ᠬᠤᠲᠠ ᠶᠢᠨ ᠲᠡᠭᠦᠷᠭᠡ ᠵᠡᠭᠡᠯᠢ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/2
        ᠣᠶᠢᠷ᠎ᠠ ᠳᠤ᠂ ᠬᠠᠷᠢᠶ᠎ᠠ ᠣᠷᠣᠨ ᠤ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠨᠥᠭᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠶᠢᠨ ᠲᠥᠯᠥᠭᠡ᠂ ᠤᠯᠠᠭᠠᠨᠬᠤᠲᠠ ᠶᠢᠨ ᠬᠤᠲᠠ ᠶᠢᠨ ᠲᠡᠭᠦᠷᠭᠡ ᠵᠡᠭᠡᠯᠢ ᠶᠢᠨ ᠬᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ ᠣᠳᠣᠬᠠᠨ ᠳᠤ ᠣᠷᠣᠰᠢᠵᠤ ᠪᠠᠶᠢᠭ᠎ᠠ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠪᠡ᠃ ᠲᠣᠰ ᠤᠳᠠᠭᠠᠨ ᠤ ᠠᠵᠢᠯᠯᠠᠭ᠎ᠠ ᠨᠢ ᠴᠠᠭᠠᠨ ᠥᠩᠭᠡᠲᠦ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠬᠤ᠂ ᠬᠤᠭ ᠨᠣᠪᠰᠢ ᠶᠢ ᠣᠪᠣᠭᠠᠯᠠᠬᠤ ᠨᠢ ᠵᠢᠷᠤᠮᠵᠢᠯ ᠥᠬᠡᠶ᠂ ᠭᠤᠤᠯ ᠤᠨ ᠵᠠᠮ ᠤᠨ ᠬᠤᠭ ᠨᠣᠪᠰᠢ ᠶᠢ ᠣᠪᠣᠭᠠᠯᠠᠬᠤ ᠵᠢᠴᠢ ᠵᠠᠮ ᠤᠨ ᠬᠤᠶᠠᠷ ᠬᠠᠵᠠᠭᠤ ᠶᠢᠨ ᠪᠤᠵᠠᠷ ᠡᠷᠦᠢ ᠬᠤᠷᠤᠢ ᠦᠭᠡᠢ ᠵᠡᠷᠭᠡ ᠦᠵᠡᠭᠳᠡᠯ ᠳᠤ ᠴᠢᠭᠯᠡᠭᠦᠯᠵᠦ᠂ ᠬᠠᠷᠢᠶ᠎ᠠ ᠣᠷᠣᠨ ᠤ ᠣᠷᠴᠢᠨ ᠨᠥᠭᠦᠴᠡᠯ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃
1.jpg
        ᠴᠡᠭᠴᠡᠯᠡᠨ ᠵᠠᠰᠠᠬᠤ ᠶᠠᠪᠤᠴᠠ ᠳᠤ᠂ ᠬᠤᠲᠠ ᠶᠢᠨ ᠲᠡᠭᠦᠷᠭᠡ ᠵᠡᠭᠡᠯᠢ ᠶᠢᠨ ᠬᠢᠨ ᠲᠥᠪᠯᠡᠷᠡᠭᠦᠯᠦᠨ ᠴᠡᠭᠴᠡᠯᠡᠨ ᠵᠠᠰᠠᠬᠤ ᠪᠠ ᠪᠠᠶᠢᠩᠭᠤᠵᠢᠭᠰᠠᠨ ᠬᠠᠮᠢᠶᠠᠷᠤᠯᠲᠠ ᠶᠢ ᠣᠷᠭᠠᠨᠢᠭ ᠢᠶᠠᠷ ᠤᠶᠠᠯᠳᠤᠭᠤᠯᠵᠤ᠂ ᠬᠠᠷᠢᠶ᠎ᠠ ᠣᠷᠣᠨ ᠤ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠨᠥᠭᠦᠴᠡᠯ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠵᠡᠢ᠃ ᠵᠠᠮ ᠬᠠᠷᠢᠯᠴᠠᠭᠠᠨ ᠤ ᠴᠢᠬᠤᠯᠠ ᠵᠠᠮ ᠳᠠᠭᠠᠤ᠂ ᠬᠥᠮᠦᠨ ᠠᠮᠠ ᠲᠥᠪᠯᠡᠷᠡᠭᠰᠡᠨ ᠣᠷᠣᠨ ᠪᠦᠰᠡ᠂ ᠬᠥᠭᠦᠷᠭᠡᠨ ᠳᠣᠣᠷᠠᠬᠢ ᠭᠤᠤ ᠰᠤᠪᠠᠭ᠂ ᠭᠤᠤᠯ ᠤᠨ ᠵᠠᠮ ᠭᠤᠤ ᠰᠤᠪᠠᠭ ᠵᠡᠷᠭᠡ ᠭᠤᠤᠯᠳᠠᠯᠭ᠎ᠠ ᠲᠠᠢ ᠣᠷᠣᠨ ᠪᠦᠰᠡ ᠳᠤ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠯᠲᠠ ᠬᠢᠵᠦ᠂ ᠴᠡᠭᠴᠡᠯᠡᠨ ᠵᠠᠰᠠᠬᠤ ᠠᠵᠢᠯ ᠳᠤ ᠥᠨᠴᠥᠭ ᠪᠤᠯᠤᠩ ᠥᠬᠡᠶ ᠪᠠᠶᠢᠬᠤ ᠶᠢ ᠦᠨᠡᠨ ᠬᠦ ᠪᠠᠲᠤᠯᠠᠪᠠ᠃
2.jpg
        ᠡᠯ᠎ᠡ ᠨᠡᠶᠢᠭᠡᠮ ᠲᠣᠭᠤᠷᠢᠭ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠯᠴᠠᠨ ᠬᠤᠯᠪᠣᠭᠠᠯᠠᠵᠤ ᠬᠠᠮᠲᠤᠪᠠᠷ ᠪᠠᠶᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠶᠢᠭᠡᠮ ᠲᠣᠭᠤᠷᠢᠭ ᠤᠨ ᠳᠠᠭᠠᠭᠠᠴᠢᠯᠠᠨ ᠬᠤᠯᠪᠣᠭᠠᠯᠠᠬᠤ ᠨᠢᠭᠡᠴᠢ ᠲᠠᠢ ᠢᠳᠡᠪᠬᠢᠲᠡᠢ ᠬᠤᠯᠪᠣᠭᠠᠯᠠᠵᠤ᠂ ᠨᠡᠶᠢᠭᠡᠮ ᠲᠣᠭᠤᠷᠢᠭ ᠤᠨ ᠡᠷᠬᠢᠨ ᠲᠣᠭᠤᠷᠢᠨ ᠤ ᠣᠷᠴᠢᠨ ᠲᠣᠭᠤᠷᠢᠨ ᠢ ᠬᠠᠮᠲᠤᠪᠠᠷ ᠴᠡᠪᠡᠷᠯᠡᠨ ᠴᠡᠭᠴᠡᠯᠡᠵᠦ᠂ ᠡᠯ᠎ᠡ ᠳᠠᠭᠠᠭᠠᠴᠢᠯᠠᠨ ᠬᠤᠯᠪᠣᠭᠠᠯᠠᠭᠰᠠᠨ ᠪᠠᠶᠢᠭᠤᠯᠭ᠎ᠠ ᠨᠢᠭᠡᠴᠢ ᠪᠣᠯᠤᠨ ᠨᠡᠶᠢᠭᠡᠮ ᠲᠣᠭᠤᠷᠢᠭ ᠤᠨ ᠠᠵᠢᠯᠲᠠᠳ ᠨᠢᠭᠲᠠ ᠬᠠᠮᠵᠢᠯᠴᠠᠵᠤ᠂ ᠨᠡᠶᠢᠭᠡᠮ ᠲᠣᠭᠤᠷᠢᠭ ᠤᠨ ᠡᠷᠬᠢᠨ ᠲᠣᠭᠤᠷᠢᠨ ᠤ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠬᠤ᠂ ᠡᠷᠡᠭᠦᠯ ᠬᠠᠮᠠᠭᠠᠯᠠᠯ ᠤᠨ ᠠᠩᠬᠠᠷᠤᠭᠳᠠᠬᠤ ᠦᠭᠡᠢ ᠭᠠᠵᠠᠷ ᠵᠡᠷᠭᠡ ᠠᠰᠠᠭᠤᠳᠠᠯ ᠳᠤ ᠴᠢᠭᠯᠡᠭᠦᠯᠦᠨ ᠲᠥᠪᠯᠡᠷᠡᠭᠦᠯᠦᠨ ᠴᠡᠪᠡᠷᠯᠡᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠪᠦᠲᠦᠮᠵᠢᠲᠡᠢ ᠰᠠᠶᠢᠵᠢᠷᠠᠭᠤᠯᠪᠠ᠃        ᠣᠶᠢᠯᠠᠭᠠᠭᠰᠠᠨ ᠢᠶᠠᠷ᠂ ᠲᠣᠰ ᠤᠳᠠᠭᠠᠨ ᠤ ᠴᠡᠭᠴᠡᠯᠡᠨ ᠵᠠᠰᠠᠬᠤ ᠠᠵᠢᠯᠯᠠᠭ᠎ᠠ ᠶᠢᠨ ᠦᠷ᠎ᠡ ᠪᠦᠲᠦᠮᠵᠢ ᠢᠯᠡᠳᠲᠡ ᠪᠠᠶᠢᠵᠤ᠂ ᠨᠡᠶᠢᠲᠡ 140 ᠰᠠᠶᠢᠨ ᠳᠤᠷᠠᠴᠤᠳ ᠣᠷᠣᠯᠴᠠᠵᠤ᠂ ᠤᠳᠬᠤᠭᠤᠷ ᠮᠠᠰᠢᠨ᠂ ᠭᠤᠷᠪᠠᠨ ᠬᠦᠷᠳᠦᠲᠦ ᠲᠡᠷᠭᠡ ᠵᠡᠷᠭᠡ ᠶᠢ 7 ᠣᠷᠣᠭᠤᠯᠵᠤ᠂ ᠨᠡᠶᠢᠲᠡ 76 ᠲᠡᠷᠭᠡ ᠬᠤᠭ ᠨᠣᠪᠰᠢ ᠶᠢ ᠴᠡᠪᠡᠷᠯᠡᠪᠡ᠃ ᠵᠡᠭᠡᠯᠢ  ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠪᠠᠶᠢᠳᠠᠯ ᠢ ᠶᠡᠭᠡ ᠪᠠᠷ ᠰᠠᠶᠢᠵᠢᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ᠃
3.jpg
         ᠬᠤᠲᠠ ᠶᠢᠨ ᠲᠡᠭᠦᠷᠭᠡ ᠵᠡᠭᠡᠯᠢ  ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ᠂ ᠲᠠᠷᠠᠭᠠᠴᠢ ᠶᠢᠨ ᠠᠯᠬᠤᠮ ᠳᠤ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠪᠠᠶᠢᠩᠭᠤᠵᠢᠭᠰᠠᠨ ᠬᠠᠮᠢᠶᠠᠷᠤᠯᠲᠠ ᠶᠢ ᠦᠷᠭᠦᠯᠵᠢᠯᠡᠨ ᠠᠬᠢᠭᠤᠯᠵᠤ᠂ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢᠶᠠᠨ ᠲᠠᠰᠤᠷᠠᠯᠲᠠ ᠥᠬᠡᠶ ᠪᠠᠬᠢᠵᠢᠭᠦᠯᠵᠦ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠶ᠂ ᠠᠵᠢᠯᠯᠠᠬᠤ ᠳᠤ ᠲᠣᠬᠢᠷᠠᠮᠵᠢᠲᠠᠶ ᠠᠮᠢᠳᠤᠷᠠᠯ ᠤᠨ ᠣᠷᠴᠢᠨ ᠨᠥᠬᠦᠴᠡᠯ ᠢ ᠪᠣᠶ ᠪᠣᠯᠭᠠᠬᠤ ᠪᠠᠷ ᠴᠢᠷᠮᠠᠶᠢᠨ᠎ᠠ ᠭᠡᠵᠡᠶ᠃
 
ᠢᠷᠡᠯᠲᠡ᠄ ᠬᠤᠲᠠ ᠶᠢᠨ ᠲᠡᠭᠦᠷᠭᠡ ᠵᠡᠭᠡᠯᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号