| ᠤᠶᠢᠷ᠎ᠠ ᠳᠤ᠂ ᠤᠯᠠᠭᠠᠨᠬᠤᠳᠠ ᠶᠢᠨ ᠡᠮᠴᠢᠯᠡᠬᠡᠨ ᠤ ᠬᠠᠮᠳᠤ ᠶᠢᠨ ᠴᠤᠬᠴᠠ ᠶᠢᠨ ᠶᠡᠷᠦᠩᠭᠡᠢ ᠡᠮᠨᠡᠯᠬᠡ ᠶᠢᠨ | ᠬᠤᠷᠢᠶ᠎ᠠ ᠶᠢᠨ ᠬᠤᠳᠠ ᠶᠢᠨ ᠲᠡᠬᠦᠷᠭᠡ ᠨᠡᠶᠢᠬᠡᠮ ᠲᠤᠭᠤᠷᠢᠭ ᠬᠤᠪᠢᠶᠠᠷᠢ ᠬᠤᠷᠢᠶ᠎ᠠ ᠪᠦᠬᠦ ᠺᠠᠳ᠋ᠷ ᠠᠵᠢᠯᠳᠠᠨ ᠢᠶᠠᠨ | ᠵᠤᠬᠢᠶᠠᠨ ᠪᠠᠶᠢᠭᠤᠯᠵᠦ᠂ ᠲᠦᠪᠯᠡᠷᠡᠬᠦᠯᠦᠨ ᠰᠤᠷᠤᠯᠴᠠᠬᠤ ᠬᠤᠷᠠᠯ ᠬᠤᠷᠠᠯᠳᠤᠭᠤᠯᠵᠦ᠂ ᠦᠪᠤᠷ ᠮᠤᠩᠭᠤᠯ ᠤᠨ | ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠤᠨ ᠦᠪᠦᠷ ᠮᠤᠩᠭᠤᠯ ᠤᠨ | ᠨᠠᠮ ᠤᠨ ᠰᠤᠷᠭᠠᠭᠤᠯᠢ ᠶᠢᠨ ᠬᠠᠪᠦᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ | ᠶᠤᠰᠤᠯᠠᠯ ᠲᠡᠭᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠵᠠᠢ᠃ | ᠬᠤᠷᠠᠯ ᠲᠡᠭᠡᠷ᠎ᠡ᠂ ᠳᠤᠰ ᠬᠤᠪᠢᠶᠠᠷᠢ ᠬᠤᠷᠢᠶᠠᠨ ᠤ ᠨᠠᠮ ᠤᠨ ᠡᠬᠦᠷ ᠤᠨ ᠱᠦᠵᠢ᠂ ᠡᠷᠬᠢᠯᠡᠭᠴᠢ ᠵᠤᠤ ᡁᠢ | ᠴᠢᠶᠠᠩ ᠠᠴᠠ ᠰᠦᠨ ᠱᠤᠤ ᠴᠧᠩ ᠱᠦᠵᠢ ᠶᠢᠨ ᠶᠠᠷᠢᠶᠠᠨ ᠤ ᠵᠤᠷᠢᠭ ᠰᠠᠨᠠᠭ᠎ᠠ ᠳᠤ ᠬᠦᠨᠵᠡᠬᠡᠢ ᠵᠠᠳᠠᠯᠦᠯᠳᠡ ᠬᠢᠵᠡᠢ᠃ | ᠰᠦᠨ ᠱᠤᠤ ᠴᠧᠩ ᠱᠦᠵᠢ ᠶᠢᠨ ᠶᠠᠷᠢᠶ᠎ᠠ ᠨᠢ ᠪᠦᠬᠦ ᠤᠷᠤᠨ ᠤ ᠨᠠᠮ ᠤᠨ ᠬᠡᠰᠢᠬᠦᠨ ᠺᠠᠳ᠋ᠷ ᠨᠠᠷ ᠲᠤ ᠠᠵᠢᠯ ᠤᠨ | ᠴᠢᠭᠯᠡᠯ ᠵᠢᠭᠠᠵᠦ᠂ ᠰᠢᠨᠵᠢᠯᠡᠬᠦ ᠤᠬᠠᠭᠠᠨᠴᠢ ᠠᠷᠭ᠎ᠠ ᠶᠢᠨ ᠤᠨᠤᠯ ᠤᠨ ᠵᠢᠯᠤᠭᠤᠳᠤᠯᠭ᠎ᠠ ᠬᠠᠨᠭ᠍ᠭᠠᠵᠦ᠂ ᠡᠷᠡᠬᠦᠯ | ᠬᠠᠮᠠᠭᠠᠯᠠᠯ ᠡᠷᠡᠬᠦᠯ ᠮᠡᠨᠳᠤ ᠶᠢᠨ ᠠᠵᠢᠯ ᠳᠤ ᠴᠢᠬᠤᠯᠠ ᠵᠢᠯᠤᠭᠤᠳᠬᠤ ᠦᠨ᠎ᠡ ᠦᠷᠳᠡᠭ ᠲᠠᠢ ᠶᠤᠮ᠃ | ᠲᠤᠰ ᠤᠳᠠᠭᠠᠨ ᠤ ᠬᠤᠷᠠᠯ ᠢᠶᠠᠷ ᠲᠠᠮᠵᠢᠭᠤᠯᠤᠨ᠂ ᠬᠤᠳᠠ ᠶᠢᠨ ᠲᠡᠭᠦᠷᠬᠡ ᠨᠡᠶᠢᠬᠡᠮ ᠲᠤᠭᠤᠷᠢᠭ ᠬᠤᠪᠢᠶᠠᠷᠢ | ᠬᠤᠷᠢᠶ᠎ᠠ ᠶᠢᠨ ᠪᠦᠬᠦ ᠺᠠᠳ᠋ᠷ ᠠᠵᠢᠯᠳᠠᠳ ᠰᠦᠨ ᠱᠤᠤ ᠴᠧᠩ ᠱᠦᠵᠢ ᠶᠢᠨ ᠶᠠᠷᠢᠶᠠᠨ ᠤ ᠵᠤᠷᠢᠭ ᠰᠠᠨᠠᠭ᠎ᠠ ᠶᠢᠨ | ᠴᠢᠬᠤᠯᠠ ᠠᠭᠤᠯᠭ᠎ᠠ ᠶᠢ ᠬᠦᠨᠵᠡᠬᠡᠢ ᠤᠶᠢᠯᠠᠭᠠᠵᠦ᠂ ᠠᠵᠢᠯ ᠤᠨ ᠬᠠᠷᠠᠯᠳᠠ ᠪᠠᠨ ᠤᠯᠠᠮ ᠨᠢᠬᠡ ᠠᠯᠬᠤᠮ | ᠲᠤᠳᠤᠷᠬᠠᠶᠢᠯᠠᠵᠠᠢ᠃ ᠤᠯᠠᠨ ᠢᠶᠠᠷ ᠢᠶᠠᠨ᠂ ᠤᠷᠬᠢᠯᠦᠮ᠎ᠠ ᠬᠠᠯᠠᠭᠤᠨ ᠰᠡᠳᠬᠢᠯᠬᠡ ᠪᠠᠷ ᠡᠷᠡᠬᠦᠯ ᠬᠠᠮᠠᠭᠠᠯᠠᠯ ᠡᠷᠡᠬᠦᠯ | ᠮᠡᠨᠳᠤ ᠶᠢᠨ ᠦᠢᠯᠡᠰ ᠤᠨ ᠲᠦᠯᠦᠬᠡ ᠴᠢᠷᠮᠠᠶᠢᠵᠦ᠂ ᠤᠯᠠᠨ ᠲᠦᠮᠡᠨ ᠤ ᠡᠷᠡᠬᠦᠯ ᠮᠡᠨᠳᠤ ᠶᠢ ᠪᠠᠳᠦᠯᠠᠨ᠂ ᠦᠨᠳᠦᠰᠦᠨ | ᠱᠠᠳᠦᠨ ᠤ ᠡᠮᠴᠢᠯᠡᠬᠡᠨ ᠤ ᠡᠷᠡᠬᠦᠯ ᠬᠠᠮᠠᠭᠠᠯᠠᠯ ᠤᠨ ᠦᠢᠯᠡᠰ ᠤᠨ ᠴᠢᠨᠠᠷ ᠰᠠᠶᠢᠳᠠᠢ ᠬᠦᠭᠵᠢᠯᠳᠡ ᠳᠤ ᠦᠪᠡᠷ ᠤᠨ | ᠬᠡᠰᠡᠨ ᠬᠦᠴᠦᠨ ᠴᠢᠳᠠᠯ ᠢᠶᠠᠨ ᠡᠷᠬᠦᠨ᠎ᠡ ᠬᠡᠵᠦ ᠢᠯᠡᠳᠭᠡᠵᠡᠭᠡᠪᠡ᠃ ᠵᠢᠶᠠᠨ ᠬᠤᠸᠠ ᠮᠡᠳᠡᠬᠡᠯᠡᠪᠡ |