ᠪᠠᠳᠤᠯᠠᠭ᠎ᠠ ᠬᠠᠨᠭ᠍ᠭᠠᠵᠤ ᠦᠢᠯᠡᠴᠢᠯᠡᠭᠡ ᠶᠢ ᠰᠢᠯᠢᠳᠡᠭᠵᠢᠭᠦᠯᠦᠨ ᠤᠷ᠎ᠡ ᠮᠡᠷᠭᠡᠵᠢᠯ ᠢ ᠳᠡᠭᠡᠭᠰᠢᠯᠡᠭᠦᠯᠦᠭᠡᠳ ᠠᠵᠢᠯ ᠤᠯᠭᠤᠯᠳᠠ ᠪᠠᠷ ᠠᠷᠠᠳ ᠲᠤ ᠠᠰᠢᠭ ᠬᠦᠷᠳᠡᠭᠡᠵᠦ ᠪᠤᠢ
ᠨᠡᠶᠢᠲᠡᠯᠡᠭᠰᠡᠨ ᠴᠠᠭ᠄
2025/4/2
        ᠡᠨᠡ ᠵᠢᠯ ᠠᠴᠠ ᠨᠠᠭᠠᠰᠢ᠂ ᠬᠢᠨᠭ᠍ᠭᠠᠨ ᠠᠶᠢᠮᠠᠭ ᠤᠨ ᠠᠵᠢᠯ ᠤᠯᠭᠤᠯᠳᠠ ᠶᠢᠨ ᠵᠠᠬ᠎ᠠ ᠲᠡᠯᠬᠡᠬᠦᠷ ᠬᠦᠷ ᠬᠦᠭᠵᠢᠶᠡᠨ ᠲᠠᠢ ᠪᠤᠯᠵᠤ ᠢᠷᠡᠯ᠎ᠠ᠃ ᠤᠶᠢᠷ᠎ᠠ ᠶᠢᠨ ᠡᠳᠦᠷ ᠲᠤ᠂ ᠬᠢᠨᠭ᠍ᠭᠠᠨ ᠠᠶᠢᠮᠠᠭ ᠤᠨ ᠬᠦᠮᠦᠨ ᠤ ᠬᠦᠴᠦᠨ ᠤ ᠡᠬᠢ ᠪᠠᠶᠠᠯᠢᠭ ᠪᠠ ᠠᠵᠢᠯ ᠤᠯᠭᠤᠯᠳᠠ ᠶᠢᠨ ᠦᠢᠯᠡᠴᠢᠯᠡᠬᠡᠨ ᠤ ᠲᠦᠪ ᠭᠤᠤᠯᠳᠠᠯᠭ᠎ᠠ ᠲᠠᠢ ᠬᠦᠮᠦᠰ ᠲᠤ ᠪᠠᠳᠦᠯᠠᠭ᠎ᠠ ᠬᠠᠨᠭ᠍ᠭᠠᠬᠤ᠂ ᠠᠵᠢᠯ ᠤᠯᠭᠤᠯᠳᠠ ᠶᠢᠨ ᠦᠢᠯᠡᠴᠢᠯᠡᠭᠡ ᠶᠢ ᠰᠢᠯᠢᠳᠡᠭᠵᠢᠬᠦᠯᠬᠦ᠂ ᠤᠷ᠎ᠠ ᠮᠡᠷᠬᠡᠵᠢᠯ ᠤᠨ ᠪᠤᠯᠪᠠᠰᠦᠷᠠᠯ ᠢ ᠳᠡᠭᠡᠭᠰᠢᠯᠡᠭᠦᠯᠬᠦ ᠵᠡᠷᠭᠡ ᠠᠷᠭ᠎ᠠ ᠭᠡᠮᠵᠢᠶ᠎ᠠ ᠠᠪᠴᠤ ︽ᠠᠵᠢᠯ ᠤᠯᠭᠤᠯᠳᠠ ᠶᠢ ᠠᠬᠢᠭᠤᠯᠬᠤ ᠠᠵᠢᠯᠯᠠᠭ᠎ᠠ︾ ᠶᠢ ᠯᠠᠪᠳᠠᠭᠤᠨ ᠪᠠᠳᠦᠳᠠᠢ ᠦᠷᠨᠢᠬᠦᠯᠵᠦ᠂ ᠴᠢᠨᠠᠷ ᠰᠠᠶᠢᠳᠠᠢ ᠠᠵᠢᠯ ᠤᠯᠭᠤᠯᠳᠠ ᠶᠢ ᠠᠬᠢᠭᠤᠯᠤᠨ᠂ ᠠᠷᠠᠳ ᠲᠤ ᠠᠰᠢᠭ ᠬᠦᠷᠳᠡᠬᠡᠵᠦ ᠪᠠᠶᠢᠨ᠎ᠠ᠃        ᠡᠨᠡ ᠵᠢᠯ ᠤᠨ ᠴᠠᠭᠠᠨ ᠰᠠᠷ᠎ᠠ᠂ ᠬᠢᠨᠭ᠍ᠭᠠᠨ ᠠᠶᠢᠮᠠᠭ ᠬᠤᠳᠠ ᠪᠠᠯᠭᠠᠰᠦ ᠶᠢᠨ 160 ︽ᠡᠬᠦᠳᠡᠨ ᠡᠮᠦᠨᠡᠬᠢ︾ ᠠᠵᠢᠯ ᠤᠯᠭᠤᠯᠳᠠ ᠶᠢᠨ ᠦᠢᠯᠡᠴᠢᠯᠡᠬᠡᠨ ᠤ ᠦᠷᠳᠡᠭᠡ ᠪᠠ ᠬᠦᠳᠡᠭᠡ ᠲᠤᠰᠬᠤᠨ ᠤ ᠲᠤᠮᠤ ᠴᠤᠬᠯᠠᠭ᠎ᠠ ᠳᠤ ᠲᠦᠰᠢᠭᠯᠡᠨ ᠂ ︽ᠬᠢᠨᠭ᠍ᠭᠠᠨ ᠳᠤ ᠠᠵᠢᠯ ᠤᠯᠬᠤ︾ — ᠬᠦᠳᠡᠭᠡ ᠲᠤᠰᠬᠤᠨ ᠤ ᠠᠵᠢᠯ ᠤᠯᠭᠤᠯᠳᠠ ᠶᠢᠨ ᠲᠤᠮᠤ ᠴᠤᠬᠯᠠᠭᠠᠨ ᠤ ᠠᠵᠢᠯᠯᠠᠭ᠎ᠠ ᠦᠷᠨᠢᠬᠦᠯᠵᠦ᠂ ᠲᠤᠰᠬᠤᠨ ︵ᠨᠡᠶᠢᠬᠡᠮ ᠲᠤᠭᠤᠷᠢᠭ︶᠂ ᠴᠤᠬᠯᠠᠭᠠᠨ᠂ ᠬᠤᠳᠠᠯᠳᠤᠭᠠᠨ ᠤ ᠲᠠᠯᠠᠪᠦᠷ ᠵᠡᠷᠭᠡ ᠲᠠᠯᠠᠪᠦᠷ ᠭᠠᠵᠠᠷ ᠢᠶᠠᠷ ᠬᠦᠨᠵᠡᠬᠡᠶᠢᠷᠡᠨ᠂ ᠡᠯ᠎ᠡ ᠲᠦᠷᠦᠯ ᠤᠨ ᠠᠵᠢᠯ ᠤᠯᠭᠤᠯᠳᠠ ᠶᠢᠨ ᠦᠢᠯᠡᠴᠢᠯᠡᠭᠡ ᠬᠠᠨᠭ᠍ᠭᠠᠬᠤ ᠰᠢᠯᠢᠳᠡᠭ ᠠᠵᠢᠯ ᠤᠨ ᠪᠠᠶᠢᠷᠢ᠂ ᠠᠵᠢᠯ ᠤᠯᠭᠤᠯᠳᠠ ᠶᠢᠨ ᠲᠦᠷᠦ ᠶᠢᠨ ᠪᠤᠳᠤᠯᠭ᠎ᠠ ᠶᠢ ᠴᠠᠭ ᠲᠤᠬᠠᠢ ᠳᠤᠨᠢ ᠤᠯᠠᠨ ᠲᠦᠮᠡᠨ ᠤ ᠲᠡᠷᠬᠡᠳᠡ ᠬᠦᠷᠬᠡᠵᠦ ᠪᠠᠶᠢᠨ᠎ᠠ᠃ ᠬᠢᠨᠭ᠍ᠭᠠᠨ ᠠᠶᠢᠮᠠᠭ ᠤᠨ ᠬᠦᠮᠦᠨ ᠤ ᠬᠦᠴᠦᠨ ᠤ ᠡᠬᠢ ᠪᠠᠶᠠᠯᠢᠭ ᠪᠠ ᠠᠵᠢᠯ ᠤᠯᠭᠤᠯᠳᠠ ᠶᠢᠨ ᠦᠢᠯᠡᠴᠢᠯᠡᠬᠡᠨ ᠤ ᠲᠦᠪ ᠤᠨ ᠡᠷᠬᠢᠯᠡᠭᠴᠢ ᠹᠠᠨ ᡁᠢ ᠶᠦᠩ᠄ ︽ᠤᠳᠤ ᠪᠤᠯᠳᠠᠯ᠎ᠠ ᠬᠦᠳᠡᠭᠡ ᠲᠤᠰᠬᠤᠨ ᠤ ᠠᠵᠢᠯ ᠤᠯᠭᠤᠯᠳᠠ ᠶᠢᠨ ᠲᠤᠮᠤ ᠴᠤᠬᠯᠠᠭᠠᠨ ᠢ 80 ᠲᠠᠯᠠᠪᠦᠷ ᠦᠷᠨᠢᠬᠦᠯᠵᠦ᠂ ᠤᠯᠠᠨ ᠲᠦᠮᠡᠨ ᠳᠤ 2 ᠲᠦᠮᠡᠨ ᠠᠵᠢᠯ ᠤᠨ ᠪᠠᠶᠢᠷᠢ ᠬᠠᠨᠭ᠍ᠭᠠᠵᠦ᠂ ᠠᠵᠢᠯ ᠤᠯᠭᠤᠯᠳᠠ ᠶᠢᠨ ᠰᠠᠨᠠᠮᠵᠢ ᠲᠠᠢ ᠬᠦᠮᠦᠨ 1121 ᠲᠤᠯᠵᠠᠢ᠃ ᠡᠬᠦᠨ ᠳᠤ ᠪᠠᠰᠠ 135 ᠨᠡᠷᠡᠰ ᠶᠠᠳᠠᠭᠤ ᠠᠴᠠ ᠠᠩᠬᠢᠵᠢᠷᠠᠬᠰᠠᠨ ᠬᠦᠮᠦᠨ ᠢ ᠪᠠᠭᠳᠠᠭᠠᠵᠦ ᠪᠤᠢ︾ ᠬᠡᠵᠦ ᠶᠠᠷᠢᠵᠦ ᠪᠠᠶᠢᠯ᠎ᠠ᠃        ᠬᠦᠳᠡᠭᠡ ᠲᠤᠰᠬᠤᠨ ᠤ ᠠᠵᠢᠯ ᠤᠯᠭᠤᠯᠳᠠ ᠶᠢᠨ ᠲᠤᠮᠤ ᠴᠤᠬᠯᠠᠭᠠᠨ ᠲᠠᠭᠤᠰᠬᠤ ᠲᠠᠢ ᠵᠡᠷᠭᠡ ︽ᠬᠠᠪᠦᠷ ᠤᠨ ᠤᠷᠠᠢ ᠠᠵᠢᠯ ᠤᠨ ᠪᠠᠶᠢᠷᠢ ᠬᠦᠷᠭᠡᠬᠦ︾ ᠰᠢᠷᠢᠰ ᠠᠵᠢᠯᠯᠠᠭ᠎ᠠ ᠶᠢ ᠡᠬᠢᠯᠡᠬᠦᠯᠵᠡᠢ᠃ ᠬᠢᠨᠭ᠍ᠭᠠᠨ ᠠᠶᠢᠮᠠᠭ ︽ᠠᠵᠢᠯ ᠤᠨ ᠪᠠᠶᠢᠷᠢ ᠬᠠᠨᠭ᠍ᠭᠠᠵᠦ ᠠᠵᠢᠯ ᠤᠯᠭᠤᠯᠳᠠ ᠶᠢ ᠠᠬᠢᠭᠤᠯᠤᠨ᠂ ᠤᠨᠤᠴᠠᠳᠠᠢ ᠦᠢᠯᠡᠴᠢᠯᠡᠨ ᠠᠷᠠᠳ ᠤᠨ ᠰᠡᠳᠬᠢᠯ ᠢ ᠲᠤᠯᠠᠭᠠᠴᠠᠭᠤᠯᠬᠤ︾ ᠤᠷᠢᠶᠠᠯᠠᠭ᠎ᠠ ᠶᠢ ᠢᠳᠡᠪᠬᠢᠳᠡᠢ ᠲᠠᠭᠠᠵᠦ᠂ ᠠᠵᠢᠯᠳᠠᠨ ᠡᠯᠰᠡᠬᠦ ᠬᠤᠷᠠᠯ ᠢ ᠵᠤᠬᠢᠶᠠᠨ ᠪᠠᠶᠢᠭᠤᠯᠤᠨ᠂ ᠠᠵᠢᠯ ᠤᠨ ᠪᠠᠶᠢᠷᠢ ᠲᠤᠬᠢᠷᠠᠭᠤᠯᠬᠤ ᠠᠴᠠ ᠤᠯᠠᠨ ᠡᠰᠢᠵᠢᠭᠰᠡᠨ ᠠᠵᠢᠯᠳᠠᠨ ᠡᠯᠰᠡᠬᠦ ᠬᠡᠯᠪᠡᠷᠢ ᠶᠢᠨ ᠰᠢᠨ᠎ᠠ ᠶᠢ ᠡᠬᠦᠳᠴᠦ᠂ ᠠᠵᠢᠯ ᠤᠯᠭᠤᠯᠳᠠ ᠶᠢᠨ ᠵᠠᠬ᠎ᠠ ᠲᠡᠯᠬᠡᠬᠦᠷ ᠲᠤ ᠰᠢᠨ᠎ᠠ ᠠᠮᠢᠵᠢᠷᠠᠯ ᠤᠨ ᠬᠦᠴᠦᠨ ᠤᠯᠭᠤᠵᠠᠢ᠃        ᠤᠶᠢᠷ᠎ᠠ ᠶᠢᠨ ᠡᠳᠦᠷ᠂ ᠬᠢᠨᠭ᠍ᠭᠠᠨ ᠠᠶᠢᠮᠠᠭ ᠤᠨ ᠬᠦᠴᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠲᠡᠯᠬᠡᠬᠦᠷ ᠲᠤ᠂ ︽2025 ᠤᠨ ᠤ ᠬᠠᠪᠦᠷ ᠤᠨ ᠤᠷᠠᠢ ᠠᠵᠢᠯᠯᠠᠭ᠎ᠠ︾ ᠶᠢᠨ ᠰᠢᠷᠢᠰ ᠠᠵᠢᠯᠳᠠᠨ ᠡᠯᠰᠡᠬᠦ ᠠᠵᠢᠯᠯᠠᠭ᠎ᠠ ᠶᠢ ᠬᠤᠭᠤᠴᠠᠭ᠎ᠠ ᠶᠤᠰᠤᠭᠠᠷ ᠶᠠᠪᠤᠬᠳᠠᠭᠤᠯᠵᠦ ᠪᠠᠶᠢᠪᠠ᠃ ᠲᠤᠬᠠᠢ ᠶᠢᠨ ᠲᠠᠯᠠᠪᠦᠷ ᠲᠤ 150 ᠭᠠᠷᠦᠢ ᠠᠵᠦ ᠠᠬᠤᠶᠢᠯᠠᠯ᠂ ᠡᠮ ᠡᠮᠨᠡᠯᠬᠡ᠂ ᠮᠠᠰᠢᠨ ᠮᠧᠬᠠᠨᠢᠭ ᠦᠢᠯᠡᠳᠬᠦ᠂ ᠬᠡᠷ ᠤᠨ ᠶᠠᠪᠤᠳᠠᠯ ᠤᠨ ᠦᠢᠯᠡᠴᠢᠯᠡᠭᠡ᠂ ᠰᠤᠷᠠᠭ ᠵᠠᠩᠬᠢ ᠶᠢᠨ ᠮᠡᠷᠬᠡᠵᠢᠯ ᠵᠡᠷᠭᠡ ᠠᠵᠢᠯ ᠲᠦᠷᠦᠯ ᠤᠨ 3300 ᠭᠠᠷᠦᠢ ᠠᠵᠢᠯ ᠤᠨ ᠪᠠᠶᠢᠷᠢ ᠬᠠᠨᠭ᠍ᠭᠠᠵᠠᠢ᠃        ᠬᠢᠨᠭ᠍ᠭᠠᠨ ᠠᠶᠢᠮᠠᠭ ︽ᠰᠦᠯᠵᠢᠶᠡᠨ ᠲᠡᠭᠡᠷ᠎ᠡ + ᠪᠤᠳᠠᠳᠤ ᠴᠤᠬᠴᠠ︾ ᠶᠢᠨ ᠤᠯᠠᠨ ᠡᠰᠢᠵᠢᠭᠰᠡᠨ ᠦᠢᠯᠡᠴᠢᠯᠡᠬᠡᠨ ᠤ ᠵᠠᠬᠪᠦᠷ ᠢᠶᠠᠷ ᠲᠠᠮᠵᠢᠭᠤᠯᠤᠨ᠂ ᠠᠵᠢᠯ ᠤᠯᠭᠤᠯᠳᠠ ᠶᠢᠨ ᠦᠢᠯᠡᠴᠢᠯᠡᠭᠡ ᠶᠢ ᠬᠦᠨᠵᠡᠬᠡᠶᠢᠷᠡᠬᠦᠯᠦᠨ᠂ ᠠᠵᠦ ᠠᠬᠤᠶᠢᠯᠠᠯ ᠪᠤᠯᠤᠨ ᠬᠦᠳᠡᠯᠮᠦᠷᠢᠯᠡᠭᠴᠢᠳ ᠲᠤ ᠰᠤᠯᠢᠯᠴᠠᠭᠠᠨ ᠤ ᠲᠡᠪᠴᠡᠩ ᠬᠠᠨᠭ᠍ᠭᠠᠵᠦ᠂ ᠠᠵᠢᠯ ᠤᠨ ᠪᠠᠶᠢᠷᠢ ᠶᠢ ᠤᠨᠤᠴᠠᠳᠠᠢ ᠵᠤᠯᠭᠠᠭᠤᠯᠬᠤ ᠶᠢ ᠠᠬᠢᠭᠤᠯᠵᠠᠢ᠃ ᠰᠢᠭᠤᠳ ᠨᠡᠪᠳᠡᠷᠡᠬᠦᠯᠬᠡ ᠪᠠᠷ ᠠᠵᠢᠯ ᠤᠨ ᠪᠠᠶᠢᠷᠢ ᠶᠢ ᠲᠠᠶᠢᠴᠢᠯᠠᠬᠤ᠂ AI ᠲᠤᠭᠠᠴᠢᠯᠠᠬᠰᠠᠨ ᠬᠦᠮᠦᠨ ᠰᠢᠭᠤᠳ ᠨᠡᠪᠳᠡᠷᠡᠬᠦᠯᠬᠦ ᠵᠡᠷᠭᠡ ᠬᠡᠯᠪᠡᠷᠢ ᠶᠢᠨ ᠰᠢᠨ᠎ᠠ ᠶᠢ ᠡᠬᠦᠳᠴᠦ᠂ 24 ᠴᠠᠭ ᠠᠮᠠᠷᠠᠯᠳᠠ ᠦᠬᠡᠢ ᠪᠠᠷ ᠠᠵᠢᠯ ᠤᠯᠭᠤᠬᠤ ᠦᠢᠯᠡᠴᠢᠯᠡᠭᠡ ᠬᠠᠨᠭ᠍ᠭᠠᠬᠤ ᠶᠢ ᠪᠡᠶᠡᠯᠡᠬᠦᠯᠵᠡᠢ᠃        ᠬᠢᠨᠭ᠍ᠭᠠᠨ ᠠᠶᠢᠮᠠᠭ ᠤᠨ ᠬᠦᠮᠦᠨ ᠤ ᠬᠦᠴᠦᠨ ᠤ ᠡᠬᠢ ᠪᠠᠶᠠᠯᠢᠭ ᠪᠠ ᠠᠵᠢᠯ ᠤᠯᠭᠤᠯᠳᠠ ᠶᠢᠨ ᠦᠢᠯᠡᠴᠢᠯᠡᠬᠡᠨ ᠤ ᠲᠦᠪ ᠤᠨ ᠲᠡᠳ᠋ ᠡᠷᠬᠢᠯᠡᠭᠴᠢ ᠮᠠ ᠶᠤᠸᠠᠨ ᠶᠤᠸᠠᠨ᠄ ︽ᠵᠢᠯ ᠤᠨ ᠡᠬᠢᠨ ᠠᠴᠠ ᠨᠠᠭᠠᠰᠢ᠂ AI ᠲᠤᠭᠠᠴᠢᠯᠠᠬᠰᠠᠨ ᠬᠦᠮᠦᠨ 271 ᠴᠠᠭ ᠰᠢᠭᠤᠳ ᠨᠡᠪᠳᠡᠷᠡᠬᠦᠯᠵᠦ᠂ ᠰᠦᠯᠵᠢᠶᠡᠨ ᠲᠡᠭᠡᠷ᠎ᠡ ᠦᠵᠡᠭᠰᠡᠨ ᠬᠦᠮᠦᠨ ᠤ ᠲᠤᠭ᠎ᠠ 10 ᠲᠦᠮᠡᠨ ᠬᠦᠮᠦᠨ ︵ᠤᠳᠠᠭ᠎ᠠ︶ ᠲᠤᠯᠵᠦ᠂ ᠰᠦᠯᠵᠢᠶᠡᠨ ᠲᠡᠭᠡᠷ᠎ᠡ ᠠᠵᠢᠯ ᠤᠯᠬᠤ ᠰᠠᠨᠠᠮᠵᠢ ᠲᠠᠢ ᠬᠦᠮᠦᠨ 321 ᠲᠤᠯᠵᠠᠢ︾ ᠬᠡᠵᠦ ᠶᠠᠷᠢᠵᠦ ᠪᠠᠶᠢᠯ᠎ᠠ᠃        ᠬᠢᠨᠭ᠍ᠭᠠᠨ ᠠᠶᠢᠮᠠᠭ ᠪᠦᠬᠦ ᠤᠷᠤᠨ ᠳᠤ ᠲᠦᠷᠦᠬᠦᠯᠡᠨ ︽ᠬᠢᠨᠭ᠍ᠭᠠᠨ ᠤ ᠰᠤᠯᠠ ᠠᠵᠢᠯ︾ ᠢ ︽ᠮᠦᠡᠭᠭᠡ ᠰᠤᠪᠠᠭ︾ ᠲᠡᠪᠴᠡᠩ ᠤᠨ ᠦᠢᠯᠡᠴᠢᠯᠡᠬᠡᠨ ᠤ ᠰᠢᠰᠲ᠋ᠧᠮ ᠳᠤ ᠤᠷᠤᠭᠤᠯᠵᠦ᠂ ᠰᠦᠯᠵᠢᠶᠡᠨ ᠲᠡᠭᠡᠷ᠎ᠡ ᠪᠠ ᠪᠤᠳᠠᠳᠤ ᠴᠤᠬᠴᠠ ᠳᠤ ᠰᠤᠯᠠ ᠠᠵᠢᠯ ᠤᠨ ᠵᠠᠬ᠎ᠠ ᠲᠡᠯᠬᠡᠬᠦᠷ 13 ᠪᠠᠶᠢᠭᠤᠯᠵᠦ᠂ 1.8 ᠲᠦᠮᠡᠨ ᠬᠦᠮᠤᠨ ᠳᠤ ᠰᠤᠯᠠ ᠠᠵᠢᠯ ᠤᠯᠭᠤᠵᠠᠢ᠃ ᠪᠤᠳᠠᠳᠤ ᠴᠤᠬᠴᠠ ᠶᠢᠨ ᠠᠵᠢᠯᠳᠠᠨ ᠡᠯᠰᠡᠬᠦ ᠬᠤᠷᠠᠯ᠂ ︽ᠠᠵᠢᠯ ᠤᠨ ᠪᠠᠶᠢᠷᠢ ᠬᠦᠷᠬᠡᠬᠦ᠂ ᠪᠤᠯᠪᠠᠰᠦᠷᠠᠯ ᠬᠦᠷᠬᠡᠬᠦ᠂ ᠲᠦᠷᠦ ᠶᠢᠨ ᠪᠤᠳᠤᠯᠭ᠎ᠠ ᠬᠦᠷᠬᠡᠬᠦ᠂ ᠪᠡᠯᠡ ᠮᠦᠡᠭᠬᠦ ᠬᠦᠷᠭᠡᠬᠦ︾ ᠲᠦᠷᠪᠡ ᠶᠢ ᠬᠦᠷᠬᠡᠬᠦ ᠦᠢᠯᠡᠴᠢᠯᠡᠭᠡ ᠵᠡᠷᠭᠡ ᠬᠡᠯᠪᠡᠷᠢ ᠪᠠᠷ ᠲᠠᠮᠵᠢᠭᠤᠯᠤᠨ ᠠᠵᠢᠯ ᠤᠯᠭᠤᠯᠳᠠ ᠶᠢ ᠤᠨᠤᠴᠠᠳᠠᠢ ᠵᠤᠯᠭᠠᠭᠤᠯᠬᠤ ᠶᠢ ᠠᠬᠢᠭᠤᠯᠵᠠᠢ᠃ 2024 ᠤᠨ ᠳᠤ᠂ ᠬᠢᠨᠭ᠍ᠭᠠᠨ ᠠᠶᠢᠮᠠᠭ ᠨᠡᠶᠢᠳᠡ 1545 ᠲᠠᠯᠠᠪᠦᠷ ︵ᠤᠳᠠᠭ᠎ᠠ︶ ᠲᠤᠰᠬᠠᠢ ᠠᠵᠢᠯᠳᠠᠨ ᠡᠯᠰᠡᠬᠦ ᠬᠤᠷᠠᠯ ᠡᠷᠬᠢᠯᠡᠵᠦ᠂ ᠠᠵᠢᠯ ᠤᠯᠬᠤ ᠰᠠᠨᠠᠮᠵᠢ ᠲᠠᠢ ᠬᠦᠮᠦᠨ 2.27 ᠲᠦᠮᠡ ᠲᠤᠯᠵᠦ᠂ ᠨᠡᠶᠢᠳᠡ ᠶᠢᠨ ᠠᠰᠠᠷᠠᠮᠵᠢ ᠶᠢᠨ ᠴᠢᠨᠠᠷᠳᠠᠢ ᠠᠵᠢᠯ ᠤᠨ ᠪᠠᠶᠢᠷᠢ ᠶᠢ 1676 ᠬᠠᠩᠭᠠᠵᠤ᠂ ᠠᠵᠢᠯ ᠤᠨ ᠪᠠᠶᠢᠷᠢ ᠶᠢ ᠲᠤᠬᠳᠠᠪᠦᠷᠢᠵᠢᠭᠤᠯᠬᠤ ᠨᠦᠬᠦᠪᠦᠷᠢ 1926.75 ᠲᠦᠮᠡᠨ ᠲᠦᠬᠦᠷᠢᠭ᠂ ᠠᠵᠢᠯ ᠠᠯᠳᠠᠬᠰᠠᠳ ᠤᠨ ᠲᠠᠭᠠᠳᠬᠠᠯ 4252.57 ᠲᠦᠮᠡᠨ ᠲᠦᠬᠦᠷᠢᠭ ᠢ ᠲᠤᠭᠤᠰᠢᠯᠠᠭᠤᠯᠵᠠᠢ᠃        ᠤᠶᠢᠷ᠎ᠠ ᠳᠤ᠂ ᠵᠠᠯᠠᠶᠢᠳ ᠬᠤᠰᠢᠭᠤᠨ ᠤ ᠲᠤᠮᠳᠠ ᠵᠡᠷᠭᠡ ᠶᠢᠨ ᠠᠵᠢᠯ ᠮᠡᠷᠬᠡᠵᠢᠯ ᠤᠨ ᠪᠤᠯᠪᠠᠰᠦᠷᠠᠯ ᠤᠨ ᠰᠤᠷᠭᠠᠭᠤᠯᠢ ᠶᠢᠨ ᠬᠢᠴᠢᠶᠡᠯ ᠤᠨ ᠭᠡᠷ ᠲᠤ ᠴᠡᠪᠡᠷᠯᠡᠭᠴᠢ ᠶᠢᠨ ᠪᠤᠯᠪᠠᠰᠦᠷᠠᠯ ᠤᠨ ᠬᠢᠴᠢᠶᠡᠯ ᠶᠠᠭ ᠰᠠᠶ᠋ᠢᠬᠠᠨ ᠬᠦᠭᠵᠢᠶᠡᠨ ᠲᠠᠢ ᠶᠠᠪᠤᠬᠳᠠᠵᠦ ᠪᠠᠶᠢᠪᠠ᠃ ᠪᠠᠢ ᠴᠢᠩ ᠮᠸᠢ ᠪᠠᠭᠰᠢ ᠶᠢᠨ ᠬᠢᠴᠢᠶᠡᠯ ᠢ ᠰᠡᠳᠬᠢᠯ ᠲᠦᠪᠯᠡᠷᠡᠬᠦᠯᠦᠨ ᠰᠤᠨᠤᠰᠴᠦ᠂ ᠲᠡᠮᠳᠡᠭᠯᠡᠯ ᠤᠨ ᠲᠡᠪᠳᠡᠷ ᠲᠡᠭᠡᠷ᠎ᠡ ᠪᠠᠨ ᠨᠠᠷᠢᠯᠢᠭ ᠲᠡᠮᠳᠡᠭᠯᠡᠵᠦ ᠪᠠᠶᠢᠯ᠎ᠠ᠃ ᠦᠡᠭᠭᠡᠷᠡᠭᠰᠡᠨ ᠳᠤ ᠲᠡᠷᠡ ᠰᠤᠯᠠ ᠠᠵᠢᠯ ᠬᠢᠵᠦ ᠠᠮᠢᠳᠦᠷᠠᠯ ᠢᠶᠠᠨ ᠠᠷᠭᠠᠴᠠᠭᠠᠨ᠂ ᠤᠷᠤᠯᠭ᠎ᠠ ᠲᠤᠤᠷ᠎ᠠ ᠪᠦᠭᠡᠳ ᠪᠠᠰᠠ ᠲᠤᠬᠳᠠᠪᠦᠷᠢ ᠦᠬᠡᠢ ᠪᠠᠶᠢᠪᠠ᠃ ᠲᠡᠷᠡ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠳᠦᠯᠠᠭ᠎ᠠ ᠶᠢᠨ ᠲᠤᠪᠴᠢᠶ᠎ᠠ ᠶᠢᠨ ᠰᠠᠯᠠᠭ᠎ᠠ ᠮᠦᠴᠢᠷ ᠠᠴᠠ ᠵᠤᠬᠢᠶᠠᠨ ᠪᠠᠶᠢᠭᠤᠯᠤᠬᠰᠠᠨ ᠴᠡᠪᠡᠷᠯᠡᠭᠴᠢ ᠶᠢᠨ ᠤᠷ᠎ᠠ ᠮᠡᠷᠬᠡᠵᠢᠯ ᠤᠨ ᠪᠤᠯᠪᠠᠰᠦᠷᠠᠯ ᠳᠤ ᠤᠷᠤᠯᠴᠠᠭᠠᠳ ᠨᠡᠩ ᠤᠯᠠᠨ ᠮᠡᠷᠬᠡᠵᠢᠯ ᠰᠤᠷᠴᠠᠢ᠃        2024 ᠤᠨ ᠳᠤ᠂ ᠬᠢᠨᠭ᠍ᠭᠠᠨ ᠠᠶᠢᠮᠠᠭ ︽ᠬᠢᠨᠭ᠍ᠭᠠᠨ ᠠᠶᠢᠮᠠᠭ ᠲᠤ ᠤᠷ᠎ᠠ ᠮᠡᠷᠬᠡᠵᠢᠯ ᠰᠤᠷᠬᠤ︾ ᠠᠵᠢᠯ ᠮᠡᠷᠬᠡᠵᠢᠯ ᠤᠨ ᠤᠷ᠎ᠠ ᠴᠢᠳᠠᠪᠦᠷᠢ ᠶᠢ ᠲᠡᠭᠡᠭᠰᠢᠯᠡᠬᠦᠯᠬᠦ ᠠᠵᠢᠯᠯᠠᠭ᠎ᠠ ᠪᠠᠷ ᠭᠠᠷᠳᠠᠴᠠ ᠪᠤᠯᠭᠠᠵᠦ᠂ ᠱᠠᠭᠠᠷᠳᠠᠯᠭ᠎ᠠ ᠶᠢ ᠦᠨᠳᠦᠰᠦᠯᠡᠨ ᠪᠤᠯᠪᠠᠰᠦᠷᠠᠯ ᠬᠦᠷᠳᠡᠬᠡᠬᠦ᠂ ᠤᠨᠤᠴᠠᠳᠠᠢ ᠪᠤᠳᠤᠯᠭ᠎ᠠ ᠬᠡᠷᠡᠭᠵᠢᠬᠦᠯᠬᠦ ᠶᠢ ᠪᠠᠷᠢᠮᠳᠠᠯᠠᠪᠠ᠃ ᠤᠷᠤᠨ ᠨᠤᠳᠤᠭ ᠤᠨ ᠤᠨᠴᠠᠯᠢᠬᠳᠤ ᠢᠳᠡᠬᠡᠨ ᠦᠢᠯᠡᠳᠬᠦ᠂ ᠨᠠᠰᠦᠳᠠᠨ ᠢ ᠠᠰᠠᠷᠠᠬᠤ ᠰᠤᠪᠢᠯᠠᠯᠳᠠ᠂ ᠺᠤᠮᠫᠢᠦ᠋ᠲ᠋ᠧᠷ ᠤᠷᠤᠯᠳᠤᠬᠤ᠂ ᠡᠬᠡ ᠨᠢᠯᠬᠠᠰ ᠤᠨ ᠰᠤᠪᠢᠯᠠᠯᠳᠠ ᠵᠡᠷᠬᠡ ᠪᠤᠳᠠᠳᠠᠢ ᠰᠤᠪᠢᠯᠠᠯᠳᠠ ᠶᠢᠨ ᠪᠤᠯᠪᠠᠰᠦᠷᠠᠯ ᠤᠨ ᠬᠢᠴᠢᠶᠡᠯ ᠨᠢ ᠬᠤᠳᠠ ᠬᠦᠳᠡᠭᠡ ᠶᠢᠨ ᠬᠦᠳᠡᠯᠮᠦᠷᠢᠯᠡᠭᠴᠢᠳ ᠤᠨ ᠠᠵᠢᠯ ᠤᠯᠭᠤᠯᠳᠠ ᠶᠢ ᠠᠬᠢᠭᠤᠯᠵᠦ᠂ ᠲᠡᠳᠡᠨ ᠤ ᠤᠷᠤᠯᠭ᠎ᠠ ᠶᠢ ᠨᠢ ᠨᠡᠮᠡᠭᠳᠡᠬᠦᠯᠵᠡᠢ᠃ ᠡᠬᠡ ᠨᠢᠯᠬᠠᠰ ᠤᠨ ᠰᠤᠪᠢᠯᠠᠯᠳᠠ ᠶᠢᠨ ᠤᠷ᠎ᠠ ᠮᠡᠷᠬᠡᠵᠢᠯ ᠤᠨ ᠪᠤᠯᠪᠠᠰᠦᠷᠠᠯ ᠳᠤ ᠤᠷᠤᠯᠴᠠᠬᠰᠠᠨ ᠭᠤᠤ ᠼᠦᠢ ᠬᠤᠩ᠄ ︽ᠤᠤᠯ ᠳᠠᠭᠠᠨ ᠪᠢ ᠬᠡᠷ ᠲᠡᠭᠡᠨ ᠲᠠᠷᠢᠶᠠᠨ ᠠᠵᠢᠯ ᠬᠢᠵᠦ ᠤᠷᠤᠯᠭ᠎ᠠ ᠲᠤᠤᠷ᠎ᠠ ᠠᠮᠢᠳᠦᠷᠠᠯ ᠤᠨ ᠲᠠᠷᠦᠭᠠᠰᠦ ᠬᠦᠨᠳᠤ ᠪᠠᠶᠢᠵᠠᠢ᠃ ᠡᠬᠡ ᠨᠢᠯᠬᠠᠰ ᠤᠨ ᠰᠤᠪᠢᠯᠠᠯᠳᠠ ᠶᠢᠨ ᠪᠤᠯᠪᠠᠰᠦᠷᠠᠯ ᠪᠠᠶᠢᠬᠤ ᠶᠢ ᠰᠤᠨᠤᠰᠤᠭᠠᠳ ᠲᠦᠷᠬᠡᠨ ᠨᠡᠷ᠎ᠡ ᠮᠡᠳᠡᠬᠦᠯᠵᠡᠢ᠃ ᠪᠢ ᠬᠡᠳᠦᠬᠡᠨ ᠡᠳᠦᠷ ᠤᠨ ᠲᠤᠳᠤᠷ᠎ᠠ ᠤᠯᠠᠨ ᠲᠤᠰᠬᠠᠢ ᠮᠡᠷᠬᠡᠵᠢᠯ ᠤᠨ ᠮᠡᠳᠡᠯᠬᠡ ᠤᠯᠵᠦ ᠰᠤᠷᠴᠠᠢ᠃ ᠪᠤᠯᠪᠠᠰᠦᠷᠠᠯ ᠢᠶᠠᠨ ᠠᠮᠵᠢᠯᠳᠠ ᠲᠠᠢ ᠲᠡᠬᠦᠰᠭᠡᠪᠡᠯ ᠦᠨᠡᠮᠯᠡᠯ ᠭᠠᠷᠳᠠᠵᠦ ᠨᠢᠬᠡᠨ ᠲᠤᠰᠬᠠᠢ ᠰᠠᠷ᠎ᠠ ᠰᠤᠪᠢᠯᠠᠬᠴᠢ ᠪᠤᠯᠴᠢᠬᠠᠨ᠎ᠠ᠃ ᠪᠤᠯᠪᠠᠰᠦᠷᠠᠯ ᠲᠠᠭᠤᠰᠤᠬᠰᠠᠨ ᠤ ᠲᠠᠷᠠᠭ᠎ᠠ᠂ ᠪᠤᠯᠪᠠᠰᠦᠷᠠᠯ ᠤᠨ ᠰᠤᠷᠭᠠᠭᠤᠯᠢ ᠪᠠᠰᠠ ᠲᠤᠰᠬᠠᠢ ᠲᠠᠯᠠᠪᠦᠷ ᠠᠵᠢᠯᠳᠠᠨ ᠡᠯᠰᠡᠬᠦ ᠬᠤᠷᠠᠯ ᠵᠤᠬᠢᠶᠠᠨ ᠪᠠᠶᠢᠭᠤᠯᠦᠨ ᠰᠢᠭᠤᠳ ᠠᠵᠢᠯ ᠤᠨ ᠪᠠᠶᠢᠷᠢ ᠬᠠᠨᠭ᠍ᠭᠠᠵᠦ᠂ ᠠᠵᠢᠯ ᠤᠨ ᠪᠠᠶᠢᠷᠢᠨ ᠳᠤ ᠭᠠᠷᠪᠠᠯ ᠰᠠᠷ᠎ᠠ ᠶᠢᠨ ᠤᠷᠤᠯᠭ᠎ᠠ 4000 ᠲᠦᠬᠦᠷᠢᠭ ᠢ ᠲᠠᠪᠠᠭ᠋ᠤ ᠪᠤᠯᠤᠨ᠎ᠠ︕︾ ᠬᠡᠵᠦ ᠪᠠᠶᠠᠷᠳᠠᠶᠢᠬᠠᠨ ᠶᠠᠷᠢᠵᠦ ᠪᠠᠶᠢᠯ᠎ᠠ᠃        ᠨᠡᠩ ᠤᠯᠠᠨ ᠬᠦᠮᠦᠨ ᠳᠤ ᠪᠤᠳᠠᠳᠠᠢ ᠤᠷ᠎ᠠ ᠮᠡᠷᠬᠡᠵᠢᠯ ᠰᠤᠷᠭᠠᠬᠤ ᠶᠢᠨ ᠲᠦᠯᠦᠬᠡ᠂ ᠬᠢᠨᠭ᠍ᠭᠠᠨ ᠠᠶᠢᠮᠠᠭ ᠤᠨ ᠡᠯ᠎ᠡ ᠱᠠᠳᠦᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠳᠦᠯᠠᠭ᠎ᠠ ᠶᠢᠨ ᠰᠠᠯᠠᠭ᠎ᠠ ᠮᠦᠴᠢᠷ ᠨᠡᠶᠢᠬᠡᠮ ᠲᠤᠭᠤᠷᠢᠭ᠂ ᠬᠦᠳᠡᠭᠡ ᠲᠤᠰᠬᠤᠨ᠂ ᠲᠤᠬᠳᠠᠬᠰᠠᠨ ᠴᠡᠭ ᠤᠨ ᠪᠤᠯᠪᠠᠰᠦᠷᠠᠯ ᠲᠠᠭᠠᠭᠠᠴᠢᠯᠠᠬᠤ ᠪᠠᠶᠢᠭᠤᠯᠤᠮᠵᠢ ᠳᠤ ᠪᠤᠯᠪᠠᠰᠦᠷᠠᠯ ᠤᠨ ᠠᠩᠬᠢ ᠡᠷᠬᠢᠯᠡᠵᠡᠢ᠃ 2024 ᠤᠨ ᠳᠤ᠂ ᠬᠢᠨᠭ᠍ᠭᠠᠨ ᠠᠶᠢᠮᠠᠭ ︽ᠬᠢᠨᠭ᠍ᠭᠠᠨ ᠠᠶᠢᠮᠠᠭ ᠲᠤ ᠤᠷ᠎ᠠ ᠮᠡᠷᠬᠡᠵᠢᠯ ᠰᠤᠷᠬᠤ︾ ᠠᠵᠢᠯ ᠮᠡᠷᠬᠡᠵᠢᠯ ᠤᠨ ᠤᠷ᠎ᠠ ᠮᠡᠷᠬᠡᠵᠢᠯ ᠢ ᠲᠡᠭᠡᠭᠰᠢᠯᠡᠬᠦᠯᠬᠦ ᠠᠵᠢᠯᠯᠠᠭ᠎ᠠ ᠦᠷᠨᠢᠬᠦᠯᠵᠦ᠂ ᠱᠠᠭᠠᠷᠳᠠᠯᠭ᠎ᠠ ᠶᠢ ᠦᠨᠳᠦᠰᠦᠯᠡᠨ ᠨᠦᠬᠦᠪᠦᠷᠢ ᠶᠢᠨ ᠴᠢᠨᠠᠷᠳᠠᠢ ᠪᠤᠯᠪᠠᠰᠦᠷᠠᠯ ᠡᠷᠭᠢᠯᠡᠨ᠂ ᠵᠢᠭᠤᠯᠴᠢᠯᠠᠯ ᠤᠨ ᠠᠵᠦ ᠦᠢᠯᠡᠰ ᠲᠠᠢ ᠤᠶᠠᠯᠳᠤᠭᠤᠯᠤᠨ ᠤᠷᠤᠨ ᠨᠤᠳᠤᠭ ᠤᠨ ᠤᠨᠴᠠᠯᠢᠬᠳᠤ ᠢᠳᠡᠬᠡᠨ ᠪᠠ ᠭᠠᠷ ᠤᠷᠠᠯᠠᠯ ᠤᠨ ᠦᠢᠯᠡᠳᠬᠦᠨ ᠦᠢᠯᠡᠳᠬᠦ ᠪᠤᠯᠪᠠᠰᠦᠷᠠᠯ ᠦᠷᠨᠢᠬᠦᠯᠵᠡᠢ᠃ ᠨᠡᠶᠢᠳᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠠᠵᠢᠯᠳᠠᠳ ᠲᠤ ᠺᠤᠮᠫᠢᠦ᠋ᠲ᠋ᠧᠷ ᠤᠨ ᠮᠡᠷᠬᠡᠵᠢᠯ᠂ ᠵᠠᠰᠠᠬ ᠵᠠᠬᠢᠷᠭᠠᠨ ᠤ ᠠᠵᠢᠯᠳᠠᠨ ᠤ ᠤᠷ᠎ᠠ ᠮᠡᠷᠬᠡᠵᠢᠯ ᠤᠨ ᠪᠤᠯᠪᠠᠰᠦᠷᠠᠯ ᠬᠦᠷᠳᠡᠭᠡᠵᠡᠢ᠃ 2024 ᠤᠨ ᠳᠤ᠂ ᠪᠦᠬᠦ ᠠᠶᠢᠮᠠᠭ ᠤᠨ ᠨᠦᠬᠦᠪᠦᠷᠢ ᠶᠢᠨ ᠴᠢᠨᠠᠷᠳᠠᠢ ᠠᠵᠢᠯ ᠮᠡᠷᠬᠡᠵᠢᠯ ᠤᠨ ᠪᠤᠯᠪᠠᠰᠦᠷᠠᠯ ᠨᠢ 13432 ᠬᠦᠮᠦᠨ ᠳᠤ ᠠᠰᠢᠭ ᠬᠦᠷᠳᠡᠭᠡᠵᠦ᠂ ᠵᠢᠯ ᠤᠨ ᠬᠠᠷᠠᠯᠳᠠ ᠶᠢᠨ 127.8% ᠶᠢ ᠪᠡᠶᠡᠯᠡᠬᠦᠯᠵᠡᠢ᠃        ᠠᠵᠢᠯ ᠮᠡᠷᠬᠡᠵᠢᠯ ᠤᠨ ᠤᠷ᠎ᠠ ᠮᠡᠷᠬᠡᠵᠢᠯ ᠤᠨ ᠪᠤᠯᠪᠠᠰᠦᠷᠠᠯ ᠪᠤᠯ ᠬᠦᠳᠡᠯᠮᠦᠷᠢᠯᠡᠭᠴᠢᠳ ᠤᠨ ᠠᠵᠢᠯ ᠤᠯᠬᠤ ᠴᠢᠳᠠᠪᠦᠷᠢ ᠪᠠ ᠠᠵᠢᠯ ᠤᠯᠭᠤᠯᠳᠠ ᠶᠢᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠬᠦ ᠦᠨᠳᠦᠰᠦᠨ ᠠᠷᠭ᠎ᠠ ᠪᠤᠯᠤᠨ᠎ᠠ᠃ ᠤᠷ᠎ᠠ ᠮᠡᠷᠬᠡᠵᠢᠯ ᠤᠨ ᠪᠤᠯᠪᠠᠰᠦᠷᠠᠯ ᠤᠨ ᠦᠷ᠎ᠡ ᠪᠦᠳᠦᠬᠡᠯ ᠢ ᠠᠵᠢᠯ ᠤᠯᠭᠤᠯᠳᠠ ᠶᠢᠨ ᠪᠤᠳᠠᠳᠠᠢ ᠦᠷ᠎ᠡ ᠪᠦᠳᠦᠮᠵᠢ ᠪᠤᠯᠭᠠᠨ ᠬᠤᠪᠢᠷᠠᠭᠤᠯᠬᠤ ᠶᠢᠨ ᠲᠦᠯᠦᠬᠡ᠂ 2025 ᠤᠨ ᠳᠤ᠂ ᠬᠢᠨᠭ᠍ᠭᠠᠨ ᠠᠶᠢᠮᠠᠭ ᠤᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠳᠦᠯᠠᠭ᠎ᠠ ᠶᠢᠨ ᠰᠠᠯᠠᠭ᠎ᠠ ᠮᠦᠴᠢᠷ ᠠᠵᠢᠯ ᠲᠦᠷᠦᠯ ᠢᠶᠠᠷ ᠨᠢ ᠬᠤᠪᠢᠶᠠᠵᠦ ᠪᠠᠶᠢᠭᠠᠳ 40 ᠲᠠᠯᠠᠪᠦᠷ ᠲᠤᠰᠬᠠᠢ ᠠᠵᠢᠯᠳᠠᠨ ᠡᠯᠰᠡᠬᠦ ᠬᠤᠷᠠᠯ ᠡᠷᠬᠢᠯᠡᠬᠦ ᠪᠠᠷ ᠲᠦᠯᠦᠪᠯᠡᠵᠦ ᠪᠤᠢ᠃ ᠤᠳᠤ ᠪᠤᠯᠳᠠᠯ᠎ᠠ᠂ ᠨᠡᠶᠢᠳᠡ 15 ᠲᠠᠯᠠᠪᠦᠷ ᠠᠵᠢᠯᠳᠠᠨ ᠡᠯᠰᠡᠬᠦ ᠬᠤᠷᠠᠯ ᠡᠷᠬᠢᠯᠡᠨ ᠶᠠᠪᠤᠬᠳᠠᠭᠤᠯᠵᠦ᠂ 35 ᠨᠡᠷᠡᠰ ᠰᠤᠷᠤᠬᠴᠢ ᠠᠵᠦ ᠠᠬᠤᠶᠢᠯᠠᠯ ᠲᠠᠢ ᠠᠩᠬᠠᠨ ᠤ ᠠᠵᠢᠯ ᠤᠯᠬᠤ ᠰᠠᠨᠠᠮᠵᠢ ᠲᠠᠢ ᠪᠤᠯᠵᠠᠢ᠃        ᠡᠬᠦᠨ ᠤ ᠬᠠᠮᠳᠤ᠂ ᠬᠢᠨᠭ᠍ᠭᠠᠨ ᠠᠶᠢᠮᠠᠭ ᠪᠠᠰᠠ ︽ᠮᠢᠩᠭᠠᠨ ᠨᠡᠷᠡᠰ ᠬᠡᠷ ᠤᠨ ᠶᠠᠪᠤᠳᠠᠯ ᠤᠨ ᠠᠵᠢᠯᠳᠠᠨ︾ ᠤ ᠪᠤᠯᠪᠠᠰᠦᠷᠠᠯ ᠤᠨ ᠲᠦᠯᠦᠪᠵᠢᠬᠦᠯᠬᠡ ᠶᠢ ᠡᠬᠢᠯᠡᠬᠦᠯᠵᠦ᠂ ᠡᠨᠡ ᠵᠢᠯ ᠬᠡᠷ ᠤᠨ ᠶᠠᠪᠤᠳᠠᠯ ᠤᠨ 1000 ᠠᠵᠢᠯᠳᠠᠨ ᠳᠤ ᠪᠤᠯᠪᠠᠰᠦᠷᠠᠯ ᠬᠦᠷᠳᠡᠬᠡᠵᠦ᠂ ᠬᠡᠷ ᠤᠨ ᠶᠠᠪᠤᠳᠠᠯ ᠤᠨ ᠴᠢᠳᠠᠪᠦᠷᠢᠳᠠᠨ ᠤ ᠡᠩᠨᠡᠭᠡ ᠶᠢ ᠪᠤᠵᠠᠭᠠᠶᠢᠷᠠᠭᠤᠯᠵᠦ᠂ ᠠᠵᠢᠯ ᠲᠦᠷᠦᠯ ᠤᠨ ᠪᠦᠬᠦ᠋ᠯᠡ ᠬᠢᠷᠢ ᠲᠦᠪᠰᠢᠨ ᠢ ᠲᠡᠭᠡᠭᠰᠢᠯᠡᠬᠦᠯᠬᠦ ᠪᠠᠷ ᠪᠠᠶᠢᠨ᠎ᠠ᠃        ᠤᠶᠢᠷ᠎ᠠ ᠶᠢᠨ ᠡᠳᠦᠷ᠂ ᠲᠦᠴᠢᠤᠸᠠᠨ ᠰᠢᠶᠠᠨ ᠤ 2025 ᠤᠨ ᠤ ︽ᠬᠠᠪᠦᠷ ᠤᠨ ᠤᠷᠠᠢ ᠠᠵᠢᠯᠯᠠᠭ᠎ᠠ︾ ᠶᠢᠨ ᠤᠷᠤᠨ ᠬᠡᠪᠴᠢᠶ᠎ᠡ ᠠᠯᠦᠰᠯᠠᠨ ᠬᠤᠯᠪᠤᠭᠠᠯᠠᠬᠤ ᠠᠵᠢᠯᠳᠠᠨ ᠡᠯᠰᠡᠬᠦ ᠬᠤᠷᠠᠯ ᠲᠡᠭᠡᠷ᠎ᠡ᠂ ᠠᠵᠢᠯ ᠡᠷᠢᠭᠴᠢ ᠵᠠᠩ ᠵᠧᠨ ᠳ᠋ᠦᠩ ᠶᠠᠭ ᠰᠠᠶ᠋ᠢᠬᠠᠨ ᠦᠪᠦᠷ ᠮᠤᠩᠭᠤᠯ ᠤᠨ ᠴᠤᠸᠠᠩ ᠶᠤᠸᠠᠨ ᠲᠡᠮᠦᠷᠯᠢᠭ ᠤᠨ ᠬᠢᠵᠠᠭᠠᠷᠳᠤ ᠺᠤᠮᠫᠠᠨᠢ ᠶᠢᠨ ᠦᠵᠡᠬᠦᠯᠬᠡ ᠶᠢᠨ ᠪᠤᠯᠤᠩ ᠳᠤ ᠬᠦᠷᠴᠦ ᠴᠡᠯᠢᠩ ᠬᠦᠷᠳᠡᠬᠡᠮᠵᠢ ᠶᠢᠨ ᠲᠤᠬᠠᠢ ᠠᠰᠠᠭᠤᠨ ᠯᠠᠪᠯᠠᠵᠦ ᠪᠠᠶᠢᠪᠠ᠃ ᠡᠨᠡᠬᠦ ᠠᠵᠢᠯᠳᠠᠨ ᠡᠯᠰᠡᠬᠦ ᠬᠤᠷᠠᠯ ᠨᠢ ᠲᠦᠴᠢᠤᠸᠠᠨ ᠰᠢᠶᠠᠨ ᠪᠤᠯᠤᠨ ᠬᠤᠤᠯᠢᠩᠭᠤᠯ ᠬᠤᠳᠠ ᠶᠢᠨ ᠬᠦᠳᠡᠯᠮᠦᠷᠢ ᠦᠢᠯᠡᠴᠢᠯᠡᠭᠡ ᠶᠢᠨ ᠬᠠᠮᠵᠢᠯᠴᠠᠭᠠᠨ ᠤ ᠴᠢᠬᠤᠯᠠ ᠠᠷᠭ᠎ᠠ ᠠᠪᠴᠠᠯ ᠪᠠᠶᠢᠵᠦ᠂ ᠬᠤᠶᠠᠷ ᠲᠠᠯ᠎ᠠ ᠪᠠᠷ ᠢᠶᠠᠨ ︽ᠰᠦᠯᠵᠢᠶᠡᠨ ᠲᠡᠭᠡᠷ᠎ᠡ + ᠪᠤᠳᠠᠳᠤ ᠴᠤᠬᠴᠠ︾ ᠬᠤᠤᠰ ᠠᠷᠭ᠎ᠠ ᠵᠠᠮ ᠢᠶᠠᠷ ᠤᠨᠤᠴᠠᠳᠠᠢ ᠵᠤᠯᠭᠠᠭᠤᠯᠵᠦ᠂ ᠠᠵᠢᠯ ᠤᠯᠭᠤᠯᠳᠠ ᠶᠢᠨ ᠠᠮᠢᠵᠢᠷᠠᠯ ᠤᠨ ᠬᠦᠴᠦᠨ ᠢ ᠬᠦᠭᠵᠢᠬᠡᠵᠡᠢ᠃        ᠤᠶᠢᠷ᠎ᠠ ᠶᠢᠨ ᠡᠳᠦᠷ᠂ ᠪᠡᠬᠡᠵᠢᠩ ᠦᠪᠦᠷ ᠮᠤᠩᠭᠤᠯ ᠤᠨ ᠬᠠᠮᠵᠢᠯᠴᠠᠭᠠᠨ ᠤ ᠠᠩᠬᠠᠳᠤᠭᠠᠷ ᠪᠦᠯᠦᠭ ᠬᠦᠳᠡᠯᠮᠦᠷᠢ ᠦᠢᠯᠡᠴᠢᠯᠡᠭᠡ ᠶᠢᠨ 17 ᠨᠡᠷᠡᠰ ᠰᠤᠪᠢᠯᠠᠬᠴᠢ ᠪᠡᠬᠡᠵᠢᠩ ᠬᠤᠳᠠᠨ ᠳᠤ ᠠᠵᠢᠯᠯᠠᠬᠤ ᠪᠠᠷ ᠮᠤᠷᠳᠠᠵᠠᠭᠠᠵᠠᠢ᠃ ᠠᠵᠢᠯ ᠡᠷᠢᠭᠴᠢ ᠸᠠᠩ ᠰᠢᠤᠸᠠᠢ ᠲᠦᠩ᠄ ︽ᠪᠢ ᠬᠡᠷ ᠤᠨ ᠡᠬᠦᠳᠡᠨ ᠳᠡᠭᠡᠨ ᠪᠠᠶᠢᠭᠠᠳ ᠪᠡᠬᠡᠵᠢᠩ ᠬᠤᠳᠠ ᠠᠴᠠ ᠰᠠᠶᠢᠨ ᠠᠵᠢᠯ ᠤᠨ ᠪᠠᠶᠢᠷᠢ ᠤᠯᠴᠢᠬᠠᠵᠠᠢ᠃ ᠪᠢᠳᠡ ᠲᠤᠰ ᠤᠳᠠᠭ᠎ᠠ ᠪᠡᠬᠡᠵᠢᠩ ᠬᠤᠳᠠᠨ ᠳᠤ ᠤᠴᠢᠬᠤ ᠳᠤ ᠦᠨ᠎ᠡ ᠲᠦᠯᠦᠪᠦᠷᠢ ᠦᠬᠡᠢ ᠪᠠᠷ ᠴᠢᠷᠦᠬᠦᠯ ᠪᠤᠬᠴᠤ ᠬᠠᠨᠭ᠍ᠭᠠᠬᠰᠠᠨ ᠪᠦᠭᠡᠳ ᠵᠠᠮ ᠤᠨ ᠵᠠᠷᠦᠳᠠᠯ ᠢ ᠭᠠᠷᠭᠠᠵᠦ ᠦᠭᠴᠡᠢ︾ ᠬᠡᠵᠦ ᠪᠠᠶᠠᠷᠳᠠᠶᠢᠬᠠᠨ ᠶᠠᠷᠢᠵᠦ ᠪᠠᠶᠢᠯ᠎ᠠ᠃        ᠤᠶᠢᠷ᠎ᠠ ᠶᠢᠨ ᠬᠡᠳᠦᠨ ᠵᠢᠯ ᠠᠴᠠ ᠨᠠᠭᠠᠰᠢ᠂ ᠬᠢᠨᠭ᠍ᠭᠠᠨ ᠠᠶᠢᠮᠠᠭ ᠬᠦᠳᠡᠯᠮᠦᠷᠢ ᠦᠢᠯᠡᠴᠢᠯᠡᠭᠡ ᠶᠢᠨ ᠬᠠᠮᠵᠢᠯᠴᠠᠭ᠎ᠠ ᠪᠠᠷ ᠭᠠᠷᠳᠠᠴᠠ ᠪᠤᠯᠭᠠᠵᠦ᠂ ︽ᠬᠢᠨᠭ᠍ᠭᠠᠨ ᠤ ᠬᠡᠷ ᠤᠨ ᠶᠠᠪᠤᠳᠠᠯ︾ ︽ᠬᠢᠨᠭ᠍ᠭᠠᠨ ᠤ ᠰᠠᠷ᠎ᠠ ᠰᠤᠪᠢᠯᠠᠬᠴᠢ︾ ︽ᠬᠢᠨᠭ᠍ᠭᠠᠨ ᠤ ᠲᠠᠯ᠎ᠠ ᠨᠤᠳᠤᠭ ᠤᠨ ᠬᠠᠳᠬᠤᠮᠠᠯᠴᠢᠨ︾ ᠵᠡᠷᠭᠡ ᠬᠦᠳᠡᠯᠮᠦᠷᠢ ᠦᠢᠯᠡᠴᠢᠯᠡᠭᠡ ᠶᠢᠨ ᠲᠦᠷᠦᠯ ᠲᠡᠮᠳᠡᠭᠳᠤ ᠶᠢ ᠭᠤᠤᠯᠳᠠᠯᠭ᠎ᠠ ᠲᠠᠢ ᠬᠦᠮᠦᠵᠢᠬᠦᠯᠵᠦ᠂ ᠪᠡᠬᠡᠵᠢᠩ ᠦᠪᠦᠷ ᠮᠤᠩᠭᠤᠯ ᠤᠨ ᠬᠠᠮᠵᠢᠯᠴᠠᠭ᠎ᠠ ᠶᠢ ᠬᠦᠨᠵᠡᠬᠡᠢ ᠠᠬᠢᠭᠤᠯᠵᠠᠢ᠃ ᠰᠢᠯᠢᠩᠭᠤᠤᠯ᠂ ᠤᠯᠠᠭᠠᠨᠴᠠᠪ᠂ ᠲᠦᠡᠭᠯᠢᠶᠤᠤ ᠵᠡᠷᠬᠡ ᠭᠠᠵᠠᠷ ᠤᠷᠤᠨ ᠲᠠᠢ ᠤᠷᠤᠨ ᠪᠦᠰᠡ ᠶᠢᠨ ᠬᠦᠳᠡᠯᠮᠦᠷᠢ ᠦᠢᠯᠡᠴᠢᠯᠡᠭᠡ ᠶᠢᠨ ᠬᠤᠯᠪᠤᠭᠠᠯᠠᠯ ᠪᠠᠶᠢᠭᠤᠯᠵᠦ᠂ ︽ᠱᠠᠭᠠᠷᠳᠠᠯᠭ᠎ᠠ ᠶᠢ ᠤᠶᠢᠯᠠᠭᠠᠬᠤ + ᠤᠷ᠎ᠠ ᠮᠡᠷᠬᠡᠵᠢᠯ ᠤᠨ ᠪᠤᠯᠪᠠᠰᠦᠷᠠᠯ + ᠠᠵᠢᠯ ᠤᠯᠭᠤᠯᠳᠠ ᠶᠢ ᠲᠠᠨᠢᠯᠴᠠᠭᠤᠯᠬᠤ + ᠮᠦᠷᠳᠡᠨ ᠲᠠᠭᠠᠬᠤ ᠪᠠᠳᠦᠯᠠᠭ᠎ᠠ︾ ᠶᠢᠨ ᠪᠦᠬᠦ ᠬᠡᠪᠴᠢᠶᠡᠨ ᠤ ᠬᠦᠳᠡᠯᠮᠦᠷᠢ ᠦᠢᠯᠡᠴᠢᠯᠡᠭᠡ ᠶᠢᠨ ᠵᠠᠬᠪᠦᠷ ᠢ ᠪᠠᠶᠢᠭᠤᠯᠵᠠᠢ᠃ 2024 ᠤᠨ ᠳᠤ᠂ ᠬᠢᠨᠭ᠍ᠭᠠᠨ ᠠᠶᠢᠮᠠᠭ ᠲᠤᠬᠠᠢ ᠶᠢᠨ ᠭᠠᠵᠠᠷ ᠤᠨ ᠬᠦᠳᠡᠯᠮᠦᠷᠢ ᠦᠢᠯᠡᠴᠢᠯᠡᠭᠡ ᠶᠢᠨ ᠲᠦᠷᠤᠯ ᠲᠡᠮᠳᠡᠭᠳᠤ ᠳᠤ ᠲᠦᠰᠢᠭᠯᠡᠨ᠂ ᠬᠦᠳᠡᠭᠡ ᠲᠤᠰᠬᠤᠨ ᠮᠠᠯᠵᠢᠬᠤ ᠤᠷᠤᠨ ᠤ ᠬᠦᠳᠡᠯᠮᠦᠷᠢ ᠬᠦᠴᠦᠨ ᠢ ᠰᠢᠯᠵᠢᠬᠦᠯᠦᠨ 6 ᠲᠦᠮᠡᠨ ᠬᠦᠮᠦᠨ ᠳᠤ ᠠᠵᠢᠯ ᠤᠯᠭᠤᠵᠦ ᠂ 3.04 ᠲᠦᠮᠡᠨ ᠶᠠᠳᠠᠭᠤ ᠬᠦᠴᠢᠷᠳᠡᠯᠳᠡᠢ ᠬᠦᠮᠦᠨ ᠢ ᠲᠠᠶᠢᠴᠢᠯᠠᠨ ᠠᠵᠢᠯ ᠤᠯᠭᠤᠵᠠᠢ᠃ ᠡᠬᠦᠨ ᠳᠤ᠂ ︽ᠬᠢᠨᠭ᠍ᠭᠠᠨ ᠤ ᠬᠡᠷ ᠤᠨ ᠶᠠᠪᠤᠳᠠᠯ︾ ᠨᠢ ᠨᠢᠬᠡᠳᠦᠬᠡᠷ ᠪᠦᠯᠦᠭ ᠪᠦᠬᠦ ᠤᠯᠤᠰ ᠤᠨ ᠬᠦᠳᠡᠯᠮᠦᠷᠢ ᠦᠢᠯᠡᠴᠢᠯᠡᠭᠡ ᠶᠢᠨ ᠲᠦᠷᠦᠯ ᠲᠡᠮᠳᠡᠭᠳᠤ ᠶᠢᠨ ᠨᠡᠶᠢᠳᠡᠯᠢᠭ ᠬᠡᠷᠡᠭ ᠤᠨ ᠵᠢᠱᠢᠶ᠎ᠡ ᠪᠠᠷ ᠰᠤᠩᠭᠤᠬᠳᠠᠵᠦ᠂ ᠬᠢᠨᠭ᠍ᠭᠠᠨ ᠠᠶᠢᠮᠠᠭ ᠤᠨ ᠠᠵᠢᠯ ᠤᠯᠭᠤᠯᠳᠠ ᠶᠢᠨ ᠵᠠᠬ᠎ᠠ ᠲᠡᠯᠬᠡᠬᠦᠷ ᠤᠨ ︽ᠠᠯᠳᠠᠨ ᠦᠰᠦᠭᠳᠤ ᠲᠡᠮᠳᠡᠭ︾ ᠪᠤᠯᠵᠠᠢ᠃        ᠨᠡᠩ ᠤᠯᠠᠨ ᠮᠠᠯᠴᠢᠨ ᠲᠠᠷᠢᠶᠠᠴᠢᠨ ᠢ ᠭᠠᠳᠠᠬᠰᠢ ᠭᠠᠷᠭᠠᠬᠤ ᠶᠢᠨ ᠲᠦᠯᠦᠬᠡ᠂ ᠬᠢᠨᠭ᠍ᠭᠠᠨ ᠠᠶᠢᠮᠠᠭ ᠤᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠳᠦᠯᠠᠭ᠎ᠠ ᠶᠢᠨ ᠰᠠᠯᠠᠭ᠎ᠠ ᠮᠦᠴᠢᠷ ᠲᠤᠮᠤ ᠳ᠋ᠠᠶᠢᠲ᠋ᠠ ᠶᠢᠨ ᠴᠢᠳᠠᠪᠬᠢ ᠪᠠᠷ ᠲᠠᠮᠵᠢᠭᠤᠯᠤᠨ᠂ ︽AI ᠲᠤᠭᠠᠴᠢᠯᠠᠬᠰᠠᠨ ᠡᠬᠦᠯᠡᠨ ᠦᠢᠯᠡᠴᠢᠯᠡᠭᠡ︾ ᠭᠠᠷᠭᠠᠵᠦ᠂ ᠠᠵᠢᠯ ᠤᠨ ᠪᠠᠶᠢᠷᠢ ᠶᠢᠨ ᠰᠤᠷᠠᠭ ᠵᠠᠩᠬᠢ ᠪᠠ ᠡᠯ᠎ᠡ ᠵᠦᠢᠯ ᠤᠨ ᠦᠢᠯᠡᠴᠢᠯᠡᠭᠡ ᠶᠢ ᠤᠯᠠᠨ ᠲᠦᠮᠡᠨ ᠤ ᠲᠡᠷᠭᠡᠳᠡ ᠬᠦᠷᠭᠡᠵᠡᠢ᠃ ᠡᠬᠦᠨ ᠤ ᠬᠠᠮᠳᠤ᠂ ᠪᠡᠬᠡᠵᠢᠩ ᠦᠪᠦᠷ ᠮᠤᠩᠭᠤᠯ ᠤᠨ ᠬᠠᠮᠵᠢᠯᠴᠠᠭᠠᠨ ᠤ ᠠᠵᠢᠯ ᠤᠯᠭᠤᠯᠳᠠ ᠶᠢᠨ ᠬᠠᠪᠰᠦᠷᠦᠨ ᠲᠡᠳᠬᠦᠬᠦ 7 ᠰᠠᠭᠤᠷᠢᠨ ᠭᠠᠵᠠᠷ ᠲᠤ ᠲᠦᠰᠢᠭᠯᠡᠨ᠂ ᠤᠨᠴᠠᠯᠢᠬᠳᠤ ᠲᠡᠵᠢᠬᠡᠵᠦ ᠦᠷᠡᠵᠢᠬᠦᠯᠬᠦ᠂ ᠭᠠᠷ ᠤᠷᠠᠯᠠᠯ ᠤᠨ ᠬᠦᠷᠦᠮᠡᠯ᠂ ᠠᠵᠦ ᠠᠬᠤᠢ ᠶᠢᠨ ᠤᠢ ᠶᠢ ᠬᠠᠮᠢᠶᠠᠷᠦᠨ ᠬᠠᠮᠠᠭᠠᠯᠠᠬᠤ ᠵᠡᠷᠭᠡ ᠡᠯ᠎ᠡ ᠲᠦᠷᠦᠯ ᠤᠨ ᠠᠵᠢᠯ ᠮᠡᠷᠬᠡᠵᠢᠯ ᠤᠨ ᠤᠷ᠎ᠠ ᠮᠡᠷᠬᠡᠵᠢᠯ ᠤᠨ ᠪᠤᠯᠪᠠᠰᠦᠷᠠᠯ ᠦᠷᠨᠢᠬᠦᠯᠵᠦ᠂ ᠤᠶᠢᠷ᠎ᠠ ᠬᠠᠪᠢ ᠶᠢᠨ 4.9 ᠲᠦᠮᠡᠨ ᠬᠦᠮᠦᠨ ᠳᠤ ᠠᠵᠢᠯ ᠤᠯᠭᠤᠵᠠᠢ᠃ 2021 ᠤᠨ ᠠᠴᠠ ᠨᠠᠭᠠᠰᠢ᠂ ᠪᠡᠬᠡᠵᠢᠩ ᠦᠪᠦᠷ ᠮᠤᠩᠭᠤᠯ ᠤᠨ ᠬᠠᠮᠵᠢᠯᠴᠠᠭᠠᠨ ᠤ ᠠᠷᠭ᠎ᠠ ᠵᠡᠮ ᠢᠶᠠᠷ 3.99 ᠲᠦᠮᠡᠨ ᠬᠦᠮᠦᠨ ᠤ ᠠᠵᠢᠯ ᠤᠯᠭᠤᠯᠳᠠ ᠶᠢ ᠪᠡᠶᠡᠯᠡᠬᠦᠯᠵᠦ᠂ ᠡᠬᠦᠨ ᠳᠤ 3.08 ᠲᠦᠮᠡᠨ ᠬᠦᠮᠦᠨ ᠶᠠᠳᠠᠭᠤ ᠬᠦᠴᠢᠷᠳᠡᠯᠳᠡᠢ ᠬᠦᠮᠦᠨ ᠠᠮᠠ ᠶᠢ ᠪᠠᠭᠳᠠᠭᠠᠵᠠᠢ᠃        ᠬᠢᠨᠭ᠍ᠭᠠᠨ ᠠᠶᠢᠮᠠᠭ ᠤᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠳᠦᠯᠠᠭ᠎ᠠ ᠶᠢᠨ ᠰᠠᠯᠠᠭ᠎ᠠ ᠮᠦᠴᠢᠷ ᠠᠵᠢᠯ ᠤᠯᠭᠤᠯᠳᠠ ᠶᠢ ᠲᠡᠷᠢᠬᠦᠨ ᠳᠤ ᠪᠠᠶᠢᠯᠭᠠᠬᠤ ᠵᠠᠷᠴᠢᠮ ᠢ ᠦᠷᠬᠦᠯᠵᠢᠯᠡᠨ ᠪᠠᠷᠢᠮᠳᠠᠯᠠᠵᠦ᠂ ᠠᠷᠠᠳ ᠤᠨ ᠢᠨᠵᠤᠨᠤᠷᠢᠩ ᠪᠠ ᠡᠬᠦᠷᠭᠡ ᠬᠠᠷᠢᠭᠤᠴᠠᠯᠭ᠎ᠠ ᠪᠠᠷ ᠴᠢᠨᠠᠷ ᠰᠠᠶᠢᠳᠠᠢ ᠠᠵᠢᠯ ᠤᠯᠭᠤᠯᠳᠠ ᠶᠢ ᠠᠬᠢᠭᠤᠯᠵᠦ᠂ ᠤᠯᠠᠨ ᠲᠦᠮᠡᠨ ᠤ ᠠᠵᠢᠯ ᠤᠯᠭᠤᠯᠳᠠ ᠶᠢ ᠶᠡᠬᠡᠪᠡᠷ ᠠᠬᠢᠭᠤᠯᠬᠤ ᠪᠤᠯᠤᠨ᠎ᠠ᠃ ︵ᠡᠤ ᠭᠧᠨ ᠰᠢᠶᠦ᠋ᠩ ᠴᠧᠨ ᠵᠢᠶᠦ᠋ᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号