠢ ᠤᠨᠢᠨ ᠳᠡᠭᠡᠷ᠎ᠡ ᠨᠢ ᠵᠣᠯᠭᠠᠭᠤᠯᠵᠤ᠂ ᠪᠢᠳᠡᠨ ᠢ ᠬᠠᠪᠰᠤᠷᠤᠨ ᠰᠢᠨ᠎ᠡ ᠵᠠᠬ᠎ᠠ ᠳᠡᠯᠭᠡᠭᠦᠷ ᠢ ᠨᠡᠭᠡᠭᠡᠨ | ᠥᠭᠴᠡᠢ︾ ᠭᠡᠵᠦ ᠬᠢᠩᠭᠠᠨ ᠠᠶᠢᠮᠠᠭ ᠤᠨ ᠳ᠋ᠠ ᠶᠢᠨ ᠬᠦᠨᠳᠦ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ | ᠬᠥᠮᠦᠨ ᠤ ᠬᠦᠴᠦᠨ ᠤ ᠡᠬᠢ ᠪᠠᠶᠠᠯᠢᠭ ᠤᠨ ᠶᠡᠷᠦᠩᠬᠡᠢ ᠬᠢᠨᠠᠭᠴᠢ ᠰᠦᠨ ᠯᠢ ᠫᠢᠩ ᠰᠡᠳᠭᠢᠯ ᠲᠤᠭᠳᠤᠯᠤᠨ ᠬᠡᠯᠡᠪᠡ᠃ | ᠡᠶᠢᠮᠦᠷᠭᠦᠦ ᠠᠵᠢᠯᠯᠠᠭ᠎ᠠ ᠶᠢ ᠬᠢᠩᠭᠠᠨ ᠠᠶᠢᠮᠠᠭ ᠤᠨ ᠠᠵᠦ ᠠᠬᠤᠢ ᠮᠡᠷᠭᠡᠵᠢᠯ ᠤᠨ ᠨᠡᠭᠡᠭᠡᠯᠳᠡ ᠶᠢᠨ | ᠤᠷᠤᠨ ᠠᠯᠢ ᠤᠯᠠᠨ ᠶᠠᠪᠤᠭᠳᠠᠭᠤᠯᠪᠠ᠃ ᠬᠤᠳᠠᠯᠳᠤᠭᠠᠴᠢᠨ ᠤᠷᠢᠬᠤ ᠲᠤᠰᠬᠠᠢ ᠪᠦᠯᠬᠦᠮ ᠢ ᠪᠠᠶᠢᠭᠤᠯᠤᠨ 29 | ᠤᠳᠠᠭ᠎ᠠ ᠭᠠᠳᠠᠭᠰᠢ ᠭᠠᠷᠴᠦ᠂ ᠠᠵᠦ ᠦᠢᠯᠡᠰ ᠤᠨ ᠬᠡᠯᠬᠢᠶ᠎ᠡ ᠲᠠᠢ ᠵᠤᠬᠢᠴᠠᠯᠳᠤᠭᠰᠠᠨ 90 ᠲᠦᠷᠦᠯ ᠵᠦᠢᠯ ᠢ ᠤᠨᠢᠨ | ᠲᠡᠭᠡᠷ᠎ᠠ ᠨᠢ ᠵᠤᠯᠭᠠᠭᠤᠯᠵᠦ᠂ ᠠᠵᠦ ᠠᠬᠤᠶᠢᠯᠠᠯ ᠢ ᠬᠠᠪᠰᠤᠷᠤᠨ 9 ᠳ᠋ᠦᠩᠰᠢᠭᠤᠷ ᠲᠦᠭᠦᠷᠢᠭ ᠤᠨ ᠰᠠᠯᠬᠢᠨ | ᠬᠦᠴᠦᠨ ᠤ ᠮᠠᠰᠢᠨ ᠤ ᠵᠠᠬᠢᠶᠠᠯᠠᠭ᠎ᠠ ᠶᠢ ᠵᠤᠬᠢᠴᠠᠭᠤᠯᠤᠨ ᠦᠭᠪᠡ᠃ ︽ᠵᠠᠬᠢᠶᠠᠯᠠᠭ᠎ᠠ ᠶᠢᠨ ᠬᠠᠭᠤᠳᠠᠰᠦ ᠶᠢ ᠬᠦᠯᠢᠶᠡᠵᠦ | ᠰᠠᠭᠤᠬᠤ︾ ᠠᠴᠠ ︽ᠰᠠᠨᠠᠭᠠᠴᠢᠯᠠᠭ᠎ᠠ ᠠᠴᠠ ᠪᠠᠨ ᠵᠠᠬ᠎ᠠ ᠲᠡᠯᠭᠡᠬᠦᠷ ᠢ ᠦᠷᠭᠡᠳᠭᠡᠬᠦ︾ ᠪᠤᠯᠳᠠᠯ᠎ᠠ᠂ ᠬᠢᠩᠭᠠᠨ ᠠᠶᠢᠮᠠᠭ | ᠠᠵᠦ ᠠᠬᠤᠶᠢᠯᠠᠯ ᠢ ᠲᠤᠰᠠᠯᠠᠬᠤ ᠠᠵᠢᠯᠯᠠᠭ᠎ᠠ ᠪᠠᠷ ᠵᠠᠬ᠎ᠠ ᠲᠡᠯᠭᠡᠬᠦᠷ ᠤᠨ ᠲᠦᠭᠵᠢᠷᠡᠯ ᠢ ᠨᠡᠪᠳᠡᠷᠡᠬᠦᠯᠵᠦ᠂ ᠲᠦᠷᠦ ᠶᠢᠨ | ᠪᠤᠳᠤᠯᠭ᠎ᠠ᠂ ᠲᠠᠪᠴᠠᠩ᠂ ᠦᠢᠯᠡᠴᠢᠯᠡᠭᠡ ᠵᠡᠷᠭᠡ ᠪᠠᠷ ᠪᠤᠳᠠᠳᠦ ᠴᠤᠭᠴᠠ ᠶᠢᠨ ᠠᠵᠦ ᠠᠬᠤᠢ ᠶᠢᠨ ᠬᠦᠭᠵᠢᠯᠳᠡ ᠳᠤ | ᠬᠦᠴᠦᠷᠭᠡᠭ ᠶᠡᠭᠡ ᠬᠦᠳᠡᠯᠭᠡᠬᠦ ᠬᠦᠴᠦᠨ ᠨᠡᠮᠡᠷᠢᠯᠡᠪᠡ᠃ | ᠡᠮᠦᠨᠡᠭᠡᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠳᠡ | ᠬᠠᠮᠢᠶᠠᠷᠤᠯᠳᠠ ᠶᠢᠨ ᠲᠤᠪᠴᠢᠶ᠎ᠠ ᠶᠢᠨ ᠠᠵᠦ ᠠᠬᠤᠶᠢᠯᠠᠯ ᠢ ᠲᠤᠰᠠᠯᠠᠬᠤ ᠲᠤᠰᠬᠠᠢ ᠪᠦᠯᠬᠦᠮ ᠤᠨ ᠬᠢᠨ | ᠤᠷᠢᠳᠴᠢᠯᠠᠭᠰᠠᠨ ᠦᠢᠯᠡᠴᠢᠯᠡᠭᠡ ᠬᠠᠩᠭᠠᠬᠤ᠂ ᠲᠦᠷᠦ ᠶᠢᠨ ᠪᠤᠳᠤᠯᠭ᠎ᠠ ᠶᠢᠨ ᠲᠠᠶᠢᠯᠪᠤᠷᠢᠯᠠᠯᠳᠠ ᠬᠢᠬᠦ ᠵᠡᠷᠭᠡ ᠠᠷᠭ᠎ᠠ | ᠬᠡᠯᠪᠡᠷᠢ ᠪᠠᠷ ᠠᠵᠦ ᠠᠬᠤᠶᠢᠯᠠᠯ ᠳᠤ ᠵᠠᠰᠠᠭ ᠤᠨ ᠤᠷᠳᠤᠨ ᠤ ᠬᠠᠶᠢᠷ᠎ᠠ ᠬᠠᠯᠠᠮᠵᠢ ᠶᠢ ᠦᠨᠡᠨᠬᠦ ᠬᠦᠷᠳᠡᠭᠡᠪᠡ᠃ | ︽ᠶᠠᠭᠤᠨ ᠤ ᠡᠮᠦᠨ᠎ᠡ ᠥᠪᠡᠷ ᠤᠨ ᠪᠦᠲᠦᠭᠡᠭᠳᠡᠬᠦᠨ ᠤ ᠪᠠᠨ ᠣᠷᠣᠨ ᠪᠠᠶᠢᠷᠢ ᠪᠠ ᠬᠠᠷᠠᠯᠲᠠᠲᠤ ᠵᠠᠬ᠎ᠠ | ᠳᠡᠯᠭᠡᠭᠦᠷ ᠢ ᠲᠤᠳᠤᠷᠬᠠᠢ ᠪᠤᠯᠭᠠᠵᠦ᠂ ᠳᠠᠷᠠᠭ᠎ᠠ ᠨᠢ ᠥᠷᠢᠰᠥᠯᠳᠦᠭᠴᠢ ᠠᠵᠦ ᠠᠬᠤᠶᠢᠯᠠᠯ ᠤᠨ ᠪᠦᠳᠦᠭᠡᠭᠳᠡᠬᠦᠨ ᠤ | ᠪᠠᠶᠢᠷᠢᠯᠠᠭᠤᠯᠤᠯᠳᠠ ᠶᠢᠨ ᠪᠠᠶᠢᠳᠠᠯ ᠢ ᠵᠠᠳᠠᠯᠤᠨ ᠰᠢᠨᠵᠢᠯᠡᠵᠦ᠂ ᠳᠠᠬᠢᠭᠠᠳ ᠭᠤᠣᠯᠯᠠᠬᠤ ᠪᠦᠲᠦᠭᠡᠭᠳᠡᠬᠦᠨ ᠵᠡᠷᠭᠡ ᠣᠯᠠᠨ | ᠲᠠᠯ᠎ᠠ ᠠᠴᠠ ᠪᠦᠳᠦᠭᠡᠭᠳᠡᠬᠦᠨ ᠤ ᠲᠥᠷᠥᠯ ᠢᠯᠭᠠᠯ ᠪᠠ ᠬᠦᠷᠢᠶ᠎ᠡ ᠬᠡᠪᠴᠢᠶ᠎ᠡ ᠶᠢ ᠪᠣᠳᠣᠯᠬᠢᠯᠠᠬᠤ ᠬᠡᠷᠡᠭᠲᠡᠶ︾ ᠭᠡᠵᠦ | ᠬᠢᠩᠭᠠᠨ ᠠᠶᠢᠮᠠᠭ ᠤᠨ ᠫᠢᠨ ᠷᠦᠢ ᠲᠠᠷᠢᠶᠠᠯᠠᠩ ᠤᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠳᠤᠷᠠᠳᠤᠭᠰᠠᠨ | ᠠᠰᠠᠭᠤᠳᠠᠯ ᠳᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠳᠡ | ᠬᠠᠮᠢᠶᠠᠷᠤᠯᠳᠠ ᠶᠢᠨ ᠲᠤᠪᠴᠢᠶ᠎ᠠ ᠶᠢᠨ ᠠᠵᠢᠯᠳᠠᠨ ᠨᠠᠷᠢᠨ ᠨᠢᠮᠪᠠᠢ ᠲᠠᠶᠢᠯᠪᠤᠷᠢᠯᠠᠯᠳᠠ ᠬᠢᠨ᠎ᠡ᠃ | ︽ᠥᠨᠥᠳᠦᠷ ᠤᠨ ᠲᠠᠶᠢᠯᠪᠤᠷᠢᠯᠠᠯᠳᠠ ᠨᠢ ᠮᠠᠨ ᠤ ᠠᠵᠦ ᠠᠬᠤᠶᠢᠯᠠᠯ ᠳᠤ ᠮᠡᠳᠡᠯᠭᠡ ᠶᠢᠨ ᠥᠮᠴᠢᠯᠡᠬᠦ | ᠡᠷᠬᠡ ᠶᠢᠨ ᠴᠢᠬᠤᠯᠠ ᠴᠢᠨᠠᠷ ᠢ ᠰᠠᠶᠢᠳᠤᠷ ᠣᠶᠢᠯᠠᠭᠠᠭᠤᠯᠵᠤ᠂ ᠵᠠᠬ᠎ᠠ ᠳᠡᠯᠭᠡᠭᠦᠷ ᠤᠨ ᠬᠠᠮᠠᠭᠠᠯᠠᠯᠲᠠ᠂ ᠲᠠᠸᠠᠷ ᠤᠨ | ᠲᠡᠮᠳᠡᠭ ᠤᠨ ᠬᠠᠮᠠᠭᠠᠯᠠᠯᠲᠠ ᠵᠢᠴᠢ ᠦᠢᠯᠡᠳᠬᠦᠨ ᠤ ᠳᠡᠯᠭᠡᠷᠡᠭᠦᠯᠦᠯᠲᠡ ᠶᠢᠨ ᠲᠠᠯ᠎ᠠ ᠪᠠᠷ ᠴᠦᠮ ᠴᠢᠬᠤᠯᠠ ᠠᠴᠢ | ᠬᠤᠯᠪᠤᠭᠳᠠᠯ ᠲᠠᠢ ᠶᠤᠮ︾ ᠭᠡᠵᠦ ᠬᠢᠩᠭᠠᠨ ᠠᠶᠢᠮᠠᠭ ᠤᠨ ᠫᠢᠨ ᠷᠦᠢ ᠲᠠᠷᠢᠶᠠᠯᠠᠩ ᠤᠨ ᠬᠦᠭᠵᠢᠯᠳᠡ ᠶᠢᠨ ᠬᠢᠵᠠᠭᠠᠷᠳᠦ | ᠺᠤᠮᠫᠠᠨᠢ ᠶᠢᠨ ᠶᠡᠷᠦᠩᠭᠡᠢ ᠲᠠᠭᠠᠭᠠᠮᠠᠯ ᠹᠧᠩ ᠷᠦᠢ ᠫᠧᠩ ᠬᠡᠯᠡᠨ᠎ᠡ᠃ | ᠮᠦᠩᠬᠦᠨ ᠬᠦᠢᠯᠭᠡᠭᠡᠨ ᠤ ᠲᠡᠮᠵᠢᠯᠭᠡ ᠬᠠᠩᠭᠠᠨ ᠬᠦᠴᠢᠷᠳᠡᠯ ᠢ ᠰᠶᠢᠳᠪᠦᠷᠢᠯᠡᠨ᠎ᠡ | ᠴᠠᠭᠠᠨ ᠰᠠᠷ᠎ᠠ ᠥᠩᠭᠡᠷᠡᠭᠰᠡᠨ ᠤ ᠲᠠᠷᠠᠭ᠎ᠠ᠂ ᠬᠢᠩᠭᠠᠨ ᠠᠶᠢᠮᠠᠭ ᠤᠨ ᠷᠠᠰᠢᠶᠠᠨ ᠬᠤᠳᠠ ᠶᠢᠨ 1428 | ᠨᠡᠷᠡᠰ ︽ᠬᠠᠨᠳᠤᠯᠭ᠎ᠠ ᠲᠠᠢ ᠲᠠᠭᠠᠭᠠᠴᠢᠯᠠᠨ ᠬᠠᠷᠢᠯᠴᠠᠬᠤ ᠺᠠᠳ᠋ᠷ︾ ᠠᠴᠠ ︽ᠲᠦᠷᠦ ᠶᠢᠨ ᠪᠤᠳᠤᠯᠭ᠎ᠠ ᠶᠢᠨ ᠪᠡᠯᠡᠭ︾ | ᠢᠶᠠᠨ ᠠᠪᠴᠦ ᠠᠵᠦ ᠠᠬᠤᠶᠢᠯᠠᠯ ᠵᠢᠴᠢ ᠬᠤᠪᠢ ᠶᠢᠨ ᠡᠵᠡᠩᠨᠡᠭᠴᠢᠳ ᠤᠨ ᠬᠦᠴᠢᠷᠳᠡᠯ ᠢ ᠰᠶᠢᠳᠪᠦᠷᠢᠯᠡᠬᠦ ᠵᠠᠮ ᠢᠶᠠᠨ | ᠡᠯᠬᠦᠪᠡ᠃ | ︽ᠪᠡᠯᠡ ᠮᠦᠩᠬᠦ ᠲᠤᠳᠠᠭᠳᠠᠵᠦ ᠪᠠᠶᠢᠬᠤ ᠠᠰᠠᠭᠤᠳᠠᠯ ᠢᠶᠠᠨ ᠬᠠᠷᠢᠭᠤ ᠲᠤᠰᠬᠠᠬᠤ ᠠᠴᠠ ᠵᠢᠭᠡᠯᠡᠯᠭᠡ ᠶᠢᠨ | ᠮᠦᠩᠬᠦ ᠤᠯᠬᠤ ᠪᠤᠯᠳᠠᠯ᠎ᠠ᠂ ᠵᠠᠰᠠᠭ ᠤᠨ ᠤᠷᠳᠤᠨ ᠤ ᠰᠠᠯᠠᠭ᠎ᠠ ᠮᠦᠴᠢᠷ ᠬᠢᠭᠡᠳ ᠪᠠᠩᠬᠢ ᠠᠴᠠ ᠨᠠᠳᠠ ᠳᠤ ︿ᠰᠢᠭᠤᠳ | ᠨᠡᠪᠳᠡᠷᠡᠬᠦ ᠵᠠᠮ﹀ ᠨᠡᠭᠡᠭᠡᠨ ᠦᠭᠴᠡᠢ︾ ᠭᠡᠵᠦ ᠷᠠᠰᠢᠶᠠᠨ ᠬᠤᠳᠠ ᠶᠢᠨ ᠰᠢᠶᠤᠤ ᠵᠢᠩ ᠶᠡᠷᠦᠩᠭᠡᠶᠢᠯᠡᠭᠰᠡᠨ | ᠲᠡᠯᠭᠡᠬᠦᠷ ᠤᠨ ᠡᠵᠡᠩᠨᠡᠭᠴᠢ ᠪᠠᠶᠠᠷᠯᠠᠨ ᠬᠡᠯᠡᠵᠦ ᠪᠠᠶᠢᠯ᠎ᠠ᠃ | ᠰᠢᠶᠤᠤ ᠵᠢᠩ ᠤᠨ ᠪᠠᠶᠢᠳᠠᠯ ᠨᠢ ᠷᠠᠰᠢᠶᠠᠨ ᠬᠤᠳᠠ ᠶᠢᠨ ᠤᠯᠠᠨ ᠡᠰᠢᠲᠦ ᠪᠡᠯᠡ ᠮᠥᠩᠭᠦ ᠴᠤᠭᠯᠠᠭᠤᠯᠤᠨ | ᠠᠵᠦ ᠠᠬᠤᠶᠢᠯᠠᠯ ᠢ ᠲᠤᠰᠠᠯᠠᠬᠤ ᠠᠵᠢᠯᠯᠠᠭ᠎ᠠ ᠦᠷᠨᠢᠬᠦᠯᠦᠭᠰᠡᠨ ᠤ ᠳᠠᠷᠠᠭ᠎ᠠ ᠢᠯᠡᠷᠡᠭᠰᠡᠨ ᠰᠢᠨ᠎ᠠ ᠬᠤᠪᠢᠷᠠᠯᠳᠠ ᠶᠢᠨ | ᠬᠤᠷᠢᠶᠠᠩᠭᠤᠢ ᠲᠦᠷᠰᠦ ᠪᠤᠯᠤᠨ᠎ᠠ᠃ ᠷᠠᠰᠢᠶᠠᠨ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠦᠪᠯᠡᠯ ᠤᠨ ᠠᠵᠢᠯᠳᠠᠳ ᠬᠤᠳᠠᠯᠳᠤᠭᠠᠴᠢᠨ ᠡᠷᠦᠭᠡ ᠪᠠᠷ ᠬᠦᠨᠵᠡᠭᠡᠶᠢᠷᠡᠨ ᠬᠦᠰᠡᠯ ᠱᠠᠭᠠᠷᠳᠠᠯᠭ᠎ᠠ ᠶᠢ ᠤᠶᠢᠯᠠᠭᠠᠭᠰᠠᠨ ᠤ | ᠲᠠᠷᠠᠭ᠎ᠠ᠂ ᠲᠡᠷᠡ ᠳᠠᠷᠤᠶ ᠳᠤᠨᠢ ᠷᠠᠰᠢᠶᠠᠨ ᠬᠤᠲᠠ ᠶᠢᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠠᠯᠠ | ᠳᠣᠭᠢᠷᠠᠭᠤᠯᠬᠤ ᠠᠵᠢᠯ ᠤᠨ ᠲᠤᠰᠬᠠᠶ ᠠᠩᠭᠢ ᠳᠤ ᠮᠡᠳᠡᠭᠦᠯᠵᠦ᠂ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ | ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠪᠠᠯᠠ ᠳᠣᠭᠢᠷᠠᠭᠤᠯᠬᠤ ᠬᠡᠷᠡᠭᠴᠡᠭᠡ ᠶᠢ ᠣᠯᠤᠭᠰᠠᠨ ᠤ ᠳᠠᠷᠠᠭ᠎ᠠ᠂ ᠰᠠᠭᠠᠳ | ᠥᠬᠡᠶ ᠨᠡᠪᠲᠡᠷᠡᠬᠦ ᠵᠠᠮ ᠢ ᠲᠦᠷᠭᠡᠨ ᠨᠡᠭᠡᠭᠡᠵᠦ᠂ ᠵᠢᠵᠢᠭ ᠪᠢᠴᠢᠯ ᠠᠵᠦ ᠠᠬᠤᠶᠢᠯᠠᠯ ᠢ ᠵᠢᠭᠡᠯᠡᠯᠭᠡ ᠬᠦᠯᠢᠶᠡᠬᠦ ᠦᠭᠡᠢ | ᠪᠤᠯᠭᠠᠵᠠᠢ᠃ | ︽ᠵᠢᠭᠡᠯᠡᠯᠭᠡ ᠶᠢᠨ ᠮᠦᠩᠬᠦ ᠭᠤᠶᠤᠴᠢᠯᠠᠭᠰᠠᠨ ᠠᠴᠠ ᠠᠪᠤᠭᠠᠳ 300 ᠲᠦᠮᠡᠨ ᠲᠦᠭᠦᠷᠢᠭ ᠤᠨ | ᠵᠢᠭᠡᠯᠡᠯᠭᠡ ᠶᠢᠨ ᠮᠦᠩᠬᠦ ᠺᠠᠷᠲ ᠲᠤ ᠤᠷᠤᠵᠦ ᠢᠷᠡᠬᠦ ᠪᠤᠯᠳᠠᠯ᠎ᠠ ᠰᠠᠶ᠋ᠢ ᠨᠢᠭᠡ ᠰᠠᠷ᠎ᠠ ᠶᠢᠨ ᠬᠤᠭᠤᠴᠠᠭ᠎ᠠ ᠬᠡᠷᠡᠭᠰᠡᠵᠡᠢ᠂ | ᠡᠨᠡᠬᠦ ᠵᠢᠭᠡᠯᠡᠯᠭᠡ ᠶᠢᠨ ᠮᠦᠩᠬᠦ ᠨᠢ ᠪᠢᠳᠡᠨ ᠤ ᠪᠡᠯᠡ ᠮᠦᠩᠬᠦ ᠬᠡᠷᠡᠭᠰᠡᠬᠦ ᠱᠠᠭᠠᠷᠳᠠᠯᠭ᠎ᠠ ᠶᠢ ᠪᠤᠳᠠᠳᠠᠢ ᠰᠶᠢᠳᠪᠦᠷᠢᠯᠡᠵᠡᠢ︾ | ᠭᠡᠵᠦ ᠦᠪᠦᠷ ᠮᠤᠩᠭᠤᠯ ᠤᠨ ᠷᠦᠢ ᠺᠦᠨ ᠡᠮ ᠡᠮᠨᠡᠯᠭᠡ ᠶᠢᠨ ᠬᠢᠵᠠᠭᠠᠷᠳᠦ ᠺᠤᠮᠫᠠᠨᠢ ᠶᠢᠨ ᠬᠠᠷᠢᠭᠤᠴᠠᠯᠭᠠᠳᠠᠨ ᠬᠡᠯᠡᠨ᠎ᠡ | ᠃ | 2024 ᠣᠨ ᠤ 10 ᠰᠠᠷ᠎ᠠ ᠶᠢᠨ ᠰᠡᠭᠦᠯᠴᠢ ᠠᠴᠠ ᠡᠬᠢᠯᠡᠨ᠂ ᠦᠢᠯᠡᠳᠪᠦᠷᠢ ᠬᠤᠳᠠᠯᠳᠤᠭᠠᠨ ᠤ | ᠪᠠᠩᠬᠢ ᠶᠢᠨ ᠬᠢᠩᠭᠠᠨ ᠠᠶᠢᠮᠠᠭ ᠤᠨ ᠬᠤᠪᠢᠶᠠᠷᠢ ᠪᠠᠩᠬᠢ ︽ᠮᠢᠩᠭᠠᠨ ᠠᠵᠦ ᠠᠬᠤᠶᠢᠯᠠᠯ ᠲᠦᠮᠡᠨ ᠬᠤᠳᠠᠯᠳᠤᠭᠠᠴᠢᠨ | ᠡᠷᠦᠭᠡ ᠪᠠᠷ ᠬᠦᠨᠵᠡᠭᠡᠶᠢᠷᠡᠬᠦ︾ ᠲᠤᠰᠬᠠᠢ ᠠᠵᠢᠯᠯᠠᠭ᠎ᠠ ᠶᠢ ᠡᠬᠢᠯᠡᠬᠦᠯᠵᠦ᠂ ᠪᠠᠩᠬᠢ ᠶᠢᠨ ᠠᠵᠢᠯᠳᠡᠳ ᠵᠡᠭᠡᠯᠢ ᠭᠤᠳᠤᠮᠵᠢ | ᠬᠦᠷᠢᠶᠡᠯᠡᠩ ᠲᠤᠭᠤᠷᠢᠭ ᠢᠶᠠᠷ ᠬᠦᠨᠵᠡᠭᠡᠶᠢᠷᠡᠨ ᠵᠢᠵᠢᠭ ᠪᠢᠴᠢᠯ ᠠᠵᠦ ᠠᠬᠤᠶᠢᠯᠠᠯ ᠤᠨ ᠪᠡᠯᠡ ᠮᠦᠩᠬᠦ ᠬᠤᠷᠠᠮᠳᠤᠭᠤᠯᠬᠤ | ᠬᠦᠴᠢᠷ ᠠᠰᠠᠭᠤᠳᠠᠯ ᠢ ᠰᠶᠢᠳᠪᠦᠷᠢᠯᠡᠪᠡ᠃ 2025 ᠣᠨ ᠤ 2 ᠰᠠᠷ᠎ᠠ ᠶᠢᠨ ᠰᠡᠭᠦᠯᠴᠢ ᠪᠣᠯᠲᠠᠯ᠎ᠠ᠂ ᠨᠡᠶᠢᠳᠡ 150 | ᠵᠢᠵᠢᠭ ᠪᠢᠴᠢᠯ ᠠᠵᠤ ᠠᠬᠤᠶᠢᠯᠠᠯ᠂ 983 ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠠᠷ | ᠰᠤᠷᠪᠤᠯᠵᠢᠯᠠᠵᠤ᠂ ᠡᠭᠦᠨ ᠤ ᠳᠣᠲᠣᠷᠠᠬᠢ 70 ᠠᠵᠤ ᠠᠬᠤᠶᠢᠯᠠᠯ ᠪᠣᠯᠤᠨ 796 ᠬᠤᠪᠢ ᠶᠢᠨ ᠦᠢᠯᠡᠳᠪᠦᠷᠢ | ᠬᠤᠳᠠᠯᠳᠤᠭᠠᠨ ᠡᠷᠦᠭᠡ ᠳᠤ 3.02 ᠳ᠋ᠦᠩᠰᠢᠭᠤᠷ ᠲᠦᠭᠦᠷᠢᠭ ᠤᠨ ᠵᠢᠭᠡᠯᠡᠯᠭᠡ ᠲᠠᠯᠪᠢᠵᠦ᠂ ᠪᠤᠳᠠᠳᠦ ᠴᠤᠭᠴᠠ ᠶᠢᠨ | ᠠᠵᠦ ᠠᠬᠤᠢ ᠶᠢᠨ ᠬᠦᠭᠵᠢᠯᠳᠡ ᠶᠢ ᠠᠬᠢᠭᠤᠯᠵᠠᠢ᠃ | ᠮᠥᠩᠭᠦᠨ ᠭᠦᠢᠯᠭᠡᠭᠡ ᠪᠠᠷ ᠪᠤᠳᠠᠳᠦ ᠴᠤᠭᠴᠠ ᠶᠢᠨ ᠠᠵᠦ ᠠᠬᠤᠢ ᠳᠤ ᠦᠢᠯᠡᠴᠢᠯᠡᠬᠦ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠦ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠠᠷᠭ᠎ᠠ ᠬᠡᠯᠪᠡᠷᠢ ᠶᠢ ᠰᠢᠯᠢᠳᠡᠭᠵᠢᠭᠦᠯᠵᠦ᠂ ᠠᠵᠤ | ᠠᠬᠤᠶᠢᠯᠠᠯ ᠤᠨ ᠪᠡᠯᠡ ᠮᠥᠩᠭᠦ ᠴᠤᠭᠯᠠᠭᠤᠯᠬᠤ ᠠᠷᠭ᠎ᠠ ᠵᠠᠮ ᠢ ᠥᠷᠭᠡᠳᠭᠡᠬᠦ ᠳᠤ ᠬᠦᠴᠦᠨ ᠨᠡᠮᠡᠷᠢᠯᠡᠬᠦ ᠶᠢᠨ ᠲᠥᠯᠥᠭᠡ᠂ | ᠵᠢᠯ ᠤᠨ ᠡᠬᠢᠨ ᠠᠴᠠ ᠨᠠᠭᠠᠰᠢ᠂ ᠬᠢᠩᠭᠠᠨ ᠠᠶᠢᠮᠠᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠤᠪᠴᠢᠶ᠎ᠠ | ᠲᠦᠷᠦ ᠶᠢᠨ ᠪᠤᠳᠤᠯᠭ᠎ᠠ ᠪᠠᠷ ᠠᠵᠦ ᠠᠬᠤᠶᠢᠯᠠᠯ ᠳᠤ ᠠᠰᠢᠭ ᠬᠦᠷᠳᠡᠭᠡᠬᠦ᠂ ᠦᠢᠯᠡᠴᠢᠯᠡᠭᠡ ᠪᠠᠷ ᠠᠵᠤ ᠠᠬᠤᠶᠢᠯᠠᠯ ᠢ | ᠲᠠᠮᠵᠢᠬᠦ ᠶᠢ ᠰᠠᠶᠢᠳᠤᠷ ᠠᠳᠬᠤᠭᠰᠠᠨ ᠪᠠᠶᠢᠨ᠎ᠠ᠃ ᠣᠳᠣᠬᠠᠨ ᠳᠤ᠂ ᠨᠢᠭᠡᠨᠲᠡ 11 ᠭᠤᠣᠯᠳᠠᠯᠭ᠎ᠠ ᠲᠠᠢ ᠠᠵᠤ | ᠠᠬᠤᠶᠢᠯᠠᠯ ᠪᠣᠯᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠬᠦᠨᠵᠡᠭᠡᠢ ᠬᠠᠮᠳᠤᠷᠠᠯᠴᠠᠬᠤ ᠱᠠᠳᠤᠨ ᠳᠤ ᠤᠷᠤᠵᠦ᠂ 3 | ᠰᠠᠷ᠎ᠠ ᠶᠢᠨ ᠰᠡᠬᠦᠯᠴᠢ ᠪᠠᠷ 6.8 ᠳ᠋ᠦᠩᠰᠢᠭᠤᠷ ᠲᠥᠭᠦᠷᠢᠭ ᠤᠨ ᠪᠡᠯᠡ ᠴᠤᠭᠯᠠᠭᠤᠯᠬᠤ ᠰᠠᠨᠠᠮᠵᠢ ᠶᠢᠨ ᠵᠥᠪᠯᠡᠯᠴᠡᠭᠡᠷ | ᠲᠤᠬᠢᠷᠠᠯᠴᠠᠵᠤ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ᠂ | ᠴᠡᠪᠡᠷ ᠡᠨᠧᠷᠭᠢ ᠶᠢᠨ ᠲᠤᠨᠤᠭ ᠲᠥᠬᠦᠭᠡᠷᠦᠮᠵᠢ ᠦᠢᠯᠡᠳᠬᠦ ᠵᠡᠷᠭᠡ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ | ᠮᠠᠨᠳᠤᠭᠰᠠᠨ ᠠᠵᠤ ᠦᠢᠯᠡᠰ ᠢ ᠭᠤᠣᠯᠳᠠᠯᠭ᠎ᠠ ᠲᠠᠢ ᠳᠡᠮᠵᠢᠬᠦ ᠪᠣᠯᠤᠨ᠎ᠠ᠃ | ᠬᠠᠤᠯᠢ ᠴᠠᠭᠠᠵᠠ ᠶᠢᠨ ᠪᠠᠳᠤᠯᠠᠭ᠎ᠠ ᠬᠠᠩᠭᠠᠨ ᠡᠷᠭᠡ ᠠᠰᠢᠭ ᠢ ᠬᠠᠮᠠᠭᠠᠯᠠᠨ᠎ᠠ | ᠤᠷᠴᠢᠮᠬᠠᠨ᠂ ᠠᠵᠤ ᠠᠬᠤᠶᠢᠯᠠᠯ ᠤᠨ ᠮᠠᠶᠢᠮᠠᠶ ᠶᠢᠨ ᠭᠡᠷ᠎ᠡ ᠶᠢᠨ ᠵᠢᠭᠤᠷᠠᠯᠳᠤᠭᠠᠨ ᠢ ᠬᠡᠷᠡᠭ ᠪᠤᠯᠭᠠᠨ | ᠲᠠᠩᠰᠠᠯᠠᠭᠰᠠᠨ ᠲᠤᠬᠠᠢ ᠶᠢᠨ ᠬᠦᠮᠦᠨ ᠬᠤᠷᠴᠢᠨ ᠪᠠᠷᠠᠭᠤᠨ ᠭᠠᠷᠤᠨ ᠲᠤᠮᠳᠠᠳᠦ ᠬᠤᠰᠢᠭᠤᠨ ᠤ ᠠᠷᠠᠳ ᠤᠨ ᠰᠢᠬᠦᠬᠦ | ᠬᠤᠷᠢᠶᠠᠨ ᠳᠤ ᠬᠦᠷᠴᠦ ᠵᠠᠷᠭᠤ ᠶᠢᠨ ᠬᠡᠷᠡᠭ ᠢ ᠰᠶᠢᠳᠪᠦᠷᠢᠯᠡᠵᠦ ᠲᠠᠭᠤᠰᠬᠠᠬᠤ ᠮᠡᠳᠡᠭᠳᠡᠯ ᠤᠨ ᠪᠢᠴᠢᠭ ᠢᠶᠠᠨ ᠠᠪᠤᠪᠠ᠃ | ᠬᠡᠷᠡᠭ ᠪᠤᠯᠭᠠᠨ ᠲᠠᠩᠰᠠᠯᠠᠭᠰᠠᠨ ᠠᠴᠠ ᠡᠶᠡᠳᠡᠬᠦᠯᠵᠦ ᠲᠠᠭᠤᠰᠬᠠᠬᠤ ᠪᠤᠯᠳᠠᠯ᠎ᠠ ᠵᠦᠪᠬᠡᠨ ᠬᠠᠭᠠᠰ ᠰᠠᠷ᠎ᠠ ᠶᠢᠨ | ᠬᠤᠭᠤᠴᠠᠭ᠎ᠠ ᠶᠢ ᠬᠡᠷᠡᠭᠯᠡᠵᠦ᠂ ᠲᠤᠬᠠᠢ ᠶᠢᠨ ᠬᠦᠮᠦᠨ ᠠᠮᠵᠢᠯᠳᠠᠳᠠᠢ ᠪᠠᠷ ᠵᠤᠭᠤᠰ ᠢᠶᠠᠨ ᠪᠤᠴᠠᠭᠠᠨ ᠠᠪᠤᠭᠰᠠᠨ ᠪᠠᠶᠢᠨ᠎ᠠ | ᠃ | ︽ᠰᠢᠬᠦᠭᠴᠢ ᠠᠴᠠ ᠮᠠᠨ ᠤ ᠬᠤᠶᠠᠷ ᠲᠠᠯ᠎ᠠ ᠶᠢᠨ ᠬᠠᠷᠠᠭᠠᠰᠦ ᠠᠴᠠ ᠠᠰᠠᠭᠤᠳᠠᠯ ᠢ ᠰᠶᠢᠳᠪᠦᠷᠢᠯᠡᠵᠡᠢ᠂ | ᠬᠠᠤᠯᠢ ᠴᠠᠭᠠᠵᠠ ᠶᠢᠨ ᠵᠦᠢᠯ ᠵᠤᠷᠪᠤᠰ ᠢ ᠲᠤᠪ ᠲᠣᠳᠣᠷᠬᠠᠶ ᠶᠠᠷᠢᠭᠰᠠᠨ ᠢᠶᠠᠷ ᠪᠠᠷᠠᠬᠤ ᠦᠭᠡᠶ ᠪᠠᠰᠠ ᠪᠢᠳᠡᠨ ᠢ | ᠬᠠᠪᠰᠤᠷᠤᠨ ᠰᠢᠢᠳᠪᠦᠷᠢᠯᠡᠵᠦ ᠲᠡᠶᠢᠯᠬᠦ ᠬᠠᠮᠤᠭ ᠤᠨ ᠰᠠᠶᠢᠨ ᠠᠷᠭ᠎ᠠ ᠶᠢ ᠡᠷᠢᠵᠦ ᠥᠭᠴᠡᠶ᠂ ᠪᠢᠳᠡ ᠪᠠᠰᠠ ᠰᠢᠭᠦᠬᠦ | ᠬᠤᠷᠢᠶᠠᠨ ᠤ ᠰᠢᠢᠳᠪᠦᠷᠢᠯᠡᠬᠦ ᠠᠷᠭ᠎ᠠ ᠶᠢ ᠳᠤᠷᠠᠲᠠᠶ᠎ᠠ ᠬᠦᠯᠢᠶᠡᠨ ᠠᠪᠴᠠᠢ︾ ᠭᠡᠵᠦ ᠲᠤᠬᠠᠢ ᠶᠢᠨ ᠬᠦᠮᠦᠨ ᠵᠠᠩ | ᠠᠮᠢᠬᠤᠷᠳᠦ ᠬᠡᠯᠡᠨ᠎ᠡ᠃ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ︽ᠬᠠᠤᠯᠢ | ᠴᠠᠭᠠᠵᠠ ᠶᠢᠨ ᠲᠤᠭᠳᠠᠭᠠᠯ ᠶᠤᠰᠤᠭᠠᠷ ᠬᠤᠳᠠᠯᠳᠤᠭ᠎ᠠ ᠡᠷᠭᠢᠯᠡᠬᠦ ᠬᠠᠮᠤᠭ ᠤᠨ ᠰᠠᠶᠢᠨ ᠣᠷᠴᠢᠨ ᠨᠥᠬᠦᠴᠡᠯ ᠮᠥᠨ︾ | ᠭᠡᠬᠦ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠶᠢ ᠢᠳᠡᠪᠬᠢᠲᠡᠶ | ᠰᠠᠨᠠᠭᠠᠴᠢᠯᠠᠵᠤ᠂ ︽ᠬᠦᠢᠴᠡᠳᠭᠡᠬᠦ ᠠᠴᠠ ᠡᠮᠦᠨ᠎ᠡ ᠱᠠᠯᠠᠪᠳᠠᠭᠤᠯᠤᠨ ᠱᠠᠭᠠᠷᠳᠠᠬᠤ + ᠬᠦᠢᠴᠡᠳᠭᠡᠬᠦ ᠲᠤᠮᠳᠠ | ᠰᠠᠨᠠᠭᠤᠯᠬᠤ︾ ᠰᠢᠨ᠎ᠡ ᠠᠷᠭ᠎ᠠ ᠬᠡᠮᠵᠢᠶ᠎ᠡ ᠪᠠᠷ ᠲᠠᠮᠵᠢᠨ᠂ ᠨᠡᠶᠢᠳᠡᠯᠢᠭ ᠬᠡᠷᠡᠭ ᠤᠨ ᠵᠢᠱᠢᠶ᠎ᠡ ᠶᠢ ᠨᠡᠶᠢᠳᠡᠯᠡᠬᠦ᠂ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠥᠷᠨᠢᠭᠦᠯᠬᠦ ᠵᠡᠷᠭᠡ ᠠᠷᠭ᠎ᠠ ᠬᠡᠯᠪᠡᠷᠢ ᠪᠠᠷ | ᠳᠠᠮᠵᠢᠭᠤᠯᠤᠨ᠂ ᠨᠡᠶᠢᠭᠡᠮ ᠳᠤ ᠬᠠᠤᠯᠢ ᠪᠠᠷ ᠵᠠᠰᠠᠬᠤ ᠶᠢᠨ ᠴᠢᠬᠤᠯᠠ ᠴᠢᠨᠠᠷ ᠢ ᠳᠠᠮᠵᠢᠭᠤᠯᠵᠤ᠂ ᠠᠵᠤ ᠠᠬᠤᠶᠢᠯᠠᠯ ᠤᠨ | ᠬᠠᠤᠯᠢ ᠶᠤᠰᠤᠭᠠᠷ ᠡᠵᠡᠩᠨᠡᠯᠳᠡ ᠬᠢᠬᠦ ᠶᠢ ᠬᠦᠳᠦᠯᠦᠨ ᠵᠢᠯᠤᠭᠤᠳᠪᠠ᠃ ᠡᠭᠦᠨ ᠤ ᠬᠠᠮᠲᠤ᠂ ᠬᠤᠷᠴᠢᠨ ᠪᠠᠷᠠᠭᠤᠨ | ᠭᠠᠷᠤᠨ ᠳᠤᠮᠳᠠᠳᠤ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠪᠠᠰᠠ ᠢᠲᠡᠭᠡᠮᠵᠢ ᠶᠢ ᠰᠡᠷᠭᠦᠭᠡᠬᠦ ᠲᠣᠭᠲᠠᠴᠠ ᠶᠢ | ᠢᠳᠡᠪᠬᠢᠲᠡᠶ ᠬᠡᠷᠡᠭᠯᠡᠨ᠂ ᠭᠦᠢᠴᠡᠳᠭᠡᠭᠳᠡᠭᠴᠢ ᠶᠢᠨ ᠰᠠᠨᠠᠭᠠᠴᠢᠯᠠᠭ᠎ᠠ ᠠᠴᠠ ᠪᠠᠨ ᠡᠭᠦᠷᠭᠡ ᠪᠠᠨ ᠭᠦᠢᠴᠡᠳᠭᠡᠬᠦ ᠶᠢ | ᠵᠣᠷᠢᠭᠵᠢᠭᠤᠯᠪᠠ᠃ | ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠠᠵᠤ | ᠠᠬᠤᠶᠢᠯᠠᠯ ᠳᠤ ᠬᠠᠤᠯᠢ ᠴᠠᠭᠠᠵᠠ ᠶᠢᠨ ᠥᠮᠥᠭ ᠲᠦᠰᠢᠭ ᠪᠣᠯᠵᠣ᠂ ᠠᠵᠤ ᠠᠬᠤᠶᠢᠯᠠᠯ ᠢ ᠦᠨᠡᠨ ᠪᠣᠳᠠᠲᠠᠶ ᠪᠠᠷ | ᠬᠠᠪᠰᠤᠷᠤᠨ ᠠᠰᠠᠭᠤᠳᠠᠯ ᠢ ᠰᠢᠢᠳᠪᠦᠷᠢᠯᠡᠵᠦ ᠥᠭᠭᠦᠭᠰᠡᠭᠡᠷ ᠢᠷᠡᠵᠡᠶ᠂ ᠪᠢᠳᠡ ᠲᠤᠰᠬᠠᠶᠢᠯᠠᠨ ᠠᠵᠤ ᠠᠬᠤᠶᠢᠯᠠᠯ ᠤᠨ | ᠬᠡᠷᠡᠭ ᠵᠠᠷᠭᠤ ᠳᠤ ︿ᠰᠠᠭᠠᠳ ᠥᠬᠡᠶ ᠨᠡᠪᠲᠡᠷᠡᠬᠦ ᠵᠠᠮ﹀ ᠢ ᠨᠡᠭᠡᠭᠡᠨ ᠥᠭᠴᠦ᠂ ᠲᠥᠬᠦᠮ ᠬᠡᠷᠡᠭ ᠢ ᠲᠦᠷᠭᠡᠨ | ᠭᠦᠢᠴᠡᠳᠭᠡᠵᠦ᠂ ᠪᠤᠳᠤᠯᠢᠶᠠᠨᠲᠠᠶ ᠬᠡᠷᠡᠭ ᠢ ᠨᠠᠷᠢᠨ ᠨᠢᠮᠪᠠᠶ ᠰᠢᠢᠳᠪᠦᠷᠢᠯᠡᠵᠦ ᠪᠠᠶᠢᠨ᠎ᠠ᠂ ᠤᠳᠤ ᠬᠡᠷᠡᠭ ᠵᠠᠷᠭᠤ ᠶᠢ | ᠬᠦᠢᠴᠡᠳᠭᠡᠬᠦ ᠳᠤ ᠦᠩᠭᠡᠷᠡᠭᠰᠡᠨ ᠤ ᠬᠢ ᠠᠴᠠ ᠲᠤᠮᠳᠠᠴᠢ ᠪᠠᠷ 30% ᠶᠢᠨ ᠴᠠᠭ ᠠᠷᠪᠢᠯᠠᠬᠤ ᠪᠤᠯᠵᠠᠢ︾ ᠭᠡᠵᠦ | ᠬᠤᠷᠴᠢᠨ ᠪᠠᠷᠠᠭᠤᠨ ᠭᠠᠷᠤᠨ ᠲᠤᠮᠳᠠᠳᠦ ᠬᠤᠰᠢᠭᠤᠨ ᠤ ᠠᠷᠠᠳ ᠤᠨ ᠰᠢᠬᠦᠬᠦ ᠬᠤᠷᠢᠶᠠᠨ ᠤ ᠨᠠᠮ ᠤᠨ ᠤᠳᠤᠷᠢᠳᠬᠤ | ᠲᠤᠭᠤᠶᠢᠯᠠᠩ ᠤᠨ ᠭᠡᠰᠢᠬᠦᠨ᠂ ᠬᠦᠢᠴᠡᠳᠭᠡᠬᠦ ᠲᠤᠪᠴᠢᠶᠠᠨ ᠤ ᠲᠠᠷᠤᠭ᠎ᠠ ᠸᠠᠩ ᠳ᠋ᠠᠨ ᠳ᠋ᠠᠨ ᠬᠡᠯᠡᠨ᠎ᠡ᠃ | ᠲᠣᠷᠭᠠᠭᠤᠯᠢ ᠶᠢᠨ ᠵᠣᠭᠤᠰ ᠢ ᠬᠠᠰᠤᠵᠤ ᠬᠡᠯᠲᠦᠷᠢᠭᠦᠯᠬᠦ ᠠᠴᠠ ᠵᠢᠭᠤᠷᠠᠯᠳᠤᠭᠠᠨ ᠢ ᠲᠦᠷᠭᠡᠨ | ᠰᠶᠢᠳᠪᠦᠷᠢᠯᠡᠬᠦ ᠪᠤᠯᠳᠠᠯ᠎ᠠ᠂ ᠭᠡᠷ ᠤᠨ ᠡᠬᠦᠳᠡᠨ ᠠᠴᠠ ᠪᠠᠨ ᠭᠤᠶᠤᠴᠢᠯᠠᠬᠤ ᠠᠴᠠ ᠭᠠᠷ ᠤᠳᠠᠰᠤᠨ ᠲᠡᠭᠡᠷ᠎ᠠ ᠪᠠᠨ | ᠬᠦᠢᠴᠡᠳᠭᠡᠬᠦ ᠪᠤᠯᠳᠠᠯ᠎ᠠ᠂ ᠬᠢᠩᠭᠠᠨ ᠠᠶᠢᠮᠠᠭ ᠤᠨ ᠵᠠᠰᠠᠭ ᠵᠠᠬᠢᠷᠭᠠᠨ ᠤ ᠲᠠᠬᠢᠨ ᠵᠦᠪᠯᠡᠬᠦ ᠪᠠᠶᠢᠭᠤᠯᠭ᠎ᠠ ᠠᠯᠢ ᠤᠯᠠᠨ | ᠠᠵᠢᠯᠯᠠᠭ᠎ᠠ ᠪᠠᠷ ᠲᠠᠮᠵᠢᠨ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠯᠡᠵᠦ ᠦᠷ᠎ᠡ ᠠᠰᠢᠭ ᠢ ᠨᠡᠮᠡᠭᠳᠡᠭᠦᠯᠬᠦ᠂ | ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠳᠤ ᠪᠠᠲᠤᠯᠠᠭ᠎ᠠ ᠬᠠᠩᠭᠠᠵᠤ ᠥᠭᠴᠡᠢ᠃ | 2024 ᠣᠨ ᠳᠤ᠂ ᠬᠢᠩᠭᠠᠨ ᠠᠶᠢᠮᠠᠭ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ | ᠲᠠᠬᠢᠨ ᠵᠦᠪᠯᠡᠬᠦ ᠬᠡᠷᠡᠭ ᠢ ᠨᠡᠶᠢᠲᠡ 38 ᠰᠢᠢᠳᠪᠦᠷᠢᠯᠡᠵᠦ᠂ ᠡᠶᠡᠳᠡᠭᠦᠯᠬᠦ ᠪᠠᠷ ᠳᠡᠮᠵᠢᠨ ᠵᠢᠭᠤᠷᠠᠯᠳᠤᠭᠠᠨ ᠢ 10 | ᠰᠢᠢᠳᠪᠦᠷᠢᠯᠡᠵᠦ᠂ ᠠᠵᠤ ᠠᠬᠤᠶᠢᠯᠠᠯ ᠳᠤ 99.3 ᠲᠦᠮᠡᠨ ᠲᠥᠭᠦᠷᠢᠭ ᠤᠨ ᠠᠵᠤ ᠠᠬᠤᠶ ᠶᠢᠨ ᠬᠤᠬᠢᠷᠠᠯ ᠢ | ᠡᠷᠬᠢᠬᠦᠯᠦᠨ ᠠᠪᠴᠢᠷᠠᠭᠰᠠᠨ ᠪᠠᠶᠢᠨ᠎ᠠ᠃ | ︵ᠲᠤᠰ ᠨᠢᠭᠤᠷ ᠤᠨ ᠡᠭᠡ ᠪᠢᠴᠢᠭ ᠢ ᠲᠤᠯᠭᠠᠭᠤᠷᠢ ᠮᠢᠨ ᠨᠠ ᠬᠠᠨ ᠢᠤᠢ ᠭᠧ ᠬᠠᠩᠭᠠᠪᠠ︶ | | |