ᠦ᠋ ᠢ ᠵᠡᠭᠡᠯᠢ ᠶᠢᠨ ᠲᠢᠶᠠᠨ ᠶᠤᠸᠠᠨ ᠨᠡᠶᠢᠭᠡᠮ ᠲᠣᠭᠤᠷᠢᠭ ᠨᠠᠮ ᠤᠨ ᠦᠨᠳᠦᠰᠦᠲᠡᠨ ᠤ ᠣᠨᠣᠯ ᠪᠣᠯᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠰᠤᠷᠤᠯᠴᠠᠬᠤ ᠤᠬᠠᠭᠤᠯᠤᠨ ᠲᠠᠶᠢᠯᠪᠤᠷᠢᠯᠠᠬᠤ ᠬᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2025/4/15
        ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠴᠣᠭᠴᠠᠯᠠᠬᠤ ᠶᠢᠨ ᠲᠥᠯᠥᠭᠡ᠂ 4 ᠰᠠᠷ᠎ᠠ ᠶᠢᠨ 14 ᠤ ᠡᠳᠦᠷ᠂ ᠤᠯᠠᠭᠠᠨᠬᠤᠲᠠ ᠵᠢᠨ‌ᠡᠤ ᠢ ᠵᠡᠭᠡᠯᠢ ᠶᠢᠨ ᠲᠢᠶᠠᠨ ᠶᠤᠸᠠᠨ ᠨᠡᠶᠢᠭᠡᠮ ᠲᠣᠭᠤᠷᠢᠭ ᠨᠠᠮ ᠤᠨ ᠦᠨᠳᠦᠰᠦᠲᠡᠨ ᠤ ᠣᠨᠣᠯ ᠪᠠ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃        ᠠᠵᠢᠯᠯᠠᠭ᠎ᠠ ᠶᠢᠨ ᠳᠤᠮᠳᠠ᠂ ᠲᠢᠶᠠᠨ ᠶᠤᠸᠠᠨ ᠨᠡᠶᠢᠭᠡᠮ ᠲᠣᠭᠤᠷᠢᠭ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠠᠬᠢᠭᠤᠯᠬᠤ ᠨᠡᠶᠢᠭᠡᠮᠯᠢᠭ ᠤᠨ ᠨᠡᠷ᠎ᠡ ᠬᠦᠨᠳᠦᠲᠦ ᠳᠠᠷᠤᠭ᠎ᠠ ᠮᠧᠩ ᠰᠢᠶᠠᠩ ᠹᠧᠩ ᠣᠶᠢᠯᠠᠭᠠᠮᠵᠢᠲᠠᠶ ᠦᠭᠡ ᠬᠡᠯᠡ ᠪᠠᠷ ᠤᠯᠠᠨ ᠢ ᠳᠠᠭᠠᠭᠤᠯᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠬᠠᠮᠢᠶ᠎ᠠ ᠪᠥᠬᠦᠶ ᠮᠡᠳᠡᠯᠭᠡ ᠶᠢ ᠰᠤᠷᠤᠯᠴᠠᠵᠠᠢ᠂ ᠣᠯᠠᠨ ᠢᠶᠠᠷ ᠢᠶᠠᠨ ᠬᠠᠤᠯᠢ ᠲᠣᠭᠲᠠᠭᠠᠯ ᠢ ᠬᠡᠷᠡᠭᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠬᠦᠢᠴᠡᠳ ᠲᠠᠨᠢᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾ ᠶᠢᠨ ᠵᠣᠷᠢᠭ ᠰᠠᠨᠠᠭᠠᠨ ᠤ ᠮᠥᠨ ᠴᠢᠨᠠᠷ ᠢ ᠣᠨᠣᠪᠴᠢᠲᠠᠶ ᠣᠶᠢᠯᠠᠭᠠᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠰᠠᠶᠢᠲᠤᠷ ᠤᠬᠠᠭᠤᠯᠬᠤ ᠬᠡᠷᠡᠭᠲᠡᠶ ᠭᠡᠵᠦ ᠴᠢᠬᠤᠯᠠᠴᠢᠯᠠᠵᠠᠶ᠃        ᠳᠠᠷᠠᠭᠠᠴᠢ ᠶᠢᠨ ᠠᠯᠬᠤᠮ ᠳᠤ᠂ ᠲᠢᠶᠠᠨ ᠶᠤᠸᠠᠨ ᠨᠡᠶᠢᠭᠡᠮ ᠲᠣᠭᠤᠷᠢᠭ ᠤᠨ ᠬᠢᠨ ᠦᠷᠭᠦᠯᠵᠢᠯᠡᠨ ᠤᠯᠠᠨ ᠶᠠᠩᠵᠤ ᠶᠢᠨ ᠬᠡᠯᠪᠡᠷᠢ ᠲᠠᠢ᠂ ᠡᠯᠪᠡᠭ ᠪᠠᠶᠠᠯᠢᠭ ᠠᠭᠤᠯᠭ᠎ᠠ ᠲᠠᠢ ᠰᠤᠷᠤᠯᠴᠠᠨ ᠤᠬᠠᠭᠤᠯᠬᠤ ᠠᠵᠢᠯᠯᠠᠭ᠎ᠠ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠡᠳᠦᠷ ᠲᠤᠳᠤᠮ ᠤᠨ ᠠᠵᠢᠯ ᠳᠤ ᠪᠦᠬᠦ ᠲᠠᠯ᠎ᠠ ᠪᠠᠷ ᠠᠭᠤᠰᠤᠯᠴᠠᠭᠤᠯᠵᠤ᠂ ᠡᠶ᠎ᠡ ᠵᠣᠬᠢᠴᠠᠩᠭᠤᠢ᠂ ᠪᠦᠯᠬᠦᠮᠳᠡᠯ ᠲᠠᠢ᠂ ᠳᠠᠪᠰᠢᠩᠭᠤᠢ ᠨᠡᠶᠢᠭᠡᠮ ᠲᠣᠭᠤᠷᠢᠭ ᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃   
 
ᠢᠷᠡᠯᠲᠡ᠄ ᠤᠯᠠᠭᠠᠨᠬᠤᠲᠠ ᠶᠢᠨ ᠦ᠋ ᠢ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号