ᠬᠢᠩᠭᠠᠨ ᠠᠶᠢᠮᠠᠭ ᠤᠨ ᠵᠠᠬᠢᠷᠭ᠎ᠠ ︽ᠠᠶᠠᠯᠭᠤᠳᠦ ᠵᠢᠭᠤᠯᠴᠢᠯᠠᠯ ᠥᠪᠥᠷ ᠮᠣᠩᠭᠤᠯ︾ ᠳᠦᠷᠦᠯ ᠳᠡᠮᠳᠡᠭ ᠤᠨ ᠪᠥᠲᠥᠭᠡᠨ ᠪᠠᠶᠢᠭᠤᠯᠤᠯᠲᠠ ᠶᠢᠨ ᠲᠤᠰᠬᠠᠶ ᠮᠡᠷᠭᠡᠵᠢᠯᠲᠡᠨ ᠤ ᠪᠦᠯᠬᠦᠮ ᠲᠠᠢ ᠶᠠᠷᠢᠯᠴᠠᠬᠤ ᠬᠤᠷᠠᠯ ᠬᠢᠪᠠ
ᠨᠡᠶᠢᠲᠡᠯᠡᠭᠰᠡᠨ ᠴᠠᠭ᠄
2025/4/21
        4 ᠰᠠᠷ᠎ᠠ ᠶᠢᠨ 15 ᠤ ᠡᠳᠦᠷ᠂ ᠬᠢᠩᠭᠠᠨ ᠠᠶᠢᠮᠠᠭ ᠤᠨ ᠵᠠᠬᠢᠷᠭ᠎ᠠ ︽ᠠᠶᠠᠯᠭᠤᠳᠦ ᠵᠢᠭᠤᠯᠴᠢᠯᠠᠯ ᠥᠪᠥᠷ ᠮᠣᠩᠭᠤᠯ︾ ᠲᠤᠰᠬᠠᠢ ᠮᠡᠷᠭᠡᠵᠢᠯᠲᠡᠨ ᠤ ᠪᠦᠯᠬᠦᠮ ᠲᠠᠢ ᠶᠠᠷᠢᠯᠴᠠᠬᠤ ᠬᠤᠷᠠᠯ ᠬᠢᠪᠡ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠬᠤᠷᠠᠯ ᠳᠤ ᠣᠷᠣᠯᠴᠠᠵᠠᠶ᠃        ᠢᠦᠢ ᠵᠢᠢ ᠱᠦᠨ ︽ᠠᠶᠠᠯᠭᠤᠳᠦ ᠵᠢᠭᠤᠯᠴᠢᠯᠠᠯ ᠥᠪᠥᠷ ᠮᠣᠩᠭᠤᠯ︾ ᠲᠦᠷᠦᠯ ᠲᠡᠮᠳᠡᠭ ᠤᠨ ᠪᠠᠶᠢᠭᠤᠯᠤᠯᠲᠠ ᠶᠢᠨ ᠲᠤᠰᠬᠠᠢ ᠮᠡᠷᠭᠡᠵᠢᠯᠲᠡᠨ ᠤ ᠪᠦᠯᠬᠦᠮ ᠤᠨ ᠳᠠᠷᠤᠭ᠎ᠠ ᠢᠦᠢ ᠴᠥᠩ ᠨᠡᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠭᠡᠬᠦ ᠶᠢᠨ ᠬᠠᠮᠲᠤ ᠲᠤᠰᠬᠠᠢ ᠮᠡᠷᠭᠡᠵᠢᠯᠲᠡᠨ ᠤ ᠪᠦᠯᠬᠦᠮ ᠤᠨ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠵᠢᠯᠣᠭᠤᠳᠤᠨ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠭᠡᠪᠡ᠃ ᠢᠦᠢ ᠵᠢᠢ ᠱᠦᠨ ᠬᠡᠯᠡᠭᠰᠡᠨ ᠨᠢ᠂ ᠲᠤᠰᠬᠠᠢ ᠮᠡᠷᠭᠡᠵᠢᠯᠲᠡᠨ ᠤ ᠪᠦᠯᠬᠦᠮ ᠪᠤᠰᠤᠳᠴᠢ ᠳᠠᠯ᠎ᠠ ᠠᠴᠠ ᠡᠭᠦᠰᠴᠦ᠂ ᠲᠤᠰᠬᠠᠢ ᠮᠡᠷᠭᠡᠵᠢᠯ ᠤᠨ ᠰᠤᠳᠤᠯᠤᠨ ᠮᠠᠭᠠᠳᠯᠠᠯᠲᠠ ᠲᠠᠢ ᠤᠶᠠᠯᠳᠤᠭᠤᠯᠵᠤ᠂ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠳᠤ ᠪᠦᠲᠦᠭᠡᠯᠴᠢ ᠴᠢᠨᠠᠷᠲᠠᠢ ᠵᠢᠯᠣᠭᠤᠳᠬᠤ ᠰᠠᠨᠠᠯ ᠬᠠᠩᠭᠠᠪᠠ᠃ ᠡᠳᠡᠭᠡᠷ ᠨᠢ ᠪᠢᠳᠡᠨ ᠤ ᠰᠢᠢᠳᠪᠦᠷᠢᠲᠦ ᠪᠤᠳᠤᠯᠭ᠎ᠠ ᠶᠢᠨ ᠰᠡᠳᠭᠢᠴᠡ ᠪᠠᠨ ᠲᠡᠭᠦᠯᠳᠡᠷᠵᠢᠭᠦᠯᠬᠦ᠂ ᠬᠡᠷᠡᠭᠵᠢᠭᠦᠯᠬᠦ ᠠᠷᠭ᠎ᠠ ᠵᠠᠮ ᠢᠶᠠᠨ ᠰᠢᠯᠢᠳᠡᠭᠵᠢᠭᠦᠯᠬᠦ ᠳᠤ ᠴᠢᠬᠤᠯᠠ ᠲᠣᠯᠢᠯᠠᠯ ᠬᠠᠩᠭᠠᠵᠠᠢ᠃ ᠳᠠᠷᠠᠭᠠᠴᠢ ᠶᠢᠨ ᠠᠯᠬᠤᠮ ᠳᠤ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭᠠᠨ ᠤ ᠲᠣᠭᠤᠷᠢᠨ ᠳᠤ ᠤᠯᠤᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠬᠠᠮᠲᠤᠷᠠᠯᠴᠠᠭᠠᠨ ᠤ ᠲᠦᠷᠦᠯ ᠵᠦᠢᠯ ᠢ ᠨᠠᠶᠢᠳᠠᠪᠤᠷᠢᠵᠢᠭᠤᠯᠤᠨ ᠠᠵᠢᠯᠯᠠᠭᠤᠯᠬᠤ ᠶᠢ ᠲᠦᠷᠭᠡᠳᠭᠡᠨ ᠠᠬᠢᠭᠤᠯᠵᠤ᠂ ᠡᠷᠲᠡᠬᠡᠨ ᠪᠣᠳᠠᠲᠤ ᠦᠷ᠎ᠡ ᠪᠦᠲᠦᠮᠵᠢ ᠤᠯᠬᠤ ᠪᠠᠷ ᠴᠢᠷᠮᠠᠶᠢᠨ᠎ᠠ ᠭᠡᠪᠡ᠃        ᠢᠦᠢ ᠴᠥᠩ ᠢᠯᠡᠷᠬᠡᠶᠢᠯᠡᠭᠰᠡᠨ ᠨᠢ᠂ ᠬᠢᠩᠭᠠᠨ ᠠᠶᠢᠮᠠᠭ ᠤᠨ ᠵᠢᠭᠤᠯᠴᠢᠯᠠᠯ ᠤᠨ ᠡᠬᠢ ᠪᠠᠶᠠᠯᠢᠭ ᠡᠯᠪᠡᠭ ᠳᠡᠯᠪᠡᠭ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠨᠥᠭᠡᠴᠡ ᠬᠦᠴᠦᠨ ᠯᠤᠲᠤ ᠶᠡᠭᠡ᠃ ᠲᠤᠰᠬᠠᠢ ᠮᠡᠷᠭᠡᠵᠢᠯᠲᠡᠨ ᠤ ᠪᠦᠯᠬᠦᠮ ᠰᠢᠷᠢᠰ ᠠᠵᠢᠯᠯᠠᠭ᠎ᠠ ᠶᠢᠨ ᠲᠥᠰᠦᠯ ᠢᠶᠠᠨ ᠴᠢᠨᠠᠭᠰᠢᠳᠠ ᠰᠢᠯᠢᠳᠡᠭᠵᠢᠭᠦᠯᠵᠦ᠂ ︽ᠠᠶᠠᠯᠭᠤᠳᠦ ᠵᠢᠭᠤᠯᠴᠢᠯᠠᠯ ᠥᠪᠥᠷ ᠮᠣᠩᠭᠤᠯ︾ ᠲᠦᠷᠦᠯ ᠲᠡᠮᠳᠡᠭ ᠢ ᠡᠭᠦᠳᠬᠦ ᠪᠠ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ ᠬᠢᠩᠭᠠᠨ ᠠᠶᠢᠮᠠᠭ ᠤᠨ ᠵᠢᠭᠤᠯᠴᠢᠯᠠᠯ ᠤᠨ ᠠᠵᠤ ᠦᠢᠯᠡᠰ ᠢ ᠰᠢᠯᠢᠳᠡᠭᠵᠢᠭᠦᠯᠦᠨ ᠠᠮᠢᠳᠤᠯᠢᠭ ᠪᠣᠯᠭᠠᠬᠤ ᠳᠤ ᠪᠦᠬᠦ ᠬᠦᠴᠦᠨ ᠢᠶᠠᠷ ᠢᠶᠠᠨ ᠬᠠᠪᠰᠤᠷᠤᠨ᠎ᠠ ᠭᠡᠵᠡᠢ᠃        ᠠᠶᠢᠮᠠᠭ ᠤᠨ ᠤᠳᠤᠷᠢᠳᠤᠯᠭ᠎ᠠ ᠰᠦᠨ ᠱᠦ ᠲᠤᠤ ᠶᠠᠷᠢᠯᠴᠠᠬᠤ ᠬᠤᠷᠠᠯ ᠳᠤ ᠤᠷᠤᠯᠴᠠᠵᠠᠢ᠃ ︵ᠵᠠᠩ ᠴᠢᠶᠠᠩ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号