ᠤᠯᠠᠭᠠᠨᠬᠤᠲᠠ ᠪᠥᠬᠦ ᠬᠤᠲᠠ ᠶᠢᠨ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/2
        4 ᠰᠠᠷ᠎ᠠ ᠶᠢᠨ 1 ᠤ ᠡᠳᠦᠷ᠂ ᠤᠯᠠᠭᠠᠨᠬᠤᠲᠠ ᠪᠥᠬᠦ ᠬᠤᠲᠠ ᠶᠢᠨ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ᠂ ᠠᠵᠢᠯᠲᠠᠨ ᠤ ᠶᠠᠪᠤᠳᠠᠯ ᠤᠨ ᠲᠣᠬᠢᠷᠠᠭᠤᠯᠤᠯᠲᠠ ᠶᠢᠨ ᠲᠣᠭᠲᠠᠭᠠᠯ ᠢ ᠨᠡᠶᠢᠲᠡᠯᠡᠪᠡ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠰᠦᠬᠡ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠴᠧᠨ ᠵᠢᠩ ᠬᠤᠸᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠲᠠᠭᠠᠯ ᠢ ᠤᠩᠰᠢᠨ ᠨᠡᠶᠢᠲᠡᠯᠡᠪᠡ᠄ ᠼᠤᠤ ᡁᠢ ᠶᠦᠩ ᠨᠥᠬᠦᠷ ᠤᠯᠠᠭᠠᠨᠬᠤᠲᠠ ᠶᠢᠨ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠢ ᠡᠭᠦᠷᠭᠡᠯᠡᠵᠦ᠂ ᠶᠠᠩ ᠵᠢᠶ ᠫᠧᠩ ᠨᠥᠬᠦᠷ ᠤᠯᠠᠭᠠᠨᠬᠤᠲᠠ ᠶᠢᠨ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠢ ᠡᠭᠦᠷᠭᠡᠯᠡᠬᠦ ᠪᠠᠨ ᠵᠣᠭᠰᠣᠨ᠎ᠠ᠃ ᠶᠠᠩ ᠵᠢᠢ ᠫᠧᠩ᠂ ᠼᠤᠤ ᡁᠢ ᠶᠦᠩ ᠲᠤᠰ ᠲᠤᠰ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠮᠠ ᠮᠧᠩ ᠬᠤᠷᠠᠯ ᠡᠷᠭᠢᠯᠡᠪᠡ᠃        ᠰᠦᠬᠡ᠂ ᠡᠨᠡ ᠤᠳᠠᠭ᠎ᠠ ᠤᠯᠠᠭᠠᠨᠬᠤᠲᠠ ᠶᠢᠨ ᠨᠠᠮ ᠤᠨ ᠬᠤᠷᠢᠶᠠᠨ ᠤ ᠤᠳᠤᠷᠢᠳᠬᠤ ᠪᠠᠭ ᠲᠤ ᠲᠤᠬᠢᠷᠠᠭᠤᠯᠤᠯᠳᠠ ᠬᠢᠭᠰᠡᠨ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠪᠦᠬᠦ ᠲᠠᠯ᠎ᠠ ᠪᠠᠷ ᠪᠣᠳᠣᠯᠬᠢᠯᠠᠵᠤ᠂ ᠪᠣᠯᠭᠤᠮᠵᠢᠲᠠᠢ ᠰᠤᠳᠤᠯᠵᠤ ᠭᠠᠷᠭᠠᠭᠰᠠᠨ ᠲᠣᠭᠲᠠᠭᠠᠯ ᠪᠣᠯᠤᠨ᠎ᠠ᠂ ᠡᠨᠡ ᠨᠢ ᠬᠢᠩᠭᠠᠨ ᠠᠶᠢᠮᠠᠭ᠂ ᠤᠯᠠᠭᠠᠨᠬᠤᠲᠠ ᠶᠢ ᠬᠠᠯᠠᠮᠵᠢᠯᠠᠨ ᠴᠢᠬᠤᠯᠠᠴᠢᠯᠠᠵᠤ ᠪᠠᠶᠢᠬᠤ ᠶᠢ ᠭᠦᠢᠴᠡᠳ ᠬᠠᠷᠠᠭᠤᠯᠵᠤ ᠪᠠᠶᠢᠨ᠎ᠠ᠃ ᠤᠢᠢᠷ᠎ᠠ ᠶᠢᠨ ᠵᠢᠯ ᠠᠴᠠ᠂ ᠶᠠᠩ ᠵᠢᠢ ᠫᠧᠩ ᠨᠥᠬᠦᠷ ᠢᠶᠠᠷ ᠤᠳᠤᠷᠢᠳᠬᠤ ᠪᠠᠭ ᠤᠨ ᠳᠠᠷᠤᠭ᠎ᠠ ᠪᠣᠯᠭᠠᠭᠰᠠᠨ ᠬᠤᠳᠠ ᠶᠢᠨ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠤᠳᠤᠷᠢᠳᠤᠯᠭ᠎ᠠ ᠳᠣᠣᠷ᠎ᠠ᠂ ᠪᠦᠬᠦ ᠬᠤᠳᠠ ᠶᠢᠨ ᠠᠵᠤ ᠠᠬᠤᠢ ᠶᠢᠨ ᠬᠥᠭᠵᠢᠯᠲᠡ ᠶᠢᠨ ᠬᠦᠴᠦᠨ ᠭᠦᠢᠴᠡᠳ᠂ ᠬᠤᠳᠠ ᠬᠥᠳᠡᠭᠡ ᠶᠢᠨ ᠣᠷᠴᠢᠨ ᠲᠣᠭᠤᠷᠢᠨ ᠢ ᠢᠯᠡᠳᠲᠡ ᠳᠡᠭᠡᠭᠰᠢᠯᠡᠭᠦᠯᠵᠦ ᠂ ᠠᠷᠠᠳ ᠤᠨ ᠠᠮᠢᠳᠤᠷᠠᠯ ᠤᠨ ᠪᠣᠶᠠᠨ ᠬᠡᠰᠢᠭ ᠢ ᠪᠦᠬᠦ ᠲᠠᠯ᠎ᠠ ᠪᠠᠷ ᠰᠠᠶᠢᠵᠢᠷᠠᠭᠤᠯᠵᠤ᠂ ᠥᠭᠡᠷᠡᠴᠢᠯᠡᠯᠲᠡ ᠨᠡᠬᠡᠬᠡᠯᠳᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠩᠭᠤᠢ ᠲᠣᠭᠲᠠᠭᠤᠨ᠂ ᠨᠠᠮ ᠤᠨ ᠪᠠᠶᠢᠭᠤᠯᠤᠯᠲᠠ ᠪᠠᠲᠤ ᠴᠢᠩᠭ᠎ᠠ ᠬᠦᠴᠦᠨ ᠲᠠᠢ ᠪᠠᠶᠢᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠴᠢᠷᠮᠠᠶᠢᠨ ᠠᠬᠢᠭᠤᠯᠬᠤ ᠰᠢᠯᠢᠳᠡᠭ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠪᠠ᠃ ᠼᠤᠤ ᡁᠢ ᠶᠦᠩ ᠨᠥᠬᠦᠷ ᠪᠠᠶᠢᠳᠠᠯ ᠢ ᠠᠯᠢ ᠲᠦᠷᠭᠡᠨ ᠢᠶᠠᠷ ᠣᠶᠢᠯᠠᠭᠠᠵᠤ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠡᠷᠴᠢ ᠵᠣᠷᠢᠭ ᠢᠶᠠᠨ ᠳᠠᠬᠢᠨᠲᠠ ᠬᠥᠪᠴᠢᠯᠡᠵᠦ᠂ ᠳᠠᠬᠢᠨᠲᠠ ᠰᠢᠯᠢᠳᠡᠭ ᠠᠮᠵᠢᠯᠲᠠ ᠭᠠᠷᠭᠠᠬᠤ ᠶᠢ ᠬᠦᠰᠡᠵᠦ ᠪᠠᠶᠢᠨ᠎ᠠ᠃ ᠤᠯᠠᠭᠠᠨᠬᠤᠲᠠ ᠪᠦᠬᠦ ᠠᠶᠢᠮᠠᠭ ᠤᠨ ᠬᠥᠭᠵᠢᠯᠲᠡ ᠶᠢᠨ ᠶᠡᠭᠡ ᠲᠠᠯ᠎ᠠ ᠳᠤ ᠴᠢᠬᠤᠯᠠ ᠪᠠᠶᠢᠷᠢ ᠰᠠᠭᠤᠷᠢ ᠪᠠ ᠦᠢᠯᠡᠳᠦᠯ ᠲᠠᠢ ᠶᠤᠮ᠂ ᠬᠤᠲᠠ ᠶᠢᠨ ᠨᠠᠮ ᠤᠨ ᠬᠤᠷᠢᠶ᠎ᠠ ᠤᠬᠠᠮᠰᠠᠷ ᠠᠴᠠ ᠪᠠᠨ ᠴᠢᠬᠤᠯᠠ ᠡᠭᠦᠷᠭᠡ ᠶᠢ ᠡᠭᠦᠷᠭᠡᠯᠡᠵᠦ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠨᠢᠭᠡ ᠰᠡᠳᠬᠢᠯ ᠨᠢᠭᠡ ᠵᠣᠷᠢᠭ ᠢᠶᠠᠷ ᠬᠥᠭᠵᠢᠭᠦᠯᠬᠦ ᠶᠢ ᠪᠣᠳᠣᠯᠬᠢᠯᠠᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠲᠥᠪ ᠭᠤᠣᠯᠴᠢ ᠠᠷᠢᠭᠤᠨ ᠴᠢᠬᠡᠴᠢ ᠪᠠᠷ ᠦᠯᠢᠭᠡᠷ ᠳᠠᠭᠤᠷᠢᠶᠠᠯ ᠪᠤᠯᠵᠤ᠂ ᠪᠦᠬᠦ ᠠᠶᠢᠮᠠᠭ ᠤᠨ ᠡᠯ᠎ᠡ ᠵᠦᠢᠯ ᠤᠨ ᠠᠵᠢᠯ ᠤᠨ ᠳᠤᠮᠳᠠ ᠲᠣᠯᠣᠭᠠᠶᠢᠯᠠᠭᠴᠢ ᠶᠢᠨ ᠳᠠᠶᠢᠴᠢᠯᠠᠬᠤ ᠪᠠ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠ ᠰᠢᠨ᠎ᠡ ᠵᠠᠮ ᠢᠶᠠᠷ ᠵᠠᠮᠨᠠᠵᠤ ᠳᠤᠮᠳᠠ ᠲᠥᠪᠳᠢᠨ ᠳᠤ ᠣᠷᠤᠬᠤ ᠳᠤ ᠨᠡᠩ ᠤᠯᠠᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠠᠢ᠃        ᠶᠠᠩ ᠵᠢᠶ ᠫᠧᠩ᠂ ᠵᠣᠬᠢᠶᠠᠨ ᠪᠠᠶᠢᠭᠤᠯᠤᠯᠲᠠ ᠶᠢᠨ ᠲᠣᠭᠲᠠᠭᠠᠯ ᠢ ᠪᠦᠷᠢᠮᠦᠰᠦᠨ ᠬᠦᠷᠢᠶᠡᠯᠡᠵᠦ᠂ ᠡᠷᠡᠰ ᠳᠠᠭᠠᠨ᠎ᠠ᠂ ᠵᠣᠬᠢᠶᠠᠨ ᠪᠠᠶᠢᠭᠤᠯᠤᠯᠲᠠ ᠠᠴᠠ ᠨᠠᠳᠠ ᠳᠤ ᠤᠯᠠᠭᠠᠨᠬᠤᠲᠠ ᠶᠢᠨ ᠠᠷᠠᠳ ᠲᠦᠮᠡᠨ ᠳᠤ ᠦᠢᠯᠡᠴᠢᠯᠡᠬᠦ ᠲᠣᠬᠢᠶᠠᠯ ᠣᠯᠭᠤᠭᠰᠠᠨ ᠳᠤ ᠲᠠᠯᠠᠷᠬᠠᠵᠤ ᠪᠠᠶᠢᠨ᠎ᠠ᠂ ᠪᠥᠬᠦ ᠬᠤᠲᠠ ᠶᠢᠨ ᠥᠷᠭᠡᠨ ᠣᠯᠠᠨ ᠨᠠᠮ ᠤᠨ ᠭᠡᠰᠢᠭᠦᠨ ᠣᠯᠠᠨ ᠲᠦᠮᠡᠨ ᠤ ᠬᠠᠪᠰᠤᠷᠤᠯᠭ᠎ᠠ ᠪᠠ ᠳᠡᠮᠵᠢᠯᠭᠡ ᠳᠤ ᠲᠠᠯᠠᠷᠬᠠᠵᠤ ᠪᠠᠶᠢᠨ᠎ᠠ᠂ ᠼᠤᠤ ᡁᠢ ᠶᠦᠩ ᠨᠥᠬᠦᠷ ᠢᠶᠠᠷ ᠤᠳᠤᠷᠢᠳᠬᠤ ᠪᠠᠭ ᠤᠨ ᠳᠠᠷᠤᠭ᠎ᠠ ᠪᠣᠯᠭᠠᠭᠰᠠᠨ ᠬᠤᠲᠠ ᠶᠢᠨ ᠨᠠᠮ ᠤᠨ ᠬᠤᠷᠢᠶᠠᠨ ᠤ ᠳᠠᠭᠠᠭᠤᠯᠭ᠎ᠠ ᠳᠣᠤᠷ᠎ᠠ᠂ ᠤᠯᠠᠭᠠᠨᠬᠤᠲᠠ ᠶᠢᠨ ᠡᠯ᠎ᠡ ᠵᠦᠢᠯ ᠤᠨ ᠠᠵᠢᠯ ᠦᠢᠯᠡᠰ ᠯᠠᠪᠲᠠᠶ ᠨᠠᠩ ᠰᠠᠶᠢᠨ ᠬᠥᠭᠵᠢᠯᠲᠡ ᠶᠢ ᠤᠭᠲᠤᠨ ᠠᠪᠴᠢᠷᠠᠵᠤ᠂ ᠤᠯᠠᠭᠠᠨᠬᠤᠲᠠ ᠶᠢᠨ ᠠᠷᠠᠳ ᠤᠨ ᠠᠮᠢᠳᠤᠷᠠᠯ ᠨᠠᠩ ᠵᠣᠯ ᠵᠢᠷᠭᠠᠯ ᠲᠠᠢ ᠪᠣᠯᠬᠤ ᠶᠢ ᠢᠲᠡᠭᠡᠵᠦ ᠪᠠᠶᠢᠨ᠎ᠠ ᠭᠡᠵᠦ ᠢᠯᠡᠷᠬᠡᠶᠢᠯᠡᠵᠡᠢ᠃        ᠼᠤᠤ ᡁᠢ ᠶᠦᠩ᠂ ᠵᠣᠬᠢᠶᠠᠨ ᠪᠠᠶᠢᠭᠤᠯᠤᠯᠲᠠ ᠶᠢᠨ ᠲᠣᠭᠲᠠᠭᠠᠯ ᠢ ᠪᠦᠷᠢᠮᠦᠰᠦᠨ ᠬᠦᠷᠢᠶᠡᠯᠡᠵᠦ᠂ ᠡᠷᠡᠰ ᠳᠠᠭᠠᠨ᠎ᠠ᠂ ᠵᠣᠬᠢᠶᠠᠨ ᠪᠠᠶᠢᠭᠤᠯᠤᠯᠲᠠ ᠶᠢᠨ ᠢᠲᠡᠭᠡᠯ ᠪᠠ ᠭᠦᠨ ᠬᠠᠯᠠᠮᠵᠢᠯᠠᠯ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠂ ᠪᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠠᠶᠢᠮᠠᠭ ᠤᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠳᠠ ᠶᠢᠨ ᠥᠷᠭᠡᠨ ᠤᠯᠠᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠰᠢᠨ᠎ᠡ ᠴᠠᠭ ᠦᠶ᠎ᠡ᠂ ᠰᠢᠨ᠎ᠡ ᠠᠶᠠᠨ ᠵᠠᠮ ᠳᠤ ᠳᠠᠬᠢᠨᠲᠠ ᠰᠢᠨ᠎ᠡ ᠠᠮᠵᠢᠯᠲᠠ ᠪᠦᠲᠦᠮᠵᠢ ᠭᠠᠷᠭᠠᠨ᠎ᠠ ᠭᠡᠵᠦ ᠢᠯᠡᠳᠬᠡᠪᠡ᠃        ᠬᠤᠲᠠ ᠶᠢᠨ ᠳᠥᠷᠪᠡᠨ ᠶᠡᠭᠡ ᠤᠳᠤᠷᠢᠳᠬᠤ ᠪᠠᠭ ᠤᠨ ᠪᠦᠬᠦ ᠤᠳᠤᠷᠢᠳᠤᠯᠭ᠎ᠠ᠂ ᠬᠤᠲᠠ ᠶᠢᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠳᠠᠷᠤᠭ᠎ᠠ᠂ ᠡᠯ᠎ᠡ ᠪᠠᠯᠭᠠᠰᠤ᠂ ᠵᠡᠭᠡᠯᠢ ᠶᠢᠨ ᠨᠠᠮ ᠵᠠᠰᠠᠭ ᠤᠨ ᠵᠢᠩᠬᠢᠨᠢ ᠲᠤᠰᠢᠶᠠᠯᠲᠠᠨ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠨᠢᠭᠡᠴᠢ ᠶᠢᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃   
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号