| | 4 ᠰᠠᠷ᠎ᠠ ᠶᠢᠨ 13 ᠤ ᠡᠳᠦᠷ ᠠᠴᠠ 14 ᠤ ᠡᠳᠦᠷ ᠪᠣᠯᠲᠠᠯ᠎ᠠ᠂ ᠤᠯᠠᠭᠠᠨᠬᠤᠲᠠ ᠶᠢᠨ ᠭᠡᠭᠡᠨᠰᠦ᠋ᠮ᠎ᠡ | ᠪᠠᠯᠭᠠᠰᠤᠨ ᠤ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ | ᠬᠤᠷᠠᠯ ᠦᠪᠡᠳᠡᠭᠰᠢ ᠶᠡᠭᠡ ᠪᠠᠷ ᠡᠬᠢᠯᠡᠵᠦ᠂ ᠭᠡᠭᠡᠨᠰᠦ᠋ᠮ᠎ᠡ ᠪᠠᠯᠭᠠᠰᠤ ᠵᠢᠴᠢ ᠰᠡᠷᠬᠡᠨ ᠤᠳᠤ ᠦᠶ᠎ᠡ ᠶᠢᠨ | ᠲᠠᠷᠢᠶᠠᠯᠠᠩ ᠤᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠳᠡᠭᠡᠳᠦ | ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠷ ᠨᠢᠭᠡ ᠲᠠᠩᠬᠢᠮ ᠳᠤ ᠴᠤᠭᠯᠠᠷᠠᠵᠤ᠂ | ᠪᠦᠬᠦ ᠪᠠᠯᠭᠠᠰᠤᠨ ᠤ ᠬᠥᠭᠵᠢᠯᠲᠡ ᠶᠢᠨ ᠰᠡᠳᠬᠢᠴᠡ ᠪᠣᠯᠤᠨ ᠠᠵᠢᠯ ᠤᠨ ᠬᠠᠷᠠᠯᠲᠠ ᠶᠢᠨ ᠲᠣᠭᠤᠷᠢᠨ ᠳᠤ᠂ | ᠬᠥᠭᠵᠢᠯᠲᠡ ᠶᠢᠨ ᠶᠡᠭᠡ ᠪᠤᠳᠤᠯᠭ᠎ᠠ ᠶᠢ ᠬᠠᠮᠲᠤᠪᠠᠷ ᠵᠥᠪᠯᠡᠵᠦ᠂ ᠪᠠᠯᠭᠠᠰᠤ ᠶᠢ ᠬᠦᠴᠦᠷᠬᠡᠭᠵᠢᠭᠦᠯᠬᠦ ᠰᠠᠶᠢᠨ | ᠪᠤᠳᠤᠯᠭ᠎ᠠ ᠶᠢ ᠬᠠᠮᠲᠤᠪᠠᠷ ᠰᠦᠪᠡᠭᠴᠢᠯᠡᠪᠡ᠃ | | | | | | | | | | | ᠲᠤᠰ ᠤᠳᠠᠭ᠎ᠠ ᠶᠢᠨ ᠬᠤᠷᠠᠯ ᠤᠨ ᠵᠥᠪᠯᠡᠬᠦ ᠵᠦᠢᠯ 5 ᠪᠠᠶᠢᠵᠤ᠂ ᠪᠠᠯᠭᠠᠰᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠨᠢᠦ ᠴᠢ ᠮᠢᠩ ᠡᠷᠬᠢᠯᠡᠪᠡ᠃ | ᠬᠤᠷᠠᠯ ᠳᠡᠭᠡᠷ᠎ᠡ ᠳᠣᠤᠷᠠᠬᠢ ᠬᠡᠳᠦᠨ ᠵᠦᠢᠯ ᠢ ᠵᠥᠪᠯᠡᠵᠡᠢ᠄ ᠨᠢᠭᠡ᠂ ᠭᠡᠭᠡᠨᠰᠦ᠋ᠮ᠎ᠡ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠰᠣᠨᠣᠰᠴᠤ ᠬᠢᠨᠠᠨ ᠵᠦᠪᠯᠡᠨ᠎ᠡ᠃ ᠬᠤᠶᠠᠷ᠂ | ᠭᠡᠭᠡᠨᠰᠦ᠋ᠮ᠎ᠡ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ | ᠪᠦᠯᠬᠦᠮ ᠤᠨ ᠠᠵᠢᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠨ᠎ᠡ᠃ ᠭᠤᠷᠪᠠ᠂ ᠭᠡᠭᠡᠨᠰᠦ᠋ᠮ᠎ᠡ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ ᠤ ᠪᠠᠯᠭᠠᠰᠤᠨ ᠳᠠᠷᠤᠭ᠎ᠠ ᠶᠢ ᠰᠣᠩᠭᠤᠨ᠎ᠠ᠃ ᠳᠥᠷᠪᠡ᠂ ᠭᠡᠭᠡᠨᠰᠦ᠋ᠮ᠎ᠡ | ᠪᠠᠯᠭᠠᠰᠤᠨ ᠤ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠰᠢᠯᠭᠠᠨ | ᠲᠣᠭᠲᠠᠭᠠᠨ᠎ᠠ᠃ ᠲᠠᠪᠤ᠂ ᠭᠡᠭᠡᠨᠰᠦ᠋ᠮ᠎ᠡ ᠪᠠᠯᠭᠠᠰᠤᠨ ᠤ 2025 ᠣᠨ ᠤ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠲᠥᠷᠥᠯ ᠵᠦᠢᠯ ᠢ ᠪᠢᠯᠧᠲ ᠢᠶᠠᠷ ᠲᠣᠭᠲᠠᠭᠠᠨ᠎ᠠ᠃ | ᠬᠤᠷᠠᠯ ᠨᠢ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ | ᠦᠪᠡᠳᠡᠭᠰᠢ ᠶᠡᠬᠡᠪᠡᠷ ᠡᠬᠢᠯᠡᠪᠡ᠃ ᠭᠡᠭᠡᠨᠰᠦ᠋ᠮ᠎ᠡ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠠᠩ ᠸᠧᠨ ᠮᠢᠩ | ᠡᠬᠢᠯᠡᠯᠲᠡ ᠶᠢᠨ ᠦᠭᠡ ᠬᠡᠯᠡᠪᠡ᠃ | ᠠᠩᠬᠠᠳᠤᠭᠠᠷ ᠤᠳᠠᠭᠠᠨ ᠤ ᠪᠦᠭᠦᠳᠡ ᠬᠤᠷᠠᠯ ᠳᠤ᠂ ᠬᠤᠷᠠᠯ ᠠᠴᠠ ᠭᠡᠭᠡᠨᠰᠦ᠋ᠮ᠎ᠡ ᠪᠠᠯᠭᠠᠰᠤᠨ ᠤ ᠨᠠᠮ ᠤᠨ | ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ ᠪᠠᠷ ᠨᠡᠷ᠎ᠡ ᠳᠤᠷᠠᠳᠤᠭᠳᠠᠭᠴᠢ ᠰᠢᠤᠸᠠᠢ ᠬᠤᠸᠠ ᠹᠸᠢ | ᠨᠥᠬᠦᠷ ᠤᠨ ᠪᠠᠯᠭᠠᠰᠤᠨ ᠤ ᠵᠠᠰᠠᠭ ᠤᠨ ᠣᠷᠳᠣᠨ ᠢ ᠲᠥᠯᠥᠭᠡᠯᠡᠨ ᠬᠢᠭᠰᠡᠨ ᠠᠵᠢᠯ ᠤᠨ ᠮᠡᠳᠡᠭᠦᠯᠦᠯᠲᠡ ᠶᠢ ᠰᠣᠨᠣᠰᠴᠤ | ᠬᠢᠨᠠᠨ ᠵᠥᠪᠯᠡᠵᠦ ᠪᠠᠲᠤᠯᠠᠪᠠ᠃ ᠢᠯᠡᠳᠬᠡᠯ ᠳᠤ 2024 ᠣᠨ ᠤ ᠭᠡᠭᠡᠨᠰᠦ᠋ᠮ᠎ᠡ ᠪᠠᠯᠭᠠᠰᠤᠨ ᠤ ᠠᠵᠤ ᠠᠬᠤᠶ | ᠨᠡᠶᠢᠭᠡᠮ ᠤᠨ ᠬᠥᠭᠵᠢᠯᠲᠡ ᠳᠤ ᠣᠯᠤᠭᠰᠠᠨ ᠢᠯᠡᠳᠲᠡ ᠦᠷ᠎ᠡ ᠪᠦᠲᠦᠭᠡᠯ ᠢ ᠪᠥᠬᠦ ᠲᠠᠯ᠎ᠠ ᠪᠠᠷ ᠳ᠋ᠦᠩᠨᠡᠵᠦ᠂ | ᠣᠳᠣᠬᠠᠨ ᠳᠤ ᠲᠤᠯᠭᠠᠷᠠᠵᠤ ᠪᠠᠶᠢᠭ᠎ᠠ ᠪᠠᠶᠢᠳᠠᠯ ᠪᠠ ᠠᠰᠠᠭᠤᠳᠠᠯ ᠢ ᠭᠦᠨᠵᠡᠭᠡᠶ ᠵᠠᠳᠠᠯᠵᠤ᠂ 2025 ᠣᠨ ᠤ | ᠠᠵᠢᠯ ᠤᠨ ᠬᠠᠷᠠᠯᠲᠠ ᠪᠠ ᠭᠤᠤᠯ ᠡᠭᠦᠷᠭᠡ ᠶᠢ ᠲᠣᠳᠣᠷᠬᠠᠶ ᠳᠤᠷᠠᠳᠪᠠ᠃ ᠲᠥᠯᠥᠭᠡᠯᠡᠭᠴᠢᠳ ᠢᠯᠡᠳᠬᠡᠯ ᠢ ᠭᠦᠢᠴᠡᠳ | ᠨᠤᠲᠠᠯᠠᠵᠤ᠂ ᠢᠯᠡᠳᠬᠡᠯ ᠤᠨ ᠭᠤᠣᠯ ᠰᠡᠳᠦᠪ ᠢᠯᠡ ᠲᠣᠳᠣ᠂ ᠬᠠᠷᠠᠯᠲᠠ ᠲᠣᠳᠣᠷᠬᠠᠢ᠂ ᠠᠷᠭ᠎ᠠ ᠬᠡᠮᠵᠢᠶ᠎ᠡ ᠬᠦᠴᠦᠲᠡᠢ | ᠭᠡᠵᠦ ᠰᠠᠨᠠᠯ ᠨᠢᠭᠡᠲᠡᠢ ᠦᠵᠡᠪᠡ᠃ | ᠡᠭᠦᠨ ᠤ ᠬᠠᠮᠲᠤ᠂ ᠬᠤᠷᠠᠯ ᠠᠴᠠ ᠭᠡᠭᠡᠨᠰᠦ᠋ᠮ᠎ᠡ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠡᠷᠢᠭᠦᠯᠡᠭᠴᠢ ᠨᠢᠦ ᠴᠢ ᠮᠢᠩ ᠨᠥᠬᠦᠷ ᠤᠨ ᠬᠢᠭᠰᠡᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠵᠢᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠵᠦ ᠪᠠᠲᠤᠯᠠᠪᠠ᠃ ᠢᠯᠡᠳᠬᠡᠯ ᠳᠤ ᠥᠩᠭᠡᠷᠡᠭᠰᠡᠨ | ᠨᠢᠭᠡ ᠵᠢᠯ ᠤᠨ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ | ᠪᠦᠯᠬᠦᠮ ᠤᠨ ᠠᠵᠢᠯ ᠢ ᠳ᠋ᠦᠩᠨᠡᠵᠦ᠂ 2025 ᠣᠨ ᠤ ᠠᠵᠢᠯ ᠤᠨ ᠭᠤᠣᠯᠳᠠᠯᠭ᠎ᠠ ᠶᠢ ᠳᠤᠷᠠᠳᠴᠠᠢ᠃ | ᠲᠥᠯᠥᠭᠡᠯᠡᠭᠴᠢᠳ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ | ᠪᠦᠯᠬᠦᠮ ᠪᠦᠬᠦ ᠪᠠᠯᠭᠠᠰᠤᠨ ᠤ ᠭᠤᠣᠯ ᠠᠵᠢᠯ ᠤᠨ ᠲᠣᠭᠤᠷᠢᠨ ᠳᠤ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ | ᠭᠦᠢᠴᠡᠳᠬᠡᠵᠦ᠂ ᠭᠡᠭᠡᠨᠰᠦ᠋ᠮ᠎ᠡ ᠪᠠᠯᠭᠠᠰᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ | ᠴᠢᠬᠤᠯᠠ ᠦᠢᠯᠡᠳᠦᠯ ᠦᠵᠡᠭᠦᠯᠵᠡᠢ ᠭᠡᠵᠡᠢ᠃ | ᠵᠠᠰᠠᠭ ᠤᠨ ᠣᠷᠳᠣᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ | ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠭᠡᠭᠡᠨᠰᠦ᠋ᠮ᠎ᠡ ᠪᠠᠯᠭᠠᠰᠤᠨ ᠤ ᠳᠡᠳ᠋ ᠳᠠᠷᠤᠭ᠎ᠠ ᠮᠦ ᠶᠤᠸᠠᠨ | ᠪᠠᠯᠭᠠᠰᠤᠨ ᠤ ᠵᠠᠰᠠᠭ ᠤᠨ ᠣᠷᠳᠣᠨ ᠢ ᠲᠥᠯᠥᠭᠡᠯᠡᠨ 2024 ᠣᠨ ᠤ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠲᠥᠷᠥᠯ ᠵᠦᠢᠯ ᠤᠨ ᠮᠡᠳᠡᠭᠦᠯᠦᠯᠲᠡ ᠬᠢᠪᠠ᠃ 2024 ᠣᠨ ᠤ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠲᠥᠷᠥᠯ ᠵᠦᠢᠯ ᠢ ᠤᠷᠤᠭᠰᠢᠲᠠᠶ ᠬᠡᠷᠡᠭᠵᠢᠭᠦᠯᠦᠭᠰᠡᠨ ᠨᠢ ᠲᠣᠭᠲᠠᠴᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠦᠨ᠂ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠵᠤ᠂ | ᠳᠠᠭᠠᠭᠠᠨ ᠡᠷᠭᠢᠯᠡᠬᠦ ᠬᠢᠷᠢ ᠬᠡᠮᠵᠢᠶ᠎ᠡ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠢ ᠦᠨᠡᠨ ᠬᠦ ᠠᠷᠢᠭᠤᠨ ᠴᠢᠬᠡᠴᠢ ᠥᠨᠳᠥᠷ ᠪᠦᠲᠦᠮᠵᠢᠲᠡᠶ᠂ ᠣᠯᠠᠨ ᠲᠦᠮᠡᠨ ᠤ ᠰᠡᠳᠬᠢᠯ | ᠬᠠᠨᠤᠮᠵᠢᠲᠠᠶ ᠢᠨᠵᠧᠨᠧᠷᠢᠩ ᠪᠣᠯᠭᠠᠨ ᠪᠥᠲᠥᠭᠡᠨ ᠪᠠᠶᠢᠭᠤᠯᠬᠤ ᠪᠣᠯᠤᠨ᠎ᠠ᠃ | ᠬᠤᠷᠠᠯ ᠳᠡᠭᠡᠷ᠎ᠡ᠂ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ | ᠵᠦᠢᠯ ᠤᠨ ᠮᠡᠳᠡᠭᠦᠯᠦᠯᠲᠡ᠂ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠴᠢ | ᠲᠥᠷᠥᠯ ᠵᠦᠢᠯ ᠤᠨ ᠲᠣᠪᠴᠢ ᠲᠠᠨᠢᠯᠴᠠᠭᠤᠯᠭ᠎ᠠ ᠵᠢᠴᠢ ᠡᠯ᠎ᠡ ᠵᠦᠢᠯ ᠤᠨ ᠠᠷᠭ᠎ᠠ ︵ᠲᠥᠰᠦᠯ︶ ᠶᠢ ᠰᠣᠨᠣᠰᠴᠤ | ᠪᠠᠷᠠᠭᠰᠠᠨ ᠤ ᠳᠠᠷᠠᠭ᠎ᠠ᠂ ᠡᠯ᠎ᠡ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠠᠴᠠ ᠡᠯ᠎ᠡ ᠪᠦᠯᠬᠦᠮ ᠤᠨ | ᠲᠥᠯᠥᠭᠡᠯᠡᠭᠴᠢ ᠶᠢ ᠳᠠᠭᠠᠭᠤᠯᠤᠨ ᠪᠦᠯᠬᠦᠮ ᠬᠤᠪᠢᠶᠠᠨ ᠶᠠᠷᠢᠯᠴᠠᠪᠠ᠃ ᠶᠠᠷᠢᠯᠴᠠᠭᠠᠨ ᠤ ᠲᠤᠬᠠᠢ ᠶᠢᠨ ᠲᠠᠯᠠᠪᠠᠢ ᠶᠢᠨ | ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠵᠤ᠂ ᠲᠥᠯᠥᠭᠡᠯᠡᠭᠴᠢᠳ ᠢᠳᠡᠪᠬᠢᠲᠡᠢ ᠶᠠᠷᠢᠯᠴᠠᠵᠤ᠂ ᠪᠠᠯᠭᠠᠰᠤᠨ | ᠳᠠᠷᠤᠭ᠎ᠠ ᠶᠢᠨ ᠵᠢᠱᠢᠭᠳᠡᠭᠴᠢ ᠵᠢᠴᠢ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ | ᠵᠦᠢᠯ ᠤᠨ ᠵᠢᠩᠬᠢᠨᠢ ᠵᠢᠱᠢᠭᠳᠡᠭᠴᠢ ᠲᠦᠷᠦᠯ ᠵᠦᠢᠯ ᠤᠨ ᠨᠡᠷᠡᠰ ᠢ ᠶᠠᠷᠢᠯᠴᠠᠵᠤ᠂ ᠣᠷᠭᠢᠯᠤᠮ᠎ᠠ ᠬᠠᠯᠠᠭᠤᠨ ᠤᠯᠤᠰ | ᠲᠦᠷᠦ ᠶᠢᠨ ᠬᠠᠯᠠᠭᠤᠨ ᠰᠡᠳᠬᠢᠯᠭᠡ ᠪᠠ ᠳᠡᠭᠡᠳᠦ ᠬᠡᠮᠵᠢᠶ᠎ᠡ ᠪᠠᠷ ᠬᠠᠷᠢᠭᠤᠴᠠᠬᠤ ᠵᠣᠷᠢᠭ ᠰᠠᠨᠠᠭ᠎ᠠ ᠪᠠᠷ ᠦᠨᠳᠦᠰᠦᠨ | ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠠᠷᠠᠳᠴᠢᠯᠠᠯ ᠤᠨ ᠡᠷᠬᠡ ᠪᠠᠨ ᠨᠠᠷᠢᠨ ᠬᠢᠨᠠᠮᠠᠭᠠᠢ ᠬᠡᠷᠡᠭᠵᠢᠭᠦᠯᠪᠡ᠃ | ᠬᠤᠶᠠᠳᠤᠭᠠᠷ ᠤᠳᠠᠭᠠᠨ ᠤ ᠪᠦᠭᠦᠳᠡ ᠬᠤᠷᠠᠯ ᠳᠤ᠂ ᠬᠤᠷᠠᠯ ᠳᠤ ᠣᠷᠣᠯᠴᠠᠭᠰᠠᠨ ᠪᠦᠬᠦ ᠲᠥᠯᠥᠭᠡᠯᠡᠭᠴᠢᠳ | ᠡᠯ᠎ᠡ ᠵᠦᠢᠯ ᠤᠨ ᠠᠷᠭ᠎ᠠ ︵ᠲᠥᠰᠦᠯ︶ ᠵᠢᠴᠢ ᠶᠡᠷᠦᠩᠬᠡᠶ ᠪᠢᠯᠧᠲ ᠬᠢᠨᠠᠭᠴᠢ᠂ ᠪᠢᠯᠧᠲ ᠬᠢᠨᠠᠭᠴᠢ᠂ ᠪᠢᠯᠧᠲ | ᠪᠦᠷᠢᠳᠬᠡᠭᠴᠢ ᠶᠢᠨ ᠰᠠᠨᠠᠭᠤᠯᠭ᠎ᠠ ᠶᠢᠨ ᠨᠡᠷᠡᠰ ︵ᠲᠥᠰᠦᠯ︶ ᠢ ᠭᠠᠷ ᠡᠷᠭᠦᠨ ᠪᠠᠲᠤᠯᠠᠪᠠ᠃ ᠶᠡᠭᠡ ᠬᠤᠷᠠᠯ ᠠᠴᠠ ︽ | ᠰᠣᠩᠭᠤᠭᠤᠯᠢ ᠶᠢᠨ ᠠᠷᠭ᠎ᠠ︾ ᠶᠢᠨ ᠶᠣᠰᠣᠭᠠᠷ᠂ ᠬᠤᠷᠠᠯ ᠳᠤ ᠣᠷᠣᠯᠴᠠᠭᠰᠠᠨ ᠪᠦᠬᠦ ᠲᠥᠯᠥᠭᠡᠯᠡᠭᠴᠢᠳ ᠭᠦᠢᠴᠡᠳ | ᠶᠠᠷᠢᠯᠴᠠᠬᠤ ᠪᠠᠷ ᠳᠠᠮᠵᠢᠨ᠂ ᠨᠡᠷ᠎ᠡ ᠲᠡᠮᠳᠡᠭᠯᠡᠬᠦ ᠦᠭᠡᠢ ᠰᠣᠩᠭᠤᠭᠤᠯᠢ ᠶᠢᠨ ᠬᠡᠯᠪᠡᠷᠢ ᠪᠠᠷ ᠭᠡᠭᠡᠨᠰᠦ᠋ᠮ᠎ᠡ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ ᠤ ᠪᠠᠯᠭᠠᠰᠤᠨ ᠳᠠᠷᠤᠭ᠎ᠠ 1 ᠨᠡᠷᠡᠰ ᠬᠠᠤᠯᠢ ᠶᠣᠰᠣᠭᠠᠷ ᠰᠣᠩᠭᠤᠨ ᠭᠠᠷᠭᠠᠪᠠ᠃ | ᠰᠢᠨ᠎ᠡ ᠪᠠᠷ ᠰᠣᠩᠭᠤᠭᠳᠠᠭᠰᠠᠨ ᠭᠡᠭᠡᠨᠰᠦ᠋ᠮ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠪᠠᠯᠭᠠᠰᠤᠨ | ᠳᠠᠷᠤᠭ᠎ᠠ ᠰᠢᠤᠸᠠᠢ ᠬᠤᠸᠠ ᠹᠸᠢ ᠦᠨᠳᠦᠰᠦᠨ ᠬᠠᠤᠯᠢ ᠳᠤ ᠲᠠᠩᠭᠠᠷᠢᠭᠯᠠᠪᠠ᠃ ᠶᠡᠭᠡ ᠬᠤᠷᠠᠯ ᠠᠴᠠ ︽ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠤᠨ ᠬᠠᠨᠤᠮᠵᠢ ᠶᠢᠨ | ᠬᠡᠮᠵᠢᠶ᠎ᠡ ᠶᠢ ᠰᠢᠯᠭᠠᠨ ᠦᠨᠡᠯᠡᠬᠦ ᠠᠷᠭ᠎ᠠ︾ ᠵᠢᠴᠢ ︽ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ | ᠵᠦᠢᠯ ᠢ ᠪᠢᠯᠧᠲ ᠥᠭᠴᠦ ᠲᠣᠭᠲᠠᠭᠠᠬᠤ ᠲᠦᠷᠢᠮ ᠤᠨ ᠠᠷᠭ᠎ᠠ︾ ᠶᠢᠨ ᠶᠣᠰᠣᠭᠠᠷ᠂ ᠬᠤᠷᠠᠯ ᠳᠤ ᠣᠷᠣᠯᠴᠠᠭᠰᠠᠨ | ᠪᠦᠬᠦ ᠲᠥᠯᠥᠭᠡᠯᠡᠭᠴᠢᠳ ᠭᠦᠢᠴᠡᠳ ᠶᠠᠷᠢᠯᠴᠠᠵᠤ᠂ ᠶᠡᠷᠦᠩᠬᠡᠢ ᠪᠢᠯᠧᠲ ᠬᠢᠨᠠᠭᠴᠢ ᠪᠣᠯᠤᠨ ᠪᠢᠯᠧᠲ ᠬᠢᠨᠠᠭᠴᠢ ᠶᠢᠨ | ᠬᠢᠨᠠᠯᠲᠠ ᠳᠣᠣᠷ᠎ᠠ᠂ ᠡᠮᠬᠢ ᠵᠢᠷᠤᠮ ᠲᠠᠢ ᠪᠠᠷ ᠪᠢᠯᠧᠲ ᠥᠭᠪᠡ᠃ | ᠪᠢᠯᠧᠲ ᠥᠭᠴᠦ ᠲᠠᠰᠤᠯᠤᠭᠰᠠᠨ ᠦᠷ᠎ᠡ ᠳ᠋ᠦᠩ ᠳᠤ ᠭᠡᠭᠡᠨᠰᠦ᠋ᠮ᠎ᠡ ᠪᠠᠯᠭᠠᠰᠤᠨ ᠤ 2025 ᠣᠨ ᠤ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ 2 ᠲᠣᠭᠲᠠᠭᠠᠪᠠ᠃ ᠳᠠᠷᠤᠢ | ᠤᠯᠠᠭᠠᠨᠬᠤᠲᠠ ᠶᠢᠨ ᠭᠡᠭᠡᠨᠰᠦ᠋ᠮ᠎ᠡ ᠪᠠᠯᠭᠠᠰᠤᠨ ᠤ ᠲᠦᠬᠦᠭᠡᠷᠦᠮᠵᠢᠲᠦ ᠲᠠᠷᠢᠶᠠᠯᠠᠩ ᠤᠨ ᠬᠦᠷᠢᠶᠡᠯᠡᠩ ᠤᠨ | ᠥᠭᠡᠷᠡᠴᠢᠯᠡᠯᠲᠡ ᠶᠢᠨ ᠲᠥᠷᠥᠯ ᠵᠦᠢᠯ᠂ ᠤᠯᠠᠭᠠᠨᠬᠤᠲᠠ ᠶᠢᠨ ᠭᠡᠭᠡᠨᠰᠦ᠋ᠮ᠎ᠡ ᠪᠠᠯᠭᠠᠰᠤᠨ ᠤ ᠬᠠᠳᠠᠨ ᠠᠷᠤ | ᠭᠠᠴᠠᠭ᠎ᠠ ᠶᠢᠨ ᠪᠣᠬᠢᠷᠲᠤᠯ ᠦᠭᠡᠢ ᠢᠳᠡᠰᠢᠨ ᠨᠣᠭᠤᠭ᠎ᠠ ᠶᠢᠨ ᠲᠤᠰᠬᠠᠢ ᠲᠣᠰᠬᠤᠨ ᠤ ᠬᠦᠢᠲᠡᠨ ᠬᠥᠮᠥᠷᠭᠡ ᠪᠦᠲᠦᠭᠡᠨ | ᠪᠠᠶᠢᠭᠤᠯᠬᠤ ᠲᠦᠷᠦᠯ ᠵᠦᠢᠯ ᠪᠠᠭᠲᠠᠨ᠎ᠠ᠃ | ᠶᠡᠭᠡ ᠬᠤᠷᠠᠯ ᠠᠴᠠ ︽ᠭᠡᠭᠡᠨᠰᠦ᠋ᠮ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ | ᠮᠡᠳᠡᠭᠦᠯᠦᠯᠲᠡ ᠶᠢᠨ ᠰᠢᠢᠳᠪᠦᠷᠢ ︵ᠲᠥᠰᠦᠯ︶︾᠂ ︽ᠭᠡᠭᠡᠨᠰᠦ᠋ᠮ᠎ᠡ ᠪᠠᠯᠭᠠᠰᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠠᠵᠢᠯ ᠤᠨ ᠮᠡᠳᠡᠭᠦᠯᠦᠯᠲᠡ ᠶᠢᠨ | ᠰᠢᠢᠳᠪᠦᠷᠢ ︵ᠲᠥᠰᠦᠯ︶︾ ᠶᠢ ᠪᠠᠲᠤᠯᠠᠭᠰᠠᠨ ᠤ ᠳᠠᠷᠠᠭ᠎ᠠ ᠢᠯᠠᠯᠲᠠ ᠲᠠᠢ ᠪᠠᠷ ᠬᠤᠷᠠᠯ ᠲᠡᠭᠦᠰᠪᠡ᠃ | ᠳᠠᠷᠠᠭᠠᠴᠢ ᠶᠢᠨ ᠠᠯᠬᠤᠮ ᠳᠤ᠂ ᠭᠡᠭᠡᠨᠰᠦ᠋ᠮ᠎ᠡ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠦᠷᠭᠦᠯᠵᠢᠯᠡᠨ ᠪᠠᠯᠭᠠᠰᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ | ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠯᠠᠪᠳᠠᠭᠤᠨ | ᠪᠠᠲᠤᠲᠠᠢ ᠦᠢᠯᠡᠳᠦᠯᠭᠡᠵᠢᠭᠦᠯᠵᠦ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠬᠤ ᠵᠣᠷᠢᠭ ᠰᠠᠨᠠᠭ᠎ᠠ ᠪᠣᠯᠤᠨ ᠵᠠᠮ | ᠨᠡᠭᠡᠭᠡᠨ ᠰᠢᠨ᠎ᠡ ᠶᠢ ᠡᠭᠦᠳᠬᠦ ᠳᠦᠷᠰᠦ ᠪᠠᠶᠢᠳᠠᠯ ᠢ ᠪᠠᠷᠢᠮᠲᠠᠯᠠᠵᠤ᠂ ᠭᠡᠭᠡᠨᠰᠦ᠋ᠮ᠎ᠡ ᠪᠠᠯᠭᠠᠰᠤᠨ ᠤ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠶᠠᠨ ᠵᠠᠮ ᠳᠤ ᠣᠷᠣᠬᠤ ᠶᠢ ᠠᠬᠢᠭᠤᠯᠤᠨ᠎ᠠ᠃ | | | |