ᠤᠯᠠᠭᠠᠨᠬᠤᠲᠠ 2025 ᠣᠨ ᠤ ᠠᠩᠬᠠᠳᠤᠭᠠᠷ ᠤᠳᠠᠭᠠᠨ ᠤ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/2
        ᠣᠶᠢᠷ᠎ᠠ ᠳᠤ᠂ ᠤᠯᠠᠭᠠᠨᠬᠤᠲᠠ 2025 ᠣᠨ ᠤ ᠨᠢᠭᠡᠳᠦᠭᠡᠷ ᠤᠳᠠᠭᠠᠨ ᠤ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ᠃ ᠤᠯᠠᠭᠠᠨᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠮᠠ ᠮᠧᠩ ᠬᠤᠷᠠᠯ ᠡᠷᠭᠢᠯᠡᠨ ᠶᠠᠷᠢᠶ᠎ᠠ ᠲᠠᠯᠪᠢᠵᠠᠶ᠃        ᠬᠤᠷᠠᠯ ᠠᠴᠠ ︽ᠪᠦᠬᠦ ᠨᠠᠮ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ᠪᠣᠯᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠤᠬᠢᠷᠠᠭᠤᠯᠤᠯᠳᠠ︾ ᠶᠢ ᠬᠢᠨᠠᠨ ᠵᠥᠪᠯᠡᠵᠦ ᠪᠠᠲᠤᠯᠠᠪᠠ         ᠬᠤᠷᠠᠯ ᠠᠴᠠ᠂ ᠰᠤᠷᠤᠯᠴᠠᠬᠤ ᠳᠤ ᠶᠠᠰᠤ ᠴᠢᠨᠠᠷ ᠲᠠᠢ ᠪᠠᠶᠢᠬᠤ ᠶᠢ ᠪᠠᠷᠢᠮᠲᠠᠯᠠᠵᠤ᠂ ᠰᠤᠷᠤᠯᠴᠠᠯᠭ᠎ᠠ ᠬᠥᠮᠦᠵᠢᠯ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢᠰᠲ᠋ᠧᠮ ᠲᠠᠢ ᠰᠤᠷᠤᠯᠴᠠᠬᠤ ᠶᠢ ᠴᠢᠩᠭᠠᠳᠬᠠᠵᠤ᠂ ᠦᠢᠯᠡᠳᠦᠯᠭᠡ ᠶᠢᠨ ᠥᠷᠭᠡᠴᠡ ᠠᠴᠠ ᠡᠭᠦᠰᠴᠦ᠂ ᠠᠷᠠᠳ ᠤᠯᠠᠨ ᠳᠤ ᠰᠤᠷᠲᠠᠯ ᠤᠨ ᠪᠠᠶᠢᠭᠤᠯᠤᠯᠲᠠ ᠶᠢᠨ ᠠᠪᠴᠢᠷᠠᠭᠰᠠᠨ ᠠᠰᠢᠭ ᠲᠤᠰᠠ ᠶᠢ ᠦᠷᠭᠦᠯᠵᠢᠯᠡᠨ ᠬᠦᠷᠲᠡᠭᠡᠬᠦ ᠬᠡᠷᠡᠭᠲᠡᠢ᠃ ᠬᠡᠯᠪᠡᠷᠢᠴᠢ ᠦᠵᠡᠯ ᠢ ᠲᠡᠪᠴᠢᠵᠦ᠂ ᠨᠣᠶᠠᠨᠴᠢ ᠰᠤᠷᠲᠠᠯ ᠢ ᠢᠯᠠᠨ ᠳᠠᠪᠠᠵᠤ᠂ ᠬᠤᠷᠠᠯ ᠤᠨ ᠬᠡᠪᠴᠢᠶ᠎ᠡ ᠪᠠ ᠴᠠᠭ ᠬᠤᠭᠤᠴᠠᠭ᠎ᠠ ᠶᠢ ᠴᠢᠩᠭ᠎ᠠ ᠡᠵᠡᠮᠳᠡᠵᠦ᠂ ᠬᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠦᠢᠯᠡᠴᠢᠯᠡᠭᠡᠨ ᠤ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ︽ᠲᠦᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠲᠦᠷᠢᠮ ᠢ ᠲᠦᠷᠦᠭᠦᠯᠡᠨ ᠰᠠᠶᠢᠲᠤᠷ ᠨᠠᠶᠢᠳᠠᠪᠤᠷᠢᠵᠢᠭᠤᠯᠵᠤ᠂ ᠵᠢᠷᠭᠠᠨ ᠴᠡᠩᠭᠡᠬᠦ ᠦᠵᠡᠯ ᠪᠠ ᠱᠠᠯᠢᠨ ᠪᠦᠷᠢᠯᠭᠡᠬᠦ ᠰᠤᠷᠲᠠᠯ ᠢ ᠡᠰᠡᠷᠭᠦᠴᠡᠨ ᠬᠤᠷᠢᠭᠯᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠬᠦ ᠺᠠᠳ᠋ᠷ ᠤᠨ ᠡᠩᠨᠡᠭᠡ ᠶᠢ ᠪᠤᠢ ᠪᠣᠯᠭᠠᠬᠤ ᠬᠡᠷᠡᠭᠲᠡᠢ᠃ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠥᠭᠡᠷᠡᠴᠢᠯᠡᠯᠲᠡ ᠨᠢ ᠦᠷ᠎ᠡ ᠪᠦᠲᠦᠮᠵᠢ ᠤᠯᠬᠤ ᠶᠢ ᠪᠠᠷᠢᠮᠲᠠᠯᠠᠵᠤ᠂ ᠰᠤᠷᠤᠯᠴᠠᠯᠭ᠎ᠠ ᠬᠥᠮᠦᠵᠢᠯ ᠢ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠭᠦᠨᠵᠡᠭᠡᠢ ᠥᠷᠨᠢᠭᠦᠯᠬᠦ ᠲᠠᠢ ᠨᠢᠭᠲᠠ ᠵᠣᠯᠭᠠᠭᠤᠯᠵᠤ᠂ ᠵᠣᠬᠢᠴᠠᠭᠤᠯᠤᠨ ᠠᠬᠢᠭᠤᠯᠵᠤ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ︽ᠠᠰᠠᠭᠤᠳᠠᠯ ᠤᠨ ᠨᠠᠷᠢᠨ ᠲᠠᠩᠰᠠ︾ ᠶᠢ ᠦᠨᠡᠨ ᠬᠦ ᠤᠯᠠᠨ ᠲᠦᠮᠡᠨ ᠤ ᠮᠡᠳᠡᠷᠡᠬᠦ ︽ᠪᠣᠳᠠᠲᠤ ᠶᠠᠪᠤᠳᠠᠯ ᠤᠨ ᠨᠠᠷᠢᠨ ᠲᠠᠩᠰᠠ︾ ᠪᠣᠯᠭᠠᠬᠤ ᠬᠡᠷᠡᠭᠲᠡᠢ᠃ ᠰᠤᠷᠤᠯᠴᠠᠯᠭ᠎ᠠ ᠬᠥᠮᠦᠵᠢᠯ ᠢ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠪᠠ ᠪᠦᠬᠦ ᠵᠢᠯ ᠤᠨ ᠡᠭᠦᠷᠭᠡ ᠬᠠᠷᠠᠯᠲᠠ ᠲᠠᠢ ᠤᠶᠠᠯᠳᠤᠭᠤᠯᠵᠤ᠂ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠷ ᠵᠠᠰᠠᠭ ᠤᠨ ᠣᠷᠳᠣᠨ ᠤ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃   
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号