ᠰᠦᠬᠡ ᠡᠯᠡᠰᠦᠷᠭᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ ᠰᠢᠨᠵᠢᠯᠡᠨ ᠪᠠᠶᠢᠴᠠᠭᠠᠨ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2025/4/21
        4 ᠰᠠᠷ᠎ᠠ ᠶᠢᠨ 15 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠰᠦᠬᠡ ᠲᠦᠴᠢᠦᠸᠠᠨ ᠰᠢᠶᠠᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠭᠦᠨᠵᠡᠭᠡᠶᠢᠷᠡᠵᠦ᠂ ᠡᠯᠡᠰᠦᠷᠭᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ᠂ ᠤᠢ ᠰᠢᠭᠤᠢ ᠨᠤᠳᠤᠬ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠭᠤ ᠨᠡᠶᠢᠲᠡᠯᠢᠭ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠦ ᠬᠢᠨᠠᠨ ᠵᠢᠯᠣᠭᠤᠳᠪᠠ᠃        ᠲᠦᠴᠢᠦᠸᠠᠨ ᠰᠢᠶᠠᠨ ᠤ ᠵᠢᠦ ᠯᠦᠩ ᠰᠢᠶᠠᠩ ᠤᠨ ᠯᠦᠩ ᠮᠧᠨ ᠲᠣᠰᠬᠤᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠠᠶᠢᠴᠢᠨᠲᠠᠯ᠎ᠠ ᠰᠤᠮᠤ ᠶᠢᠨ ᠮᠠᠩᠯᠠᠢ ᠭᠠᠴᠠᠭ᠎ᠠ ᠪᠣᠯᠤᠨ ᠳᠦᠷᠦᠯᠵᠢ ᠪᠠᠯᠭᠠᠰᠤᠨ ᠤ ᠰᠢᠶᠠᠨ ᠭᠤᠸᠠᠩ ᠭᠠᠴᠠᠭ᠎ᠠ ᠳᠤ᠂ ᠰᠦᠬᠡ ᠬᠠᠰᠢᠶᠠᠯᠠᠨ ᠴᠢᠬᠢ ᠪᠤᠶᠢᠵᠢᠭᠤᠯᠬᠤ᠂ ᠴᠢᠬᠢ ᠮᠤᠳᠦ ᠨᠥᠭᠡᠴᠡᠯᠡᠬᠦ᠂ ᠨᠥᠬᠦᠵᠦ ᠤᠷᠭᠤᠭᠤᠯᠬᠤ᠂ ᠬᠠᠮᠢᠶᠠᠷᠴᠤ ᠬᠠᠮᠠᠭᠠᠯᠠᠵᠥ ᠬᠠᠤᠯᠢ ᠬᠡᠷᠡᠭᠵᠢᠭᠦᠯᠵᠦ ᠪᠠᠶᠢᠭ᠎ᠠ ᠬᠤᠯᠪᠣᠭᠳᠠᠯ ᠪᠦᠬᠦᠢ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠭᠰᠡᠨ ᠨᠢ᠂ ᠬᠤᠷᠴᠢᠨ ᠤ ᠡᠯᠡᠰᠦᠷᠬᠡᠭ ᠭᠠᠵᠠᠷ ᠢ ᠤᠰᠠᠳᠬᠠᠬᠤ ᠲᠠᠶᠢᠯᠠᠯᠳᠤᠭᠠᠨ ᠪᠠ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠡᠷᠬᠡ ᠰᠡᠳᠦᠪ ᠢ ᠰᠢᠢᠳᠪᠦᠷᠢᠯᠡᠬᠦ ᠳᠠᠶᠢᠯᠠᠯᠳᠤᠭᠠᠨ ᠤ ᠢᠯᠠᠯᠲᠠ ᠶᠢ ᠣᠯᠬᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠪᠣᠯ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠭᠰᠠᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠬᠤᠷ ᠡᠷᠬᠡᠪᠰᠢ ᠤᠯᠤᠰ ᠲᠥᠷᠥ ᠶᠢᠨ ᠲᠠᠯ᠎ᠠ ᠠᠴᠠ ᠦᠵᠡᠵᠦ᠂ ᠤᠯᠤᠰ ᠲᠥᠷᠥ ᠶᠢᠨ ᠲᠠᠯ᠎ᠠ ᠠᠴᠠ ᠰᠢᠢᠳᠪᠦᠷᠢᠯᠡᠵᠦ᠂ ᠡᠷᠡᠰ ᠰᠢᠭᠤᠷᠬᠠᠶ᠂ ᠲᠡᠷᠡ ᠶᠣᠰᠣᠭᠠᠷ ᠨᠢ ᠨᠠᠶᠢᠳᠠᠪᠤᠷᠢᠵᠢᠭᠤᠯᠬᠤ ᠬᠡᠷᠡᠭᠲᠡᠶ᠃ ᠮᠣᠳᠣ ᠲᠠᠷᠢᠵᠤ ᠣᠶᠢᠵᠢᠭᠤᠯᠬᠤ ᠡᠪᠡᠰᠦ ᠲᠠᠷᠢᠬᠤ ᠪᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ︽ᠰᠢᠵᠢᠷ ᠠᠯᠳᠠᠨ ᠬᠤᠭᠤᠴᠠᠭ᠎ᠠ︾ ᠶᠢ ᠠᠳᠬᠤᠵᠤ᠂ ᠡᠯᠡᠰᠦᠷᠭᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠤᠬᠴᠠᠵᠢᠭᠤᠯᠬᠤ ᠢᠨᠵᠧᠨᠧᠷᠢᠩ ᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠠᠬᠢᠭᠤᠯᠵᠤ᠂ ᠬᠥᠮᠦᠨ ᠤ ᠬᠦᠴᠦ᠂ ᠪᠣᠳᠠᠰ ᠤᠨ ᠬᠦᠴᠦ ᠪᠣᠯᠤᠨ ᠮᠠᠰᠢᠨ ᠲᠥᠬᠦᠭᠡᠷᠦᠮᠵᠢ ᠶᠢ ᠰᠢᠨᠵᠢᠯᠡᠬᠦ ᠤᠬᠠᠭᠠᠨᠴᠢ ᠪᠠᠷ ᠳᠤᠬᠢᠷᠠᠭᠤᠯᠵᠤ᠂ ᠴᠢᠬᠢ ᠮᠣᠳᠣᠨ ᠤ ᠡᠳᠡᠭᠡᠷᠡᠯᠲᠡ ᠶᠢᠨ ᠨᠤᠷᠮ᠎ᠠ ᠶᠢ ᠳᠡᠭᠡᠭᠰᠢᠯᠡᠭᠦᠯᠬᠦ ᠳᠡᠭᠡᠷ᠎ᠡ ᠬᠦᠴᠦ ᠣᠷᠣᠭᠤᠯᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠣᠨ ᠤ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠶᠢ ᠬᠡᠷᠡᠭᠵᠢᠭᠦᠯᠬᠦ ᠶᠢ ᠴᠢᠬᠤᠯᠠᠴᠢᠯᠠᠵᠤ᠂ ᠤᠰᠤ ᠠᠷᠪᠢᠯᠠᠬᠤ ᠠᠵᠢᠯᠯᠠᠭ᠎ᠠ ᠶᠢ ᠥᠷᠨᠢᠭᠦᠯᠬᠦ ᠲᠠᠢ ᠤᠶᠠᠯᠳᠤᠭᠤᠯᠤᠨ᠂ ᠲᠤᠬᠠᠶ ᠶᠢᠨ ᠭᠠᠵᠠᠷ ᠠᠴᠠ ᠮᠠᠲ᠋ᠧᠷᠢᠶᠠᠯ ᠠᠪᠬᠤ ᠶᠢ ᠪᠠᠷᠢᠮᠲᠠᠯᠠᠵᠤ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠵᠡᠷᠭᠡ ᠵᠠᠭᠪᠤᠷ ᠢ ᠶᠡᠬᠡᠪᠡᠷ ᠳᠡᠯᠭᠡᠷᠡᠭᠦᠯᠵᠦ᠂ ᠠᠮᠢ ᠠᠬᠤᠶ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠪᠠ ᠠᠵᠤ ᠠᠬᠤᠶ ᠶᠢᠨ ᠦᠷ᠎ᠡ ᠠᠰᠢᠭ ᠤᠨ ᠬᠠᠷᠢᠯᠴᠠᠨ ᠨᠢᠭᠡᠳᠬᠦ ᠶᠢ ᠪᠡᠶᠡᠯᠡᠭᠦᠯᠬᠦ ᠬᠡᠷᠡᠭᠲᠡᠶ᠃ ᠨᠣᠭᠤᠭᠠᠷᠠᠭᠤᠯᠤᠯᠲᠠ ᠶᠢ ᠥᠷᠭᠡᠳᠭᠡᠬᠦ᠂ ᠨᠣᠭᠤᠭᠠᠷᠠᠭᠤᠯᠤᠯᠲᠠ ᠶᠢ ᠬᠠᠮᠠᠭᠠᠯᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠬᠠᠤᠯᠢ ᠬᠡᠷᠡᠭᠵᠢᠭᠦᠯᠬᠦ ᠬᠦᠴᠦᠨ ᠢᠶᠠᠨ ᠴᠢᠩᠭᠠᠳᠬᠠᠵᠤ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠢᠯᠡᠷᠡᠭᠦᠯᠬᠦ᠂ ᠬᠠᠮᠢᠶᠠᠷᠤᠨ ᠡᠵᠡᠮᠳᠡᠬᠦ᠂ ᠵᠠᠯᠬᠠᠭᠠᠨ ᠰᠢᠳᠭᠡᠬᠦ ᠵᠡᠷᠭᠡ ᠲᠣᠭᠲᠠᠴᠠ ᠶᠢ ᠪᠦᠷᠢᠨᠰᠢᠬᠦᠯᠵᠦ᠂ ᠬᠢᠯᠪᠠᠷ ᠪᠤᠰᠤ ᠪᠠᠷ ᠣᠯᠤᠭᠰᠠᠨ ᠡᠯᠡᠰᠦ ᠶᠢ ᠵᠠᠰᠠᠭᠰᠠᠨ ᠦᠷ᠎ᠡ ᠪᠦᠲᠦᠭᠡᠯ ᠢ ᠰᠠᠶᠢᠲᠤᠷ ᠪᠠᠬᠢᠵᠢᠭᠦᠯᠬᠦ ᠬᠡᠷᠡᠭᠲᠡᠢ᠃ ᠤᠢ ᠮᠣᠳᠣ ᠨᠤᠳᠤᠬ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠭᠦᠨᠵᠡᠭᠡᠢ ᠠᠬᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠠᠵᠢᠯ ᠤᠨ ᠲᠣᠭᠲᠠᠴᠠ ᠶᠢ ᠴᠢᠨᠠᠭᠰᠢᠳᠠ ᠪᠦᠷᠢᠨᠰᠢᠬᠦᠯᠵᠦ᠂ ᠲᠦᠷᠢᠮ ᠤᠨ ᠠᠯᠳᠠᠰᠢ ᠭᠠᠷᠬᠤ ᠶᠢ ᠰᠡᠷᠬᠡᠶᠢᠯᠡᠨ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠲᠦᠷᠭᠡᠨ ᠪᠡᠶᠡᠯᠡᠭᠦᠯᠵᠦ᠂ ᠨᠡᠩ ᠶᠡᠭᠡ ᠴᠡᠭᠴᠡᠯᠡᠨ ᠵᠠᠰᠠᠬᠤ ᠦᠷ᠎ᠡ ᠪᠦᠲᠦᠭᠡᠯ ᠢ ᠤᠯᠬᠤ ᠪᠠᠷ ᠴᠢᠷᠮᠠᠶᠢᠬᠤ ᠬᠡᠷᠡᠭᠲᠡᠢ ᠭᠡᠪᠡ᠃        ᠠᠶᠢᠮᠠᠭ ᠤᠨ ᠤᠳᠤᠷᠢᠳᠤᠯᠭ᠎ᠠ ᠬᠥ᠋ ᠯᠢ ᠮᠢᠨ᠂ ᠵᠠᠩ ᠱᠤᠸᠠᠩ ᠴᠧᠩ ᠰᠢᠨᠵᠢᠯᠡᠨ ᠪᠠᠶᠢᠴᠠᠭᠠᠯᠳᠠ ᠳᠤ ᠣᠷᠣᠯᠴᠠᠪᠠ᠃ ︵ᠵᠠᠩ ᠸᠧᠢ ᠨᠠᠨ ᠯᠢ ᠤᠭ᠍ᠶᠦ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号