| ᠰᠤᠷᠪᠤᠯᠵᠢᠯᠠᠬᠴᠢ ᠲᠦᠷᠦᠬᠦᠭᠡᠨ ᠬᠤᠷᠠᠯᠳᠤᠭᠤᠯᠤᠬᠰᠠᠨ ᠬᠢᠨᠭ᠍ᠭᠠᠨ ᠠᠶᠢᠮᠠᠭ ᠤᠨ ᠬᠤᠶᠢᠴᠢ | ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠬᠤᠷᠠᠯ ᠠᠴᠠ ᠤᠶᠢᠯᠠᠭᠠᠬᠠᠰᠨ ᠢᠶᠠᠷ᠂ 2024 ᠤᠨ ᠳᠤ᠂ ᠪᠦᠬᠦ | ᠠᠶᠢᠮᠠᠭ ᠤᠨ ᠡᠯ᠎ᠡ ᠱᠠᠳᠦᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠦᠪᠯᠡᠯ ᠬᠦᠮᠦᠨ ᠢ | ᠬᠦᠮᠦᠵᠢᠬᠦᠯᠬᠦ ᠪᠠᠷ ᠭᠤᠤᠯ ᠪᠤᠯᠭᠠᠵᠦ᠂ ᠪᠦᠯᠬᠦᠮᠳᠡᠨ ᠨᠢᠬᠳᠠᠷᠠᠵᠦ᠂ ᠢᠳᠡᠪᠬᠢᠳᠡᠢ ᠠᠵᠢᠯᠯᠠᠨ᠂ ᠵᠢᠯ ᠤᠨ ᠡᠬᠦᠷᠭᠡ | ᠬᠠᠷᠠᠯᠳᠠ ᠪᠠᠨ ᠠᠮᠵᠢᠯᠳᠠ ᠲᠠᠢ ᠪᠡᠶᠡᠯᠡᠬᠦᠯᠵᠦ᠂ ᠢᠯᠡᠷᠬᠡᠢ ᠦᠷ᠎ᠡ ᠪᠦᠳᠦᠮᠵᠢ ᠤᠯᠵᠠᠢ᠃ | 2024 ᠤᠨ ᠳᠤ᠂ ︽ᠦᠳᠡᠯᠦᠬᠡ ᠪᠠᠭᠠᠴᠤᠳ ᠬᠠᠮᠳᠤᠪᠡᠷ ᠨᠠᠮ ᠤᠨ ᠠᠴᠢ ᠶᠢ ᠮᠠᠬᠳᠠᠨ ᠲᠠᠭᠤᠯᠠᠵᠦ᠂ | ᠭᠠᠷ ᠬᠤᠯᠪᠤᠨ ᠬᠠᠮᠳᠤᠪᠡᠷ ᠰᠢᠨ᠎ᠠ ᠠᠶᠠᠨ ᠳᠠᠭᠠᠨ ᠮᠤᠷᠳᠠᠶ᠎ᠠ︾ ᠬᠡᠬᠦ ᠭᠤᠤᠯ ᠰᠡᠳᠤᠪᠳᠤ ᠬᠦᠮᠦᠵᠢᠯ | ᠤᠬᠠᠭᠤᠯᠭ᠎ᠠ ᠶᠢᠨ ᠠᠵᠢᠯᠯᠠᠭ᠎ᠠ ᠶᠢ 948 ᠲᠠᠯᠠᠪᠦᠷ ︵ᠤᠳᠠᠭ᠎ᠠ︶ ᠦᠷᠨᠢᠬᠦᠯᠵᠦ᠂ 10 ᠲᠦᠮᠡᠨ ᠵᠠᠯᠠᠭᠤᠴᠤᠳ | ᠪᠠᠭᠠᠴᠤᠳ ᠢ ᠬᠠᠮᠦᠷᠴᠠᠢ᠃ ︽ᠨᠢᠬᠡ ᠤᠷᠳᠤᠨ ᠭᠤᠷᠪᠠᠨ ᠰᠠᠭᠤᠷᠢᠰᠢᠯ︾ ᠵᠡᠷᠭᠡ 78 ᠬᠤᠪᠢᠰᠬᠠᠯᠳᠤ | ᠬᠦᠮᠦᠵᠢᠯ ᠤᠨ ᠰᠠᠭᠤᠷᠢᠨ ᠭᠠᠵᠠᠷ ᠲᠤ ᠲᠦᠰᠢᠭᠯᠡᠨ 600 ᠨᠡᠷᠡᠰ ︽ᠬᠤᠪᠢᠰᠬᠠᠯᠳᠤ ᠪᠢᠴᠢᠬᠠᠨ ᠲᠠᠶᠢᠯᠪᠦᠷᠢᠯᠠᠬᠴᠢ︾ | ᠬᠦᠮᠦᠵᠢᠬᠦᠯᠵᠦ᠂ ᠡᠪᠦᠯ ᠵᠤᠨ ᠤ ᠠᠮᠠᠷᠠᠯᠳᠠ ᠶᠢᠨ ᠬᠤᠭᠤᠴᠠᠭᠠᠨ ᠳᠤ ᠡᠬᠡᠯᠵᠢᠯᠡᠨ ᠲᠠᠶᠢᠯᠪᠦᠷᠢᠯᠠᠬᠤ ᠠᠵᠢᠯᠯᠠᠭ᠎ᠠ | 2600 ᠲᠠᠯᠠᠪᠦᠷ ᠦᠷᠨᠢᠬᠦᠯᠵᠦ᠂ ᠨᠡᠶᠢᠳᠡ 13 ᠲᠦᠮᠡᠨ ᠵᠢᠭᠤᠯᠴᠢᠯᠠᠬᠴᠢ ᠳᠤ ᠦᠢᠯᠡᠴᠢᠯᠡᠵᠡᠢ᠃ | ᠬᠢᠨᠭ᠍ᠭᠠᠨ ᠠᠶᠢᠮᠠᠭ ᠤᠨ ᠡᠯ᠎ᠡ ᠱᠠᠳᠦᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠦᠪᠯᠡᠯ | ᠬᠠᠯᠠᠮᠵᠢᠯᠠᠵᠦ ᠲᠡᠮᠵᠢᠬᠦ ᠲᠠᠯ᠎ᠠ ᠪᠠᠷ᠂ ︽ᠲᠠᠪᠦᠨ ᠠᠬᠠᠮᠡᠳ︾ ᠠᠵᠢᠯᠯᠠᠬᠤ ᠲᠠᠰᠤᠭ ᠢ 61 ᠪᠠᠶᠢᠭᠤᠯᠵᠦ᠂ ᠬᠠᠤᠯᠢ | ᠲᠦᠬᠡᠮᠡᠯᠵᠢᠬᠦᠯᠬᠦ ᠤᠬᠠᠭᠤᠯᠭ᠎ᠠ ᠪᠠ ᠬᠡᠷ ᠪᠦᠯᠢ ᠶᠢᠨ ᠬᠦᠮᠦᠵᠢᠯ ᠤᠨ ᠰᠠᠭᠤᠳᠠᠯ ᠤᠨ ᠬᠤᠷᠠᠯ ᠢ 505 ᠲᠠᠯᠠᠪᠦᠷ ︵ | ᠤᠳᠠᠭ᠎ᠠ︶ ᠦᠷᠨᠢᠬᠦᠯᠵᠦ᠂ 2627 ᠶᠠᠳᠠᠭᠤ ᠬᠦᠴᠢᠷᠳᠡᠯᠳᠡᠢ ᠵᠠᠯᠠᠭᠤ ᠪᠠᠭᠠᠴᠤᠳ ᠢ ᠬᠠᠪᠰᠤᠷᠴᠦ᠂ 230 ᠲᠦᠮᠡ | ᠭᠠᠷᠦᠢ ᠲᠦᠬᠦᠷᠢᠭ ᠢᠶᠠᠷ ᠰᠤᠷᠤᠯᠭ᠎ᠠ ᠶᠢ ᠲᠡᠳᠬᠦᠵᠦ᠂ 5318 ᠶᠠᠳᠠᠭᠤ ᠬᠦᠴᠢᠷᠳᠡᠯᠳᠡᠢ ᠰᠤᠷᠤᠬᠴᠢ ᠶᠢ ᠲᠡᠮᠵᠢᠵᠡᠢ᠃ | ᠲᠤᠮᠳᠠᠳᠤ ᠤᠯᠤᠰ ᠤᠨ ᠬᠤᠶᠢᠴᠢ ᠦᠶ᠎ᠡ ᠶᠢᠨ ᠬᠦᠮᠦᠵᠢᠯ ᠤᠨ ᠰᠠᠭᠤᠷᠢ ᠮᠦᠡᠭᠬᠦ ᠶᠢᠨ ᠨᠡᠶᠢᠬᠡᠮᠯᠢᠭ ᠤᠨ 76 ᠲᠦᠮᠡᠨ | ᠲᠦᠬᠦᠷᠢᠭ ᠬᠠᠨᠳᠢᠪ ᠤᠨ ᠪᠡᠯᠡ ᠮᠦᠡᠭᠬᠦ ᠶᠢ ᠭᠤᠶᠤᠴᠢᠯᠠᠨ ᠤᠯᠵᠦ᠂ 26 ᠰᠤᠷᠭᠠᠭᠤᠯᠢ ᠶᠢᠨ 1300 ᠭᠠᠷᠦᠢ | ᠰᠤᠷᠤᠬᠴᠢ ᠳᠤ ᠬᠠᠷᠠᠭᠠᠯᠵᠠᠯ ᠬᠦᠷᠳᠡᠭᠡᠵᠡᠢ᠃ ᠪᠦᠬᠦ ᠠᠶᠢᠮᠠᠭ ᠤᠨ ᠦᠷᠬᠡᠨ ᠤᠯᠠᠨ ︽ᠲᠠᠪᠦᠨ ᠠᠬᠠᠮᠡᠳ︾ | ᠠᠵᠢᠯᠯᠠᠬᠤ ᠲᠠᠰᠤᠭ ᠤᠨ ᠬᠢᠨ ᠠᠶᠢᠮᠠᠭ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠦᠪᠯᠡᠯ ᠤᠨ | ᠰᠠᠨᠠᠭᠠᠴᠢᠯᠠᠭ᠎ᠠ ᠶᠢ ᠢᠳᠡᠪᠬᠢᠳᠡᠢ ᠴᠤᠤᠷᠢᠶᠠᠳᠤᠨ ᠲᠠᠭᠠᠵᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ | ᠠᠵᠢᠯ ᠳᠤ ᠢᠳᠡᠪᠬᠢᠳᠡᠢ ᠤᠷᠤᠯᠴᠠᠵᠦ᠂ ᠬᠦᠳᠡᠭᠡ ᠲᠤᠰᠬᠤᠨ ᠤ ᠵᠠᠯᠠᠭᠤᠴᠤᠳ ᠲᠤ ᠲᠦᠷᠦ ᠶᠢᠨ ᠪᠤᠳᠤᠯᠭ᠎ᠠ ᠶᠢᠨ | ᠠᠰᠠᠭᠤᠨ ᠯᠠᠪᠯᠠᠯᠳᠠ᠂ ᠡᠯ᠎ᠡ ᠲᠦᠷᠦᠯ ᠤᠨ ᠪᠤᠯᠪᠠᠰᠦᠷᠠᠯ ᠵᠡᠷᠭᠡ ᠦᠢᠯᠡᠴᠢᠯᠡᠭᠡ ᠬᠠᠨᠭ᠍ᠭᠠᠵᠦ᠂ ︽ᠲᠠᠪᠦᠨ ᠠᠬᠠᠮᠡᠳ︾ | ᠠᠵᠢᠯᠯᠠᠬᠤ ᠲᠠᠰᠤᠭ ᠨᠢ 219 ᠲᠤᠯᠵᠦ᠂ ᠦᠨᠳᠦᠰᠦᠨ ᠱᠠᠳᠦᠨ ᠤ ᠵᠠᠰᠠᠯᠳᠠ ᠶᠢᠨ ᠴᠢᠬᠤᠯᠠ ᠬᠦᠴᠦᠨ ᠪᠤᠯᠵᠠᠢ᠃ | ᠪᠦᠬᠦ ᠠᠶᠢᠮᠠᠭ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠰᠢᠰᠲ᠋ᠧᠮ ᠪᠠᠰᠠ ︽ᠲᠠᠪᠦᠨ ᠠᠬᠠᠮᠡᠳ︾ | ᠤᠨ ᠪᠤᠯᠪᠠᠰᠦᠷᠠᠯ ᠢ ᠨᠠᠮ ᠤᠨ ᠰᠤᠷᠭᠠᠭᠤᠯᠢ ᠶᠢᠨ ᠵᠢᠭᠠᠨ ᠰᠤᠷᠭᠠᠯᠳᠠ ᠶᠢᠨ ᠰᠢᠰᠲ᠋ᠧᠮ ᠳᠤ ᠤᠷᠤᠭᠤᠯᠵᠦ᠂ ᠤᠷᠳᠤ | ᠬᠤᠭᠤᠴᠠᠭᠠᠨ ᠤ ᠪᠤᠯᠪᠠᠰᠦᠷᠠᠯ ᠤᠨ ᠲᠤᠬᠳᠠᠴᠠ ᠶᠢ ᠪᠦᠷᠢᠯᠳᠦᠬᠦᠯᠵᠡᠢ᠃ ᠤᠬᠠᠭᠤᠯᠭ᠎ᠠ ᠶᠢᠨ ᠠᠵᠢᠯ ᠤᠨ ᠳᠠᠯ᠎ᠠ ᠪᠠᠷ᠂ | ︽ᠲᠤᠮᠳᠠᠳᠤ ᠤᠯᠤᠰ ᠤᠨ ᠭᠠᠯ ᠪᠠᠮᠪᠠᠷ︾ ᠵᠡᠷᠭᠡ ᠲᠡᠪᠴᠡᠩ ᠲᠡᠭᠡᠷ᠎ᠡ 346 ᠡᠬᠡ ᠪᠢᠴᠢᠭ ᠨᠡᠶᠢᠳᠡᠯᠡᠵᠦ᠂ 4 | ᠬᠠᠮᠳᠤ ᠨᠡᠶᠢᠳᠡ ︽ᠲᠤᠮᠳᠠᠳᠤ ᠤᠯᠤᠰ ᠤᠨ ᠭᠠᠯ ᠪᠠᠮᠪᠠᠷ︾ ᠰᠡᠳᠬᠦᠯ ᠤᠨ ᠤᠬᠠᠭᠤᠯᠭ᠎ᠠ ᠶᠢᠨ ᠠᠵᠢᠯ ᠤᠨ | ᠲᠡᠷᠢᠬᠦᠨ ᠤ ᠨᠢᠬᠡᠴᠢ ᠶᠢᠨ ᠢᠷᠠᠭᠤ ᠠᠯᠳᠠᠷ ᠢ ᠬᠦᠷᠳᠡᠵᠦ᠂ 1 ᠬᠦᠮᠦᠨ ︽ᠲᠤᠮᠳᠠᠳᠤ ᠤᠯᠤᠰ ᠤᠨ ᠭᠠᠯ ᠪᠠᠮᠪᠠᠷ︾ | ᠰᠡᠳᠬᠦᠯ ᠤᠨ ᠤᠬᠠᠭᠤᠯᠭ᠎ᠠ ᠶᠢᠨ ᠠᠵᠢᠯ ᠤᠨ ᠰᠢᠯᠢᠳᠡᠭ ᠴᠢᠮᠡᠭᠡᠯᠡᠭᠴᠢ ᠶᠢᠨ ᠢᠷᠠᠭᠤ ᠠᠯᠳᠠᠷ ᠢ ᠬᠦᠷᠳᠡᠵᠡᠢ᠃ | ᠪᠦᠬᠦ ᠠᠶᠢᠮᠠᠭ ᠤᠨ ᠡᠯ᠎ᠡ ᠬᠤᠰᠢᠭᠤ ᠰᠢᠶᠠᠨ ᠬᠤᠳᠠ ᠶᠢᠨ ᠲᠤᠬᠠᠢ ᠶᠢᠨ ᠭᠠᠵᠠᠷ ᠤᠨ ᠤᠨᠴᠠᠯᠢᠭ ᠲᠤᠨᠢ | ᠲᠤᠬᠢᠷᠠᠭᠤᠯᠤᠨ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠠᠬᠪᠦᠷ ᠤᠨ ᠰᠢᠨ᠎ᠠ ᠶᠢ ᠡᠬᠦᠳᠴᠦ᠂ | ᠤᠯᠠᠭᠠᠨᠬᠤᠳᠠ ᠶᠢᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠦᠪᠯᠡᠯ ᠦᠢᠯᠡᠳᠦᠯᠬᠡ ᠬᠦᠮᠦᠵᠢᠯ ᠤᠨ | ᠲᠦᠷᠦᠯ ᠲᠡᠮᠳᠡᠭᠳᠤ ᠶᠢ ᠪᠤᠢ ᠪᠤᠯᠭᠠᠵᠦ᠂ ᠷᠠᠰᠢᠶᠠᠨ ᠬᠤᠳᠠ ᠶᠢᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ | ᠠᠵᠢᠯ ᠤᠨ ᠵᠦᠪᠯᠡᠯ ᠬᠠᠤᠯᠢᠵᠢᠯ ᠤᠨ ᠲᠡᠳ᠋ ᠵᠠᠬᠢᠷᠦᠯ ᠢ ᠪᠦᠬᠦᠨ ᠢ ᠬᠠᠮᠤᠷᠬᠤ ᠲᠤᠬᠳᠠᠴᠠ ᠶᠢ ᠪᠠᠶᠢᠭᠤᠯᠵᠦ᠂ ᠵᠠᠯᠠᠶᠢᠳ | ᠬᠤᠰᠢᠭᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠦᠪᠯᠡᠯ ︽ᠲᠠᠭᠤᠷᠢᠶᠠᠮᠠᠯ ᠰᠢᠬᠦᠬᠦ ᠲᠢᠩᠬᠢᠮ︾ ᠬᠠᠤᠯᠢ | ᠲᠦᠬᠡᠮᠡᠯᠵᠢᠬᠦᠯᠬᠦ ᠵᠠᠬᠪᠦᠷ ᠤᠨ ᠰᠢᠨ᠎ᠠ ᠶᠢ ᠡᠬᠦᠳᠴᠠᠢ᠃ ᠬᠤᠷᠴᠢᠨ ᠪᠠᠷᠠᠭᠤᠨ ᠭᠠᠷᠦᠨ ᠡᠮᠦᠨᠡᠳᠤ ᠬᠤᠰᠢᠭᠤᠨ ᠤ | ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠦᠪᠯᠡᠯ ᠤᠨ ᠡᠷᠬᠢᠯᠡᠭᠰᠡᠨ ︽ᠠᠨᠠᠷ ᠤᠨ ᠦᠷ᠎ᠡ ᠪᠢᠴᠢᠬᠠᠨ | ᠬᠢᠴᠢᠶᠡᠯ ᠤᠨ ᠲᠠᠩᠬᠢᠮ︾ ᠨᠢ ᠤᠯᠠᠨ ᠤ ᠰᠠᠶᠢᠨ ᠦᠨᠡᠯᠡᠯᠳᠡ ᠶᠢ ᠤᠯᠵᠦ᠂ ᠲᠦᠴᠢᠤᠸᠠᠨ ᠰᠢᠶᠠᠨ ᠤ ᠬᠤᠶᠢᠴᠢ | ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠦᠪᠯᠡᠯ ᠨᠢ ᠠᠷᠠᠳ ᠠᠴᠠ ᠡᠵᠡᠩᠨᠡᠭᠰᠡᠨ ᠠᠵᠦ ᠠᠬᠤᠶᠢᠯᠠᠯ ᠤᠨ ᠠᠵᠦ | ᠠᠬᠤᠶᠢᠯᠠᠯᠳᠠᠨ ᠢ ᠲᠠᠶᠢᠴᠢᠯᠠᠨ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠬᠤᠤᠰ ᠦᠷ᠎ᠠ ᠠᠰᠢᠬ | ᠤᠯᠬᠤ ᠶᠢ ᠪᠡᠶᠡᠯᠡᠬᠦᠯᠬᠦ ᠪᠠᠶᠢᠳᠠᠯ ᠢ ᠪᠦᠷᠢᠯᠳᠦᠬᠦᠯᠵᠦ᠂ ᠬᠤᠷᠴᠢᠨ ᠪᠠᠷᠠᠭᠤᠨ ᠭᠠᠷᠦᠨ ᠲᠤᠮᠳᠠᠳᠤ ᠬᠤᠰᠢᠭᠤᠨ ᠤ | ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠦᠪᠯᠡᠯ ᠤᠨ ᠰᠢᠨᠵᠢᠯᠡᠬᠦ ᠤᠬᠠᠭᠠᠨᠴᠢ ᠪᠠᠷ ᠬᠤᠨᠢ ᠲᠡᠵᠢᠬᠡᠬᠦ | ᠲᠦᠷᠦᠯ ᠵᠦᠢᠯ ᠨᠢ ᠪᠦᠬᠦ ᠤᠯᠤᠰ ᠤᠨ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠰᠢᠯᠢᠳᠡᠭ ᠵᠢᠱᠢᠶ᠎ᠡ ᠪᠠᠷ | ᠰᠤᠩᠭᠤᠬᠳᠠᠪᠠ᠃ ᠪᠦᠬᠦ ᠠᠶᠢᠮᠠᠭ ᠲᠤ ︽ᠨᠢᠬᠡ ᠬᠤᠰᠢᠭᠤ ᠨᠢᠬᠡ ᠪᠦᠳᠦᠭᠡᠭᠳᠡᠬᠦᠨ︾ ᠲᠠᠢ ᠪᠠᠶᠢᠬᠤ ᠰᠠᠶᠢᠨ | ᠰᠠᠶᠢᠬᠠᠨ ᠪᠠᠶᠢᠳᠠᠯ ᠢ ᠪᠤᠢ ᠪᠤᠯᠭᠠᠵᠦ᠂ ᠵᠠᠯᠠᠭᠤᠴᠤᠳ ᠪᠠᠭᠠᠴᠤᠳ ᠤᠨ ᠡᠷᠡᠬᠦᠯ ᠢᠶᠠᠷ ᠦᠰᠦᠨ ᠪᠤᠶᠢᠵᠢᠬᠤ ᠳᠤ | ᠰᠢᠯᠢᠳᠡᠭ ᠤᠷᠴᠢᠨ ᠢ ᠪᠦᠷᠢᠯᠳᠦᠬᠦᠯᠵᠦ ᠦᠭᠴᠡᠢ᠃ | 2025 ᠤᠨ ᠳᠤ᠂ ᠪᠦᠬᠦ ᠠᠶᠢᠮᠠᠭ ᠤᠨ ᠡᠯ᠎ᠡ ᠱᠠᠳᠦᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ | ᠠᠵᠢᠯ ᠤᠨ ᠵᠦᠪᠯᠡᠯ ᠨᠢ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ | ᠴᠤᠬᠴᠠᠯᠠᠬᠤ ᠪᠠᠷ ᠭᠤᠤᠯ ᠰᠢᠵᠢᠮ ᠪᠤᠯᠭᠠᠵᠦ᠂ ᠬᠦᠮᠦᠨ ᠢ ᠬᠦᠮᠦᠵᠢᠬᠦᠯᠬᠦ ᠪᠠᠷ ᠦᠨᠳᠦᠰᠦᠨ ᠡᠬᠦᠷᠭᠡ ᠪᠤᠯᠭᠠᠵᠦ᠂ | ᠬᠤᠪᠢᠰᠬᠠᠯᠳᠤ ᠤᠳᠤᠮᠰᠢᠯ ᠢ ᠤᠯᠠᠮᠵᠢᠯᠠᠬᠤ ᠢᠨᠵᠧᠨᠧᠷᠢᠩ ᠢ ᠬᠦᠨᠵᠡᠬᠡᠶᠢᠷᠡᠬᠦᠯᠦᠨ᠂ ᠶᠠᠫᠥᠨ ᠢ ᠡᠰᠡᠷᠬᠦᠴᠡᠬᠦ ᠲᠠᠶᠢᠨ | ᠢᠯᠠᠯᠳᠠ ᠤᠯᠤᠬᠰᠠᠨ 80 ᠵᠢᠯ ᠤᠨ ᠤᠢ ᠶᠢ ᠲᠤᠷᠠᠰᠠᠬᠠᠤ ᠰᠢᠷᠢᠰ ᠬᠦᠮᠦᠵᠢᠯ ᠤᠨ ᠠᠵᠢᠯᠯᠠᠭ᠎ᠠ ᠶᠢ ᠵᠤᠬᠢᠶᠠᠨ | ᠪᠠᠶᠢᠭᠤᠯᠤᠨ ᠦᠷᠨᠢᠬᠦᠯᠵᠦ᠂ ︽ᠠᠷᠪᠠᠨ ᠨᠢᠬᠡ︾ ᠬᠤᠪᠢᠰᠬᠠᠯᠳᠤ ᠭᠤᠤᠯ ᠰᠡᠳᠤᠪᠳᠤ ᠦᠢᠯᠡᠳᠦᠯᠬᠡ ᠶᠢᠨ ᠲᠦᠷᠦᠯ | ᠵᠦᠢᠯ ᠢ ᠠᠬᠢᠭᠤᠯᠵᠦ᠂ ︽ᠲᠠᠪᠦᠨ ᠠᠬᠠᠮᠡᠳ︾ ᠬᠠᠶᠢᠷ᠎ᠠ ᠬᠠᠯᠠᠮᠵᠢ ᠶᠢᠨ ᠰᠢᠰᠲ᠋ᠧᠮ ᠢ ᠦᠷᠬᠦᠯᠵᠢᠯᠡᠨ | ᠲᠡᠬᠦᠯᠳᠡᠷᠵᠢᠬᠦᠯᠵᠦ᠂ ᠬᠦᠴᠢᠷᠳᠡᠯᠳᠡᠢ ᠬᠡᠤᠬᠡᠳ ᠢ ᠬᠠᠪᠰᠦᠷᠦᠨ ᠲᠡᠳᠬᠦᠬᠦ ᠪᠠ ᠬᠡᠷ ᠪᠦᠯᠢ ᠶᠢᠨ ᠬᠦᠮᠦᠵᠢᠯ ᠤᠨ | ᠵᠢᠯᠤᠭᠤᠳᠤᠯᠭ᠎ᠠ ᠶᠢ ᠴᠢᠩᠭᠠᠳᠬᠠᠵᠦ᠂ ᠰᠡᠳᠬᠢᠴᠡ ᠶᠢᠨ ᠡᠷᠡᠬᠦᠯ ᠮᠡᠨᠳᠤ ᠶᠢ ᠰᠠᠬᠢᠨ ᠬᠠᠮᠠᠭᠠᠯᠠᠬᠤ ᠵᠡᠷᠭᠡ ᠨᠡᠶᠢᠳᠡ ᠶᠢᠨ | ᠠᠰᠠᠷᠠᠮᠵᠢ ᠶᠢᠨ ᠲᠦᠷᠦᠯ ᠵᠦᠢᠯ ᠢ ᠬᠡᠷᠡᠭᠵᠢᠬᠦᠯᠬᠦ ᠪᠤᠯᠤᠨ᠎ᠠ᠃ ᠬᠠᠤᠯᠢᠵᠢᠯ ᠤᠨ ᠬᠦᠮᠦᠵᠢᠯ ᠤᠨ ᠲᠦᠷᠦᠯ | ᠲᠡᠮᠳᠡᠭᠳᠤ ᠶᠢᠨ ᠪᠠᠶᠢᠭᠤᠯᠤᠯᠳᠠ ᠶᠢ ᠬᠦᠨᠵᠡᠬᠡᠶᠢᠷᠡᠬᠦᠯᠵᠦ᠂ ᠲᠠᠭᠤᠷᠢᠶᠠᠮᠠᠯ ᠰᠢᠬᠦᠬᠦ ᠲᠢᠩᠬᠢᠮ ᠢ ᠲᠡᠯᠬᠡᠷᠡᠬᠦᠯᠬᠦ ᠵᠡᠷᠭᠡ | ᠬᠡᠯᠪᠡᠷᠢ ᠶᠢᠨ ᠰᠢᠨ᠎ᠠ ᠶᠢ ᠡᠬᠦᠳᠴᠦ᠂ ᠬᠡᠷ ᠪᠦᠯᠢ ᠰᠤᠷᠭᠠᠭᠤᠯᠢ ᠬᠠᠮᠵᠢᠯᠴᠠᠨ ᠬᠦᠮᠦᠨ ᠢ ᠬᠦᠮᠦᠵᠢᠬᠦᠯᠬᠦ | ᠲᠤᠬᠳᠠᠴᠠ ᠶᠢ ᠪᠠᠶᠢᠭᠤᠯᠵᠦ᠂ ᠰᠤᠷᠤᠯᠴᠠᠬᠤ ᠬᠡᠯᠪᠡᠷᠢ ᠶᠢᠨ ᠵᠤᠬᠢᠶᠠᠨ ᠪᠠᠶᠢᠭᠤᠯᠤᠯᠳᠠ ᠶᠢ ᠪᠦᠬᠦ ᠲᠠᠯ᠎ᠠ ᠪᠠᠷ | ᠠᠬᠢᠭᠤᠯᠵᠦ᠂ ᠦᠨᠳᠦᠰᠦᠨ ᠱᠠᠳᠦᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠦᠪᠯᠡᠯ ᠤᠨ | ᠲᠦᠷᠢᠮᠵᠢᠭᠰᠡᠨ ᠬᠦᠭᠵᠢᠯᠳᠡ ᠶᠢ ᠴᠢᠩᠭᠠᠳᠬᠠᠵᠦ᠂ ᠠᠷᠠᠳ ᠠᠴᠠ ᠡᠵᠡᠩᠨᠡᠭᠰᠡᠨ ᠠᠵᠦ ᠠᠬᠤᠶᠢᠯᠠᠯ ᠤᠨ ᠬᠤᠶᠢᠴᠢ | ᠦᠶ᠎ᠡ ᠶᠢᠨ ᠬᠢᠨ ᠢ ᠬᠠᠯᠠᠮᠵᠢᠯᠠᠬᠤ ᠵᠤᠬᠢᠶᠠᠨ ᠪᠠᠶᠢᠭᠤᠯᠤᠯᠳᠠ ᠶᠢ ᠠᠬᠢᠭᠤᠯᠵᠦ᠂ ᠲᠤᠮᠳᠠᠳᠤ ᠤᠯᠤᠰ ᠤᠨ ᠬᠤᠶᠢᠴᠢ | ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠦᠪᠯᠡᠯ ᠪᠠᠶᠢᠭᠤᠯᠤᠭᠳᠠᠬᠰᠠᠨ 35 ᠵᠢᠯ ᠤᠨ ᠤᠢ ᠪᠠᠷ ᠠᠵᠠ ᠲᠤᠬᠢᠶᠠᠯ | ᠪᠤᠯᠭᠠᠵᠦ᠂ ᠰᠢᠨ᠎ᠠ ᠴᠠᠭ ᠦᠶ᠎ᠡ ᠶᠢᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠲᠡᠰ ᠲᠡᠪᠰᠢᠬᠦ ᠶᠢ | ᠠᠬᠢᠭᠤᠯᠵᠦ᠂ ᠦᠨᠳᠦᠰᠦᠳᠡᠨ ᠤ ᠰᠡᠷᠬᠦᠨ ᠮᠠᠨᠳᠤᠯᠳᠠ ᠶᠢᠨ ᠬᠦᠨᠳᠤ ᠡᠬᠦᠷᠭᠡ ᠶᠢ ᠡᠬᠦᠷᠬᠡᠯᠡᠵᠦ ᠲᠡᠶᠢᠯᠬᠦ ᠴᠠᠭ | ᠦᠶ᠎ᠡ ᠶᠢᠨ ᠰᠢᠨ᠎ᠠ ᠬᠦᠮᠦᠨ ᠢ ᠬᠦᠮᠦᠵᠢᠬᠦᠯᠬᠦ ᠳᠤ ᠰᠢᠨ᠎ᠠ ᠵᠢᠳᠬᠦᠯ ᠦᠵᠡᠬᠦᠯᠬᠦ ᠪᠤᠯᠤᠨ᠎ᠠ᠃ ︵ᠪᠤᠤ ᠢ ᠵᠢᠩ︶ | | | | |