ᠤᠯᠠᠭᠠᠨᠬᠤᠲᠠ 4 · 15 ᠤ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/16
        2025 ᠣᠨ ᠤ 4 ᠰᠠᠷ᠎ᠠ ᠶᠢᠨ 15 ᠤ ᠡᠳᠦᠷ ᠪᠣᠯ ᠠᠷᠪᠠᠳᠤᠭᠠᠷ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠪᠣᠯᠤᠨ᠎ᠠ᠃ ᠪᠦᠬᠦ ᠬᠤᠲᠠ ᠶᠢᠨ ᠥᠷᠭᠡᠨ ᠣᠯᠠᠨ ᠺᠠᠳ᠋ᠷ ᠣᠯᠠᠨ ᠲᠦᠮᠡᠨ ᠢ ᠳᠠᠶᠢᠴᠢᠯᠠᠨ ᠵᠢᠯᠣᠭᠤᠳᠴᠤ ᠤᠯᠤᠰ ᠤᠨ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ 4 ᠰᠠᠷ᠎ᠠ ᠶᠢᠨ 15 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠤᠲᠠ ᠶᠢᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠵᠥᠪᠯᠡᠯ ᠤᠨ ᠠᠯᠪᠠᠨ ᠭᠡᠷ ᠤᠯᠠᠭᠠᠨᠬᠤᠲᠠ ᠶᠢᠨ ᠦ᠋ ᠢ ᠠᠭᠤᠳᠠᠮ ᠲᠠᠯᠠᠪᠠᠶ ᠳᠤ ︽ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠤᠭᠰᠠᠨ ᠠᠷᠪᠠᠨ ᠵᠢᠯ︾ ᠪᠠᠷ ᠭᠤᠤᠯ ᠰᠡᠳᠦᠪ ᠪᠣᠯᠭᠠᠭᠰᠠᠨ ︽4 · 15︾ ᠤ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠲᠥᠪᠯᠡᠷᠡᠩᠭᠦᠶ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠶᠢᠮᠠᠭ ᠬᠤᠲᠠ ᠶᠢᠨ ᠬᠠᠮᠢᠶ᠎ᠠ ᠪᠥᠬᠦᠶ ᠤᠳᠤᠷᠢᠳᠤᠯᠭ᠎ᠠ᠂ ᠤᠯᠠᠭᠠᠨᠬᠤᠲᠠ ᠶᠢᠨ 14 ᠲᠣᠮᠤ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠤᠨ ᠳᠤᠭᠤᠶᠢᠯᠠᠩ ᠵᠢᠴᠢ ᠭᠤᠤᠯᠳᠠᠯᠭ᠎ᠠ ᠲᠠᠢ ᠬᠦᠷᠢᠶᠡᠨ ᠤ ᠵᠣᠬᠢᠴᠠᠭᠤᠯᠬᠤ ᠲᠣᠭᠲᠠᠴᠠ ᠶᠢᠨ ᠲᠦᠷᠦᠭᠦᠯᠡᠨ ᠬᠢᠬᠦ ᠨᠢᠭᠡᠴᠢ ᠪᠠ ᠬᠠᠷᠢᠭᠤᠴᠠᠯᠭᠠᠲᠤ ᠨᠢᠭᠡᠴᠢ ᠶᠢᠨ ᠵᠠᠭᠤ ᠰᠢᠬᠠᠮ ᠨᠠᠮ ᠤᠨ ᠭᠡᠰᠢᠭᠦᠨ ᠺᠠᠳ᠋ᠷ ᠠᠵᠢᠯᠯᠠᠭ᠎ᠠ ᠳᠤ ᠣᠷᠣᠯᠴᠠᠵᠠᠶ᠃
1.jpg
        ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠡᠯ᠎ᠡ ᠬᠠᠮᠢᠶ᠎ᠠ ᠪᠥᠬᠦᠶ ᠨᠢᠭᠡᠴᠢ ᠤᠬᠠᠭᠤᠯᠭ᠎ᠠ ᠶᠢᠨ ᠰᠠᠮᠪᠠᠷ᠎ᠠ ᠪᠣᠯᠤᠨ ᠤᠬᠠᠭᠤᠯᠭ᠎ᠠ ᠯᠠᠪᠯᠠᠭ᠎ᠠ ᠶᠢᠨ ᠲᠠᠪᠴᠠᠩ ᠭᠠᠷᠭᠠᠬᠤ᠂ ᠰᠦᠯᠵᠢᠶᠡᠨ ᠳᠡᠭᠡᠷᠡᠬᠢ ᠱᠠᠩᠨᠠᠯᠲᠤ ᠥᠷᠢᠰᠥᠯᠳᠦᠭᠡᠨ ᠢ ᠵᠣᠬᠢᠶᠠᠨ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠣᠯᠠᠨ ᠲᠦᠮᠡᠨ ᠳᠤ ᠤᠯᠤᠰ ᠤᠨ ᠠᠮᠤᠷ ᠲᠦᠪᠰᠢᠨ ᠤ ᠮᠡᠳᠡᠯᠭᠡ ᠶᠢ ᠤᠬᠠᠭᠤᠯᠪᠠ᠃ ᠠᠵᠢᠯᠲᠠᠳ ᠪᠡᠶ᠎ᠡ ᠪᠠᠷ ᠢᠶᠠᠨ ᠲᠠᠶᠢᠯᠪᠤᠷᠢᠯᠠᠭᠴᠢ ᠪᠣᠯᠵᠤ᠂ ᠣᠯᠠᠨ ᠲᠦᠮᠡᠨ ᠳᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ︽ᠤᠯᠤᠰ ᠤᠨ ᠠᠮᠤᠷ ᠲᠦᠪᠰᠢᠨ ᠤ ᠬᠠᠤᠯᠢ︾᠂ ︽ᠨᠢᠭᠤᠴᠠ ᠶᠢ ᠬᠠᠮᠠᠭᠠᠯᠠᠬᠤ ᠬᠠᠤᠯᠢ︾᠂ ︽ᠲᠠᠩᠨᠠᠭᠤᠯ ᠢ ᠡᠰᠡᠷᠭᠦᠴᠡᠬᠦ ᠬᠠᠤᠯᠢ︾ ᠵᠡᠷᠭᠡ ᠤᠯᠤᠰ ᠤᠨ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠵᠦ᠂ ᠨᠢᠭᠤᠷᠲᠠᠨ ᠶᠠᠷᠢᠯᠴᠠᠬᠤ ᠠᠷᠭ᠎ᠠ ᠮᠠᠶ᠋ᠢᠭ ᠢᠶᠠᠷ ᠳᠠᠮᠵᠢᠨ ᠣᠯᠠᠨ ᠲᠦᠮᠡᠨ ᠤ ᠰᠤᠷᠤᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠣᠯᠠᠨ ᠲᠦᠮᠡᠨ ᠤ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠪᠡ᠃
2.jpg
        ︽ᠡᠨᠡ ᠤᠳᠠᠭᠠᠨ ᠤ ᠠᠵᠢᠯᠯᠠᠭ᠎ᠠ ᠪᠠᠷ ᠳᠠᠮᠵᠢᠨ᠂ ᠪᠢ ᠮᠠᠰᠢ ᠣᠯᠠᠨ ᠤᠯᠤᠰ ᠤᠨ ᠠᠮᠤᠷ ᠲᠦᠪᠰᠢᠨ ᠤ ᠮᠡᠳᠡᠯᠭᠡ ᠶᠢ ᠣᠶᠢᠯᠠᠭᠠᠭᠰᠠᠨ ᠤ ᠬᠠᠮᠲᠤ ᠰᠦᠯᠵᠢᠶᠡᠨ ᠳᠡᠭᠡᠷ᠎ᠡ ᠰᠡᠳᠦᠪ ᠬᠠᠷᠢᠭᠤᠯᠬᠤ ᠠᠵᠢᠯᠯᠠᠭ᠎ᠠ ᠳᠤ ᠣᠷᠣᠯᠴᠠᠪᠠ᠃ ᠬᠤᠵᠢᠮ ᠤᠨ ᠠᠵᠢᠯ ᠠᠮᠢᠳᠤᠷᠠᠯ ᠳᠤᠮᠳᠠ ᠪᠢ ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠬᠤ ᠶᠢ ᠨᠠᠩ ᠠᠩᠬᠠᠷᠴᠤ᠂ ᠪᠠᠰᠠ ᠥᠨᠥᠳᠦᠷ ᠤᠨ ᠰᠤᠷᠤᠭᠰᠠᠨ ᠮᠡᠳᠡᠯᠭᠡ ᠶᠢ ᠭᠡᠷ ᠤᠨ ᠬᠥᠮᠦᠰ ᠪᠠ ᠨᠠᠶᠢᠵᠠ ᠨᠥᠬᠦᠳ ᠲᠡᠭᠡᠨ ᠳᠠᠮᠵᠢᠭᠤᠯᠬᠤ᠂ ᠬᠠᠮᠲᠤ ᠪᠠᠷ ᠤᠯᠤᠰ ᠤᠨ ᠠᠮᠤᠷ ᠲᠦᠪᠰᠢᠨ ᠤ ᠤᠬᠠᠮᠰᠠᠷ ᠢᠶᠠᠨ ᠳᠡᠭᠡᠭᠰᠢᠯᠡᠭᠦᠯᠤᠨ᠎ᠠ︾ ᠭᠡᠵᠦ ᠤᠯᠠᠭᠠᠨᠬᠤᠲᠠ ᠶᠢᠨ ᠠᠷᠠᠳ ᠹᠦ᠋ ᠰᠧ ᠪᠥᠸᠧ ᠬᠡᠯᠡᠪᠡ᠃        ᠣᠶᠢᠯᠠᠭᠠᠭᠰᠠᠨ ᠢᠶᠠᠷ᠂ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ ᠤᠬᠠᠭᠤᠯᠭ᠎ᠠ ᠶᠢᠨ ᠭᠠᠷ ᠳᠡᠪᠲᠡᠷ ᠪᠠ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 2000 ᠭᠠᠷᠤᠶ ᠬᠤᠪᠢ ᠲᠠᠷᠬᠠᠭᠠᠵᠤ᠂ ᠣᠯᠠᠨ ᠲᠦᠮᠡᠨ ᠤ ᠤᠯᠤᠰ ᠤᠨ ᠠᠮᠤᠷ ᠲᠦᠪᠰᠢᠨ ᠤ ᠴᠢᠬᠤᠯᠠ ᠴᠢᠨᠠᠷ ᠤᠨ ᠲᠤᠬᠠᠶ ᠲᠠᠨᠢᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠵᠤ᠂ ᠤᠯᠤᠰ ᠤᠨ ᠠᠮᠤᠷ ᠲᠦᠪᠰᠢᠨ ᠤ ᠣᠶᠢᠯᠠᠭᠠᠭᠳᠠᠬᠤᠨ ᠢ ᠤᠯᠠᠭᠠᠨᠬᠤᠲᠠ ᠳᠤ ᠦᠨᠳᠦᠰᠦᠯᠡᠭᠦᠯᠬᠦ ᠶᠢ ᠠᠬᠢᠭᠤᠯᠪᠠ᠃
3.jpg
        ︽ᠤᠯᠠᠭᠠᠨᠬᠤᠲᠠ ᠶᠢᠨ ᠤᠯᠤᠰ ᠤᠨ ᠠᠮᠤᠷ ᠲᠦᠪᠰᠢᠨ ᠤ ᠵᠥᠪᠯᠡᠯ ᠠᠴᠠ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯ ᠢ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠠᠬᠢᠭᠤᠯᠵᠤ᠂ ᠪᠥᠬᠦ ᠲᠠᠯ᠎ᠠ ᠪᠠᠷ ᠨᠢᠭᠡᠳᠦᠯᠲᠡᠶ ᠲᠥᠯᠥᠪᠵᠢᠭᠦᠯᠦᠨ ᠪᠠᠶᠢᠷᠢᠯᠠᠭᠤᠯᠤᠭᠰᠠᠭᠠᠷ ᠢᠷᠡᠵᠡᠢ᠃ ᠥᠨᠥᠳᠦᠷ ᠤᠨ ᠲᠥᠪᠯᠡᠷᠡᠭᠦᠯᠦᠨ ᠤᠬᠠᠭᠤᠯᠬᠤ ᠬᠡᠯᠪᠡᠷᠢ ᠪᠠᠷ ᠡᠨᠡ ᠬᠦ ᠠᠵᠢᠯ ᠢ ᠪᠠᠰᠠ ᠨᠢᠭᠡᠨ ᠥᠷᠨᠢᠯᠲᠡ ᠳᠤ ᠬᠦᠷᠭᠡᠵᠦ᠂ ᠤᠯᠤᠰ ᠤᠨ ᠠᠮᠤᠷ ᠲᠦᠪᠰᠢᠨ ᠤ ᠮᠡᠳᠡᠯᠭᠡ ᠶᠢ ︿ᠡᠭᠡᠯ ᠠᠷᠠᠳ ᠤᠨ ᠭᠡᠷ ᠲᠤ ᠣᠷᠣᠭᠤᠯᠬᠤ﹀ ᠶᠢ ᠦᠨᠡᠨ ᠬᠦ ᠪᠡᠶᠡᠯᠡᠭᠦᠯᠵᠦ᠂ ᠺᠠᠳ᠋ᠷ ᠤᠯᠠᠨ ᠲᠦᠮᠡᠨ ᠢ ᠬᠥᠲᠥᠯᠥᠨ ᠵᠢᠯᠣᠭᠤᠳᠴᠤ ᠤᠯᠤᠰ ᠤᠨ ᠠᠮᠤᠷ ᠲᠦᠪᠰᠢᠨ ᠤ ︿ᠪᠣᠯᠣᠳ ᠲᠡᠮᠦᠷ ᠣᠷᠳᠣ ᠴᠠᠭᠠᠨ ᠬᠡᠷᠡᠮ﹀ ᠢ ᠬᠠᠮᠲᠤ ᠪᠠᠷ ᠴᠣᠭᠴᠠᠯᠠᠵᠠᠢ︾᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠤᠲᠠ ᠶᠢᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠵᠥᠪᠯᠡᠯ ᠤᠨ ᠠᠯᠪᠠᠨ ᠬᠡᠷ ᠤᠨ ᠳᠡᠳ᠋ ᠡᠷᠬᠢᠯᠡᠭᠴᠢ ᠳ᠋ᠠᠶ ᠨᠠᠨ᠂ ᠲᠠᠷᠠᠭᠠᠴᠢ ᠶᠢᠨ ᠠᠯᠬᠤᠮ ᠳᠤ ᠤᠯᠤᠰ ᠤᠨ ᠠᠮᠤᠷ ᠲᠦᠪᠰᠢᠨ ᠤ ︽ᠳᠣᠯᠤᠭ᠎ᠠ ᠶᠢ ᠣᠷᠣᠭᠤᠯᠬᠤ︾ ᠠᠵᠢᠯᠯᠠᠭ᠎ᠠ ᠪᠠᠷ ᠳᠠᠮᠵᠢᠨ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠤᠯᠤᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠶᠢᠭᠤᠯᠤᠨ᠎ᠠ ᠭᠡᠵᠦ ᠢᠯᠡᠷᠬᠡᠶᠢᠯᠡᠵᠡᠢ᠃   
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号