| | 2025 ᠣᠨ ᠤ 4 ᠰᠠᠷ᠎ᠠ ᠶᠢᠨ 15 ᠤ ᠡᠳᠦᠷ ᠪᠣᠯ ᠠᠷᠪᠠᠳᠤᠭᠠᠷ ᠪᠦᠬᠦ ᠠᠷᠠᠳ ᠤᠨ ᠤᠯᠤᠰ ᠤᠨ ᠠᠮᠤᠷ | ᠲᠦᠪᠰᠢᠨ ᠤ ᠬᠥᠮᠦᠵᠢᠯ ᠤᠨ ᠡᠳᠦᠷ ᠪᠣᠯᠤᠨ᠎ᠠ᠂ ᠤᠯᠠᠭᠠᠨᠬᠤᠲᠠ ᠶᠢᠨ ᠲᠠᠪᠢᠨ ᠥᠷᠲᠡᠭᠡ ᠪᠠᠯᠭᠠᠰᠤᠨ ᠤ ᠠᠮᠤᠷ | ᠲᠦᠪᠰᠢᠨ ᠤ ᠠᠯᠪᠠᠨ ᠭᠡᠷ ᠵᠡᠪᠰᠡᠭᠲᠦ ᠬᠦᠴᠦᠨ᠂ ᠬᠠᠤᠯᠢ ᠴᠠᠭᠠᠵᠠ ᠵᠡᠷᠭᠡ ᠰᠠᠯᠠᠭ᠎ᠠ ᠮᠥᠴᠢᠷ ᠲᠠᠢ ᠬᠤᠯᠪᠤᠭᠠᠯᠠᠨ | ᠬᠦᠳᠡᠯᠦᠯᠴᠡᠵᠦ᠂ ᠰᠢᠨᠬᠤᠸᠠ ᠲᠣᠰᠬᠤᠨ ᠤ ᠠᠭᠤᠳᠠᠮ ᠲᠠᠯᠠᠪᠠᠢ ᠳᠤ ︽ᠪᠦᠬᠦ ᠠᠷᠠᠳ ᠤᠨ ᠤᠯᠤᠰ ᠤᠨ ᠠᠮᠤᠷ | ᠲᠦᠪᠰᠢᠨ ᠤ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠤᠭᠰᠠᠨ ᠠᠷᠪᠠᠨ ᠵᠢᠯ︾ ᠬᠡᠮᠡᠬᠦ ᠭᠤᠣᠯ ᠰᠡᠳᠦᠪᠲᠦ | ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ︽ᠲᠣᠭᠲᠠᠭᠰᠠᠨ ᠴᠡᠭ ᠤᠨ ᠦᠢᠯᠡᠴᠢᠯᠡᠭᠡ + ᠨᠡᠭᠦᠳᠡᠯ ᠤᠬᠠᠭᠤᠯᠭ᠎ᠠ | ︾ ᠶᠢᠨ ᠬᠡᠯᠪᠡᠷᠢ ᠪᠠᠷ ᠤᠯᠤᠰ ᠤᠨ ᠠᠮᠤᠷ ᠲᠦᠪᠰᠢᠨ ᠤ ᠦᠵᠡᠯᠲᠡ ᠶᠢ ᠬᠥᠮᠥᠰ ᠤᠨ ᠰᠡᠳᠬᠢᠯ ᠳᠤ | ᠬᠠᠳᠠᠩᠰᠢᠭᠤᠯᠬᠤ ᠶᠢ ᠠᠬᠢᠭᠤᠯᠪᠠ᠃ | | | | | | | | | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠤᠬᠠᠭᠤᠯᠭ᠎ᠠ ᠶᠢᠨ ᠲᠡᠷᠭᠡ ᠤᠯᠤᠰ ᠤᠨ ᠠᠮᠤᠷ ᠲᠦᠪᠰᠢᠨ ᠤ ᠬᠠᠤᠯᠢ᠂ ᠲᠠᠩᠨᠠᠭᠤᠯ ᠢ ᠡᠰᠡᠷᠭᠦᠴᠡᠬᠦ | ᠬᠠᠤᠯᠢ ᠵᠡᠷᠭᠡ ᠬᠠᠤᠯᠢ ᠴᠠᠭᠠᠵᠠ ᠶᠢᠨ ᠤᠬᠠᠭᠤᠯᠭ᠎ᠠ ᠶᠢᠨ ᠸᠢᠳᠢᠣ᠋ ᠶᠢ ᠡᠭᠡᠯᠵᠢᠯᠡᠨ ᠨᠡᠪᠲᠡᠷᠡᠭᠦᠯᠵᠦ᠂ ᠮᠠᠰᠢ ᠤᠯᠠᠨ | ᠤᠯᠠᠨ ᠲᠦᠮᠡᠨ ᠤ ᠠᠩᠬᠠᠷᠤᠯ ᠢ ᠲᠠᠲᠠᠪᠠ᠃ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ | ᠤᠬᠠᠭᠤᠯᠤᠭᠴᠢ ᠠᠴᠠ ᠤᠬᠠᠭᠤᠯᠭ᠎ᠠ ᠶᠢᠨ ᠲᠠᠶᠢᠰᠠᠨ ᠤ ᠡᠮᠦᠨ᠎ᠡ᠂ ᠣᠯᠠᠨ ᠲᠦᠮᠡᠨ ᠳᠤ ᠤᠯᠤᠰ ᠤᠨ ᠠᠮᠤᠷ | ᠲᠦᠪᠰᠢᠨ ᠤ ᠬᠠᠤᠯᠢ᠂ ᠲᠠᠩᠨᠠᠭᠤᠯ ᠢ ᠡᠰᠡᠷᠭᠦᠴᠡᠬᠦ ᠬᠠᠤᠯᠢ᠂ ᠴᠡᠷᠢᠭ ᠤᠨ ᠶᠠᠪᠤᠳᠠᠯ ᠤᠨ ᠲᠥᠬᠦᠭᠡᠷᠦᠮᠵᠢ ᠶᠢ | ᠬᠠᠮᠠᠭᠠᠯᠠᠬᠤ ᠬᠠᠤᠯᠢ ᠵᠡᠷᠭᠡ ᠬᠠᠤᠯᠢ ᠲᠦᠷᠢᠮ ᠤᠨ ᠤᠬᠠᠭᠤᠯᠭ᠎ᠠ ᠶᠢᠨ ᠮᠠᠲ᠋ᠧᠷᠢᠶᠠᠯ ᠢ 300 ᠭᠠᠷᠤᠶ ᠬᠤᠪᠢ | ᠲᠠᠷᠬᠠᠭᠠᠭᠰᠠᠨ ᠪᠥᠭᠡᠳ ᠣᠯᠠᠨ ᠲᠦᠮᠡᠨ ᠤ ᠠᠩᠬᠠᠷᠴᠤ ᠪᠠᠶᠢᠭ᠎ᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠮᠤᠷ | ᠲᠦᠪᠰᠢᠨ᠂ ᠴᠡᠷᠢᠭ ᠬᠥᠮᠦᠨ ᠢ ᠠᠰᠠᠷᠠᠨ ᠬᠠᠷᠠᠭᠠᠯᠵᠠᠬᠤ ᠵᠡᠷᠭᠡ ᠠᠰᠠᠭᠤᠳᠠᠯ ᠤᠨ ᠲᠣᠭᠤᠷᠢᠨ ᠳᠤ ᠲᠤᠬᠠᠶ ᠶᠢᠨ | ᠲᠠᠯᠠᠪᠤᠷ ᠲᠤ 30 ᠭᠠᠷᠤᠶ ᠬᠥᠮᠦᠨ ᠤᠳᠠᠭ᠎ᠠ ᠮᠠᠳᠠᠭ ᠲᠠᠢ ᠠᠰᠠᠭᠤᠳᠠᠯ ᠢ ᠬᠠᠷᠢᠭᠤᠯᠪᠠ᠃ ᠬᠠᠤᠯᠢ ᠴᠠᠭᠠᠵᠠ ᠶᠢᠨ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠦᠢᠯᠡᠴᠢᠯᠡᠭᠴᠢ ᠪᠠᠰᠠ ᠴᠢᠯᠦᠭᠡᠲᠦ ᠳᠡᠯᠭᠡᠭᠦᠷ᠂ | ᠲᠠᠷᠢᠶᠠᠴᠢᠨ ᠡᠷᠦᠬᠡ ᠪᠠᠷ ᠬᠦᠷᠴᠦ᠂ ᠬᠤᠪᠢ ᠬᠥᠮᠦᠨ ᠤ ᠮᠡᠳᠡᠭᠡ ᠵᠠᠩᠭᠢ ᠶᠢᠨ ᠠᠮᠤᠷ ᠲᠦᠪᠰᠢᠨ ᠢ ᠬᠠᠮᠠᠭᠠᠯᠠᠬᠤ᠂ | ᠴᠠᠬᠢᠯᠭᠠᠨ ᠬᠤᠯᠪᠣᠭᠠᠨ ᠤ ᠮᠡᠬᠡᠯᠡᠯ ᠢ ᠰᠡᠷᠭᠡᠶᠢᠯᠡᠬᠦ ᠵᠡᠷᠭᠡ ᠬᠠᠤᠯᠢ ᠴᠠᠭᠠᠵᠠ ᠶᠢᠨ ᠮᠡᠳᠡᠯᠭᠡ ᠶᠢ ᠤᠬᠠᠭᠤᠯᠪᠠ᠃ | | | | | | | | | | ︽ᠡᠨᠡ ᠤᠳᠠᠭ᠎ᠠ ᠴᠥᠭᠡᠨ ᠪᠤᠰᠤ ᠣᠯᠤᠯᠲᠠ ᠲᠠᠢ᠂ ᠴᠡᠷᠢᠭ ᠠᠩᠭᠢ ᠠᠴᠠ ᠡᠶᠢᠮᠦ ᠣᠶᠢᠷᠠᠬᠠᠨ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠢᠯᠡᠰ ᠲᠤ ᠬᠦᠴᠦᠨ ᠴᠢᠳᠠᠯ ᠢᠶᠠᠨ ᠡᠷᠭᠦᠬᠦ ᠪᠣᠯ ᠮᠠᠨ ᠤ ᠡᠭᠦᠷᠭᠡ ᠮᠥᠨ | ︾ ᠭᠡᠵᠦ ᠰᠢᠨᠬᠤᠸᠠ ᠲᠣᠰᠬᠤᠨ ᠤ ᠠᠷᠠᠳ ᠵᠧᠦ ᠭᠦᠸᠧ ᠼᠠᠢ ᠠᠵᠢᠯᠯᠠᠭ᠎ᠠ ᠳᠤ ᠣᠷᠣᠯᠴᠠᠭᠰᠠᠨ ᠤ ᠳᠠᠷᠠᠭ᠎ᠠ ᠰᠡᠳᠬᠢᠯ | ᠳᠣᠭᠳᠣᠯᠤᠨ ᠶᠠᠷᠢᠵᠤ ᠪᠠᠶᠢᠯ᠎ᠠ᠃ | | | | | | | | ᠲᠣᠰ ᠤᠳᠠᠭᠠᠨ ᠤ ᠠᠵᠢᠯᠯᠠᠭ᠎ᠠ ᠨᠢ ᠣᠯᠠᠨ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠵᠦ᠂ ᠣᠯᠠᠨ | ᠬᠡᠯᠪᠡᠷᠢ ᠪᠠᠷ ᠢᠯᠡᠷᠡᠭᠦᠯᠵᠦ᠂ ᠣᠯᠠᠨ ᠲᠦᠮᠡᠨ ᠤ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢᠨ ᠲᠤᠬᠠᠶ | ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ | ᠬᠠᠷᠢᠭᠤᠴᠠᠯᠭᠠᠲᠤ ᠰᠡᠳᠬᠢᠯᠭᠡ ᠪᠠ ᠣᠷᠣᠯᠴᠠᠬᠤ ᠰᠡᠳᠬᠢᠯᠭᠡ ᠶᠢ ᠪᠦᠲᠦᠮᠵᠢᠲᠡᠶ ᠳᠡᠭᠡᠭᠰᠢᠯᠡᠭᠦᠯᠪᠡ᠃ ᠲᠠᠷᠠᠭᠠᠴᠢ ᠶᠢᠨ | ᠠᠯᠬᠤᠮ ᠳᠤ᠂ ᠲᠠᠪᠢᠨ ᠥᠷᠲᠡᠭᠡ ᠪᠠᠯᠭᠠᠰᠤ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠢ | ᠪᠠᠶᠢᠩᠭᠤᠵᠢᠭᠤᠯᠤᠨ ᠥᠷᠨᠢᠭᠦᠯᠵᠦ᠂ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠶᠢ ᠤᠶᠠᠯᠳᠤᠭᠤᠯᠬᠤ | ᠬᠡᠯᠪᠡᠷᠢ ᠪᠠᠷ ᠳᠠᠮᠵᠢᠭᠤᠯᠤᠨ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ | ᠦᠨᠳᠦᠰᠦᠨ ᠱᠠᠲᠤᠨ ᠤ ᠵᠠᠰᠠᠯᠲᠠ ᠳᠤ ᠠᠭᠤᠰᠤᠯᠴᠠᠭᠤᠯᠬᠤ ᠶᠢ ᠠᠬᠢᠭᠤᠯᠵᠤ᠂ ᠬᠠᠷᠢᠶ᠎ᠠ ᠣᠷᠣᠨ ᠤ ᠠᠮᠤᠷ | ᠲᠦᠪᠰᠢᠨ ᠤ ᠬᠠᠮᠠᠭᠠᠯᠠᠯᠲᠠ ᠶᠢᠨ ᠲᠣᠤᠷ ᠢ ᠦᠨᠡᠨ ᠬᠦ ᠨᠢᠭᠲᠠ ᠪᠠᠶᠢᠭᠤᠯᠤᠨ᠎ᠠ᠃ | |