ᠬᠢᠩᠭᠠᠨ ᠠᠶᠢᠮᠠᠭ ᠤᠨ ᠬᠤᠶᠠᠷ ᠠᠵᠤ ᠠᠬᠤᠶᠢᠯᠠᠯ ᠤᠨ 323 ᠡᠭᠦᠯᠳᠡᠷ ᠤᠨ ᠪᠤᠬ᠎ᠠ ᠤᠯᠤᠰ ᠤᠨ ᠨᠡᠷᠡᠰ ᠤᠨ ᠵᠢᠬᠰᠠᠭᠠᠯᠳᠠ ᠳᠤ ᠤᠷᠤᠪᠠ
ᠨᠡᠶᠢᠲᠡᠯᠡᠭᠰᠡᠨ ᠴᠠᠭ᠄
2025/4/2
        ᠲᠦᠷᠦᠭᠦᠬᠡᠨ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠦᠬᠡᠷ ᠤᠨ ᠢᠴᠡᠭᠡᠯ ᠦᠷ᠎ᠠ ᠶᠢᠨ ᠰᠢᠩᠭᠡᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠪᠠᠷ᠂ ᠪᠥᠬᠦ ᠤᠯᠤᠰ ᠤᠨ ᠮᠠᠯ ᠠᠵᠤ ᠠᠬᠤᠶ ᠶᠢᠨ ᠶᠡᠷᠦᠩᠬᠡᠶ ᠥᠷᠲᠡᠭᠡ ᠪᠥᠬᠦ ᠤᠯᠤᠰ ᠤᠨ ᠲᠡᠵᠢᠭᠡᠪᠦᠷᠢ ᠶᠢᠨ ᠡᠭᠦᠯᠳᠡᠷ ᠤᠨ ᠪᠤᠬ᠎ᠠ ᠶᠢᠨ ᠨᠡᠷᠡᠰ ᠢ ᠠᠩᠬ᠎ᠠ ᠤᠳᠠᠭ᠎ᠠ ᠨᠡᠶᠢᠲᠡᠯᠡᠪᠡ᠃ ᠴᠢᠩᠭ᠎ᠠ ᠬᠢᠨᠠᠨ ᠬᠠᠷᠭᠤᠭᠤᠯᠬᠤ ᠪᠠᠷ ᠳᠠᠮᠵᠢᠭᠠᠳ᠂ ᠲᠣᠰ ᠤᠳᠠᠭ᠎ᠠ ᠨᠡᠶᠢᠲᠡᠯᠡᠭᠰᠡᠨ 3316 ᠡᠭᠦᠯᠳᠡᠷ ᠤᠨ ᠪᠤᠬ᠎ᠠ ᠶᠢᠨ ᠳᠣᠲᠣᠷ᠎ᠠ᠂ ᠬᠢᠩᠭᠠᠨ ᠠᠶᠢᠮᠠᠭ ᠤᠨ ᠬᠤᠶᠠᠷ ᠠᠵᠤ ᠠᠬᠤᠶᠢᠯᠠᠯ — ᠥᠪᠥᠷ ᠮᠣᠩᠭᠤᠯ ᠤᠨ ᠵᠦᠡᠭ ᠨᠦᠡᠭ ᠬᠢᠩᠭᠠᠨ ᠡᠭᠦᠯᠳᠡᠷ ᠤᠨ ᠪᠤᠬ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯᠤᠨ ᠥᠪᠥᠷ ᠮᠣᠩᠭᠤᠯ ᠤᠨ ᠲᠢᠶᠠᠨ ᠪᠠᠩ ᠠᠮᠢᠳᠤ ᠪᠣᠳᠠᠰ ᠤᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠶᠢᠨ 323 ᠡᠭᠦᠯᠳᠡᠷ ᠤᠨ ᠪᠤᠬ᠎ᠠ ᠰᠣᠩᠭᠤᠭᠳᠠᠨ ᠣᠷᠣᠵᠤ᠂ ᠪᠥᠬᠦ ᠤᠯᠤᠰ ᠤᠨ ᠶᠡᠷᠦᠩᠬᠡᠶ ᠲᠣᠭᠠᠨ ᠤ 9.7% ᠶᠢ ᠡᠵᠡᠯᠡᠵᠦ᠂ ᠬᠢᠩᠭᠠᠨ ᠠᠶᠢᠮᠠᠭ ᠤᠨ ᠡᠭᠦᠯᠳᠡᠷ ᠤᠨ ᠪᠤᠬ᠎ᠠ ᠶᠢᠨ ᠤᠳᠤᠮᠰᠢᠯ ᠢ ᠰᠠᠶᠢᠵᠢᠷᠠᠭᠤᠯᠬᠤ ᠬᠦᠷᠢᠶᠡᠨ ᠳᠠᠬᠢ ᠮᠡᠷᠭᠡᠵᠢᠯ ᠤᠨ ᠪᠣᠳᠠᠲᠤ ᠬᠦᠴᠦᠨ ᠢ ᠢᠯᠡᠷᠡᠭᠦᠯᠪᠡ᠃        ᠣᠶᠢᠯᠠᠭᠠᠭᠰᠠᠨ ᠢᠶᠠᠷ᠂ ᠪᠦᠬᠦ ᠤᠯᠤᠰ ᠤᠨ ᠮᠠᠯ ᠠᠵᠤ ᠠᠬᠤᠶ ᠶᠢᠨ ᠶᠡᠷᠦᠩᠬᠡᠶ ᠥᠷᠲᠡᠭᠡᠨ ᠤ ᠨᠡᠶᠢᠲᠡᠯᠡᠭᠰᠡᠨ 3316 ᠪᠤᠬ᠎ᠠ ᠶᠢᠨ ᠢᠷᠡᠯᠲᠡ ᠲᠣᠳᠣᠷᠬᠠᠶ ᠪᠠᠶᠢᠵᠤ᠂ ᠪᠡᠶ᠎ᠡ ᠶᠢᠨ ᠪᠠᠶᠢᠳᠠᠯ ᠵᠡᠷᠭᠡ ᠳᠡᠰ ᠨᠢ ᠴᠥᠮ ᠣᠨᠴᠠ ᠳᠡᠰ᠂ ᠨᠢᠭᠡᠳᠦᠭᠡᠷ ᠳᠡᠰ ᠠᠴᠠ ᠳᠡᠭᠡᠭᠰᠢ ᠪᠠᠶᠢᠵᠤ᠂ ᠦᠢᠯᠡᠳᠪᠦᠷᠢᠯᠡᠯ ᠤᠨ ᠴᠢᠳᠠᠪᠬᠢ ᠨᠢ ᠡᠭᠦᠯᠳᠡᠷ ᠤᠨ ᠬᠡᠷᠡᠭᠯᠡᠭᠡᠨ ᠤ ᠪᠠᠷᠢᠮᠵᠢᠶ᠎ᠠ ᠳᠤ ᠬᠦᠷᠦᠭᠰᠡᠨ ᠪᠠᠶᠢᠨ᠎ᠠ᠃        ᠥᠪᠥᠷ ᠮᠣᠩᠭᠤᠯ ᠤᠨ ᠵᠦᠡᠭ ᠨᠦᠡᠭ ᠬᠢᠩᠭᠠᠨ ᠡᠭᠦᠯᠳᠡᠷ ᠤᠨ ᠪᠤᠬ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯ ᠬᠢᠩᠭᠠᠨ ᠠᠶᠢᠮᠠᠭ ᠤᠨ ᠠᠷᠠᠯᠵᠢᠶᠠᠨ ᠤᠷᠢᠵᠤ ᠪᠠᠯᠠ ᠣᠷᠣᠭᠤᠯᠤᠨ ᠠᠪᠴᠢᠷᠠᠬᠤ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠭᠦᠯᠳᠡᠷ ᠤᠨ ᠪᠤᠬ᠎ᠠ ᠶᠢᠨ ᠡᠭᠦᠯᠳᠡᠷ ᠪᠤᠶᠢᠵᠢᠭᠤᠯᠬᠤ ᠠᠵᠤ ᠠᠬᠤᠶᠢᠯᠠᠯ ᠪᠣᠯᠤᠨ᠎ᠠ᠂ ᠤᠯᠤᠰ ᠤᠨ ᠲᠠᠰ ᠤᠨ ᠡᠭᠦᠯᠳᠡᠷ ᠤᠨ ᠪᠤᠬ᠎ᠠ ᠶᠢᠨ ᠥᠷᠲᠡᠭᠡ ᠪᠠ ᠠᠯᠠᠰᠢᠨ ᠦᠬᠡᠷ ᠤᠨ ᠡᠭᠦᠯᠳᠡᠷ ᠪᠤᠶᠢᠵᠢᠭᠤᠯᠬᠤ ᠭᠤᠤᠯ ᠲᠠᠯᠠᠪᠠᠶ ᠪᠣᠯᠤᠭᠰᠠᠨ ᠤ ᠬᠤᠪᠢ ᠳᠤ᠂ ᠣᠲᠣ ᠰᠢᠮᠧᠨ᠋ᠲᠠᠷ ᠵᠡᠷᠭᠡ 9 ᠡᠭᠦᠯᠳᠡᠷ ᠤᠨ ᠪᠤᠬ᠎ᠠ ᠪᠠᠶᠢᠵᠤ᠂ ᠵᠢᠯ ᠳᠤ 550 ᠲᠦᠮᠡᠨ ᠰᠢᠯᠢᠳᠡᠭ ᠢᠴᠡᠭᠡᠯ ᠦᠷ᠎ᠠ ᠶᠢ ᠦᠢᠯᠡᠳᠪᠦᠷᠢᠯᠡᠵᠦ᠂ ᠪᠣᠷᠣᠯᠠᠭᠤᠯᠭ᠎ᠠ ᠶᠢᠨ ᠲᠣᠤᠷ ᠰᠦᠯᠵᠢᠶ᠎ᠡ ᠨᠢ ᠪᠥᠬᠦ ᠤᠯᠤᠰ ᠤᠨ 24 ᠮᠤᠵᠢ ᠣᠷᠣᠨ ᠢ ᠬᠠᠮᠤᠷᠤᠭᠰᠠᠨ ᠪᠠᠶᠢᠨ᠎ᠠ᠃ ᠲᠣᠰ ᠠᠵᠤ ᠠᠬᠤᠶᠢᠯᠠᠯ ᠨᠢ 5 ᠵᠦᠢᠯ ᠤᠨ ᠤᠯᠤᠰ ᠤᠨ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠢ ᠡᠭᠦᠷᠭᠡᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠤᠯᠤᠰ ᠤᠨ ᠲᠠᠰ ᠤᠨ ᠠᠮᠢᠲᠠᠨ ᠤ ᠬᠢᠵᠢᠭ ᠡᠪᠡᠳᠴᠢᠨ ᠢ ᠴᠡᠪᠡᠷᠰᠢᠭᠦᠯᠬᠦ ᠲᠠᠯᠠᠪᠠᠶ ᠶᠢᠨ ᠦᠨᠡᠯᠡᠨ ᠵᠢᠱᠢᠯᠲᠡ ᠶᠢ ᠥᠩᠭᠡᠷᠡᠭᠡᠭᠰᠡᠨ ᠡᠭᠦᠯᠳᠡᠷ ᠤᠨ ᠪᠤᠬ᠎ᠠ ᠶᠢ ᠪᠤᠶᠢᠵᠢᠭᠤᠯᠬᠤ ᠥᠷᠲᠡᠭᠡ ᠪᠣᠯᠤᠨ᠎ᠠ᠃ ᠥᠪᠥᠷ ᠮᠣᠩᠭᠤᠯ ᠤᠨ ᠲᠢᠶᠠᠨ ᠪᠠᠩ ᠠᠮᠢᠳᠤ ᠪᠣᠳᠠᠰ ᠤᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠷᠬᠢᠳᠦ ᠪᠠᠯᠭᠠᠰᠤᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠤᠷᠤᠨ ᠲᠣᠭᠤᠷᠢᠭ ᠲᠤ ᠪᠠᠶᠢᠷᠢᠰᠢᠵᠤ᠂ ᠡᠭᠦᠯᠳᠡᠷ ᠤᠨ ᠪᠤᠬ᠎ᠠ ᠪᠤᠶᠢᠵᠢᠭᠤᠯᠬᠤ ᠪᠠ ᠢᠴᠡᠭᠡᠯ ᠦᠷ᠎ᠠ ᠶᠢᠨ ᠦᠢᠯᠡᠳᠪᠦᠷᠢᠯᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠲᠣ ᠬᠤᠸᠠ ᠰᠢ ᠦᠬᠡᠷ᠂ ᠰᠢᠮᠧᠨ᠋ᠲᠠᠷ᠂ ᠠᠩᠭᠧᠰ᠂ ᠬᠠᠶ ᠹᠦ᠋ ᠲᠧ ᠵᠡᠷᠭᠡ ᠡᠭᠦᠯᠳᠡᠷ ᠲᠠᠢ ᠪᠠᠶᠢᠵᠤ᠂ ᠵᠢᠯ ᠳᠤ 200 ᠲᠦᠮᠡᠨ ᠢᠴᠡᠭᠡᠯ ᠦᠷ᠎ᠠ ᠪᠤᠶᠢᠵᠢᠭᠤᠯᠵᠦ ᠪᠤᠢ᠃ ᠬᠤᠶᠠᠷ ᠠᠵᠤ ᠠᠬᠤᠶᠢᠯᠠᠯ ᠦᠷᠭᠦᠯᠵᠢᠯᠡᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠲᠠᠮᠵᠢᠨ ᠮᠠᠯ ᠠᠵᠤ ᠠᠬᠤᠢ ᠶᠢᠨ ᠰᠢᠯᠢᠳᠡᠭ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠳᠤ ᠴᠢᠬᠤᠯᠠ ᠲᠤᠯᠭᠠᠭᠤᠷᠢᠯᠠᠯ ᠬᠠᠩᠭᠠᠵᠠᠢ᠃ ︵ᠯᠢ ᠤᠭ᠍ᠶᠦ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号