| ᠪᠥᠬᠦ ᠠᠶᠢᠮᠠᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠤᠮᠠᠷᠠᠲᠤ ᠬᠢᠯᠢ ᠶᠢᠨ ᠰᠣᠶᠣᠯ ᠤᠨ | ᠪᠠᠶᠢᠭᠤᠯᠤᠯᠲᠠ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠦ᠂ ᠶᠣᠰᠣ | ᠰᠤᠷᠲᠠᠬᠤᠨ ᠢᠶᠠᠷ ᠴᠢᠳᠠᠪᠦᠷᠢᠲᠠᠨ ᠬᠥᠮᠦᠵᠢᠭᠦᠯᠬᠦ ᠦᠨᠳᠦᠰᠦᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠡᠯ᠎ᠡ ᠰᠤᠷᠤᠯᠭ᠎ᠠ ᠶᠢᠨ ᠱᠠᠲᠤᠨ ᠤ ᠦᠵᠡᠯ ᠰᠠᠨᠠᠭ᠎ᠠ ᠤᠯᠤᠰ ᠲᠦᠷᠦ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠢ | ᠨᠡᠶᠢᠳᠭᠡᠵᠦ᠂ ᠵᠢᠭᠠᠨ ᠰᠤᠷᠭᠠᠯᠲᠠ ᠶᠢᠨ ᠠᠷᠭ᠎ᠠ ᠶᠢᠨ ᠰᠢᠨ᠎ᠡ ᠶᠢ ᠡᠭᠦᠳᠬᠦ ᠶᠢ ᠬᠦᠳᠦᠯᠦᠨ ᠳᠠᠭᠠᠭᠤᠯᠵᠤ᠂ ᠪᠦᠬᠦ | ᠠᠶᠢᠮᠠᠭ ᠤᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠰᠢᠨ᠎ᠡ ᠦᠨᠳᠦᠷᠴᠡ ᠳᠤ ᠬᠦᠷᠭᠡᠬᠦ ᠶᠢ ᠠᠬᠢᠭᠤᠯᠵᠦ᠂ | ᠪᠦᠬᠦ ᠲᠠᠯ᠎ᠠ ᠪᠠᠷ ᠬᠦᠭᠵᠢᠭᠰᠡᠨ ᠴᠢᠳᠠᠪᠦᠷᠢᠲᠠᠨ ᠬᠥᠮᠦᠵᠢᠭᠦᠯᠬᠦ ᠶᠡᠭᠡ ᠬᠢᠴᠢᠶᠡᠯ ᠤᠨ ᠲᠠᠩᠬᠢᠮ ᠢ ᠪᠣᠶ ᠪᠤᠯᠭᠠᠬᠤ | ᠡᠭᠦᠳᠡᠨ ᠠᠴᠠ 4 ᠰᠠᠷ᠎ᠠ ᠶᠢᠨ 11 ᠤ ᠡᠳᠦᠷ᠂ ᠬᠢᠩᠭᠠᠨ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ ᠠᠴᠠ | ᠬᠢᠩᠭᠠᠨ ᠠᠶᠢᠮᠠᠭ ᠤᠨ ᠶᠡᠭᠡ ᠳᠡᠭᠡᠳᠦ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ | ᠬᠢᠴᠢᠶᠡᠯ ᠢ ᠨᠢᠭᠡ ᠴᠤᠭᠴᠠᠵᠢᠭᠤᠯᠬᠤ ᠪᠥᠲᠥᠭᠡᠨ ᠪᠠᠶᠢᠭᠤᠯᠤᠯᠲᠠ ᠶᠢᠨ ᠬᠤᠯᠪᠣᠭ᠎ᠠ ᠶᠢᠨ ᠫᠠᠶᠢᠰᠠ ᠰᠡᠬᠦᠬᠦ ᠶᠣᠰᠣᠯᠠᠯ | ᠵᠢᠴᠢ ᠪᠥᠬᠦ ᠠᠶᠢᠮᠠᠭ ᠤᠨ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ | ᠤᠯᠤᠰ ᠲᠥᠷᠥ ᠶᠢᠨ ᠬᠢᠴᠢᠶᠡᠯ ᠢ ᠨᠢᠭᠡ ᠴᠤᠭᠴᠠᠵᠢᠭᠤᠯᠤᠨ ᠳᠡᠯᠭᠡᠨ ᠦᠵᠡᠭᠦᠯᠬᠦ ᠠᠵᠢᠯᠯᠠᠭ᠎ᠠ ᠠᠮᠵᠢᠯᠲᠠᠲᠠᠢ | ᠶᠠᠪᠤᠬᠳᠠᠪᠠ᠃ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ | ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠦᠢᠯᠡᠳᠦᠯᠭᠡ ᠶᠢᠨ ᠰᠢᠨ᠎ᠡ ᠶᠢ ᠡᠭᠦᠳᠬᠦ ᠲᠥᠪ ᠤᠨ ᠡᠷᠬᠢᠯᠡᠭᠴᠢ | ᠂ ᠳᠡᠳ᠋ ᠫᠷᠤᠹᠧᠰᠰᠤᠷ ᠬᠠᠨ ᠳ᠋ᠦᠩ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠮᠠᠷᠺᠰ ᠤᠨ ᠦᠵᠡᠯ ᠤᠨ | ᠳᠡᠭᠡᠳᠦ ᠰᠤᠷᠭᠠᠭᠤᠯᠢ ᠶᠢᠨ ᠳᠡᠳ᠋ ᠫᠷᠤᠹᠧᠰᠰᠤᠷ ᠯᠢ ᡁᠢ ᠭᠦᠸᠧ᠂ ᠬᠢᠩᠭᠠᠨ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠶᠢᠨ ᠤᠳᠤᠷᠢᠳᠤᠯᠭ᠎ᠠ᠂ ᠬᠢᠨᠭ᠍ᠭᠠᠨ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶᠠᠨ ᠤ | ᠤᠳᠤᠷᠢᠳᠤᠯᠭ᠎ᠠ᠂ ᠠᠶᠢᠮᠠᠭ ᠬᠤᠰᠢᠭᠤ ︵ᠰᠢᠶᠠᠨ ᠬᠤᠳᠠ︶ ᠬᠤᠶᠠᠷ ᠱᠠᠲᠤᠨ ᠤ ᠰᠤᠷᠭᠠᠨ ᠬᠥᠮᠦᠵᠢᠯ ᠤᠨ | ᠲᠣᠪᠴᠢᠶᠠᠨ ᠤ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠤᠨ ᠬᠠᠷᠢᠭᠤᠴᠠᠯᠭᠠᠲᠠᠨ᠂ ᠪᠦᠬᠦ ᠠᠶᠢᠮᠠᠭ ᠤᠨ | ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠲᠤᠰᠬᠠᠢ ᠲᠤᠰᠢᠶᠠᠯᠲᠤ | ᠪᠠᠭᠰᠢ ᠪᠣᠯᠤᠨ ᠵᠢᠭᠠᠨ ᠰᠤᠳᠤᠯᠤᠭᠴᠢ ᠨᠡᠶᠢᠳᠡ 400 ᠭᠠᠷᠤᠢ ᠬᠥᠮᠦᠨ ᠠᠵᠢᠯᠯᠠᠭ᠎ᠠ ᠳᠤ ᠣᠷᠣᠯᠴᠠᠪᠠ᠃ | ᠬᠢᠨᠭ᠍ᠭᠠᠨ ᠠᠶᠢᠮᠠᠭ ᠤᠨ ᠰᠤᠷᠭᠠᠨ ᠬᠦᠮᠦᠵᠢᠯ ᠤᠨ ᠲᠣᠪᠴᠢᠶ᠎ᠠ ᠶᠢᠨ ᠤᠳᠤᠷᠢᠳᠤᠯᠭ᠎ᠠ ᠬᠡᠯᠡᠭᠰᠡᠨ ᠨᠢ᠂ ᠲᠣᠰ | ᠤᠳᠠᠭᠠᠨ ᠤ ᠬᠠᠮᠲᠤᠷᠠᠯᠴᠠᠭ᠎ᠠ ᠨᠢ ᠬᠢᠨᠭ᠍ᠭᠠᠨ ᠠᠶᠢᠮᠠᠭ ᠤᠨ ᠬᠥᠨᠳᠡᠯᠡᠨ ᠴᠢᠭᠯᠡᠯ ᠢᠶᠠᠷ ᠬᠠᠮᠵᠢᠯᠴᠠᠵᠦ᠂ ᠭᠤᠯᠳᠤ | ᠴᠢᠭᠯᠡᠯ ᠢᠶᠠᠷ ᠵᠣᠯᠭᠠᠭᠤᠯᠤᠭᠰᠠᠨ ᠶᠡᠭᠡ ᠳᠡᠭᠡᠲᠦ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ | ᠲᠥᠷᠥ ᠶᠢᠨ ᠰᠤᠷᠭᠠᠨ ᠬᠥᠮᠦᠵᠢᠯ ᠢ ᠨᠢᠭᠡ ᠴᠤᠭᠴᠠᠵᠢᠭᠤᠯᠤᠭᠰᠠᠨ ᠰᠢᠰᠲ᠋ᠧᠮ ᠳᠤ ᠬᠦᠴᠦᠷᠬᠡᠭ ᠶᠡᠭᠡ ᠬᠥᠳᠡᠯᠭᠡᠬᠦ | ᠬᠦᠴᠦᠨ ᠨᠡᠮᠡᠷᠢᠯᠡᠭᠰᠡᠨ ᠪᠠᠶᠢᠨ᠎ᠠ᠃ ᠬᠤᠶᠢᠰᠢᠲᠠ᠂ ᠬᠢᠨᠭ᠍ᠭᠠᠨ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ | ᠪᠣᠯᠤᠨ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠰᠤᠷᠭᠠᠭᠤᠯᠢ ᠶᠢᠨ ᠭᠤᠤᠯ ᠬᠢᠴᠢᠶᠡᠯ ᠤᠨ ᠲᠠᠩᠬᠢᠮ ᠢ | ᠪᠥᠬᠦ ᠬᠦᠴᠦᠨ ᠢᠶᠠᠷ ᠢᠶᠠᠨ ᠰᠠᠶᠢᠲᠤᠷ ᠡᠷᠭᠢᠯᠡᠵᠦ᠂ ᠨᠡᠶᠢᠭᠡᠮ ᠤᠨ ᠶᠡᠭᠡ ᠬᠢᠴᠢᠶᠡᠯ ᠤᠨ ᠲᠠᠩᠬᠢᠮ ᠢ ᠢᠳᠡᠪᠬᠢᠲᠡᠶ | ᠥᠷᠭᠡᠳᠭᠡᠨ᠂ ᠰᠦᠯᠵᠢᠶᠡᠨ ᠤ ᠡᠭᠦᠯᠡᠨ ᠬᠢᠴᠢᠶᠡᠯ ᠤᠨ ᠲᠠᠩᠬᠢᠮ ᠢ ᠪᠣᠶ ᠪᠣᠯᠭᠠᠵᠤ᠂ ︽ᠶᠡᠭᠡ ᠦᠵᠡᠯ ᠰᠠᠨᠠᠭ᠎ᠠ | ᠤᠯᠤᠰ ᠲᠥᠷᠥ ᠶᠢᠨ ᠬᠢᠴᠢᠶᠡᠯ︾ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠥᠬᠦ ᠲᠠᠯ᠎ᠠ ᠪᠠᠷ | ᠠᠬᠢᠭᠤᠯᠬᠤ ᠶᠢᠨ ᠬᠠᠮᠲᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠤᠭᠴᠠᠵᠢᠭᠤᠯᠬᠤ ᠠᠷᠭ᠎ᠠ ᠵᠠᠮ ᠢ | ᠢᠳᠡᠪᠬᠢᠲᠡᠶ ᠬᠠᠶᠢᠨ ᠰᠦᠪᠡᠭᠴᠢᠯᠡᠵᠦ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠠᠮᠢ ᠠᠬᠤᠶ ᠶᠢᠨ | ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ︽ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ | ᠤᠨ ᠪᠠᠶᠢᠭᠤᠯᠤᠯᠲᠠ ᠶᠢᠨ ᠲᠥᠯᠥᠭᠡ ᠰᠡᠳᠭᠢᠯ ᠢᠶᠠᠨ ᠨᠢᠭᠡᠳᠭᠡᠨ ᠬᠦᠴᠦ ᠪᠠᠨ ᠬᠠᠮᠲᠤᠳᠬᠠᠨ᠎ᠠ ᠭᠡᠪᠠ᠃ | ᠠᠵᠢᠯᠯᠠᠭ᠎ᠠ ᠳᠤ ᠪᠠᠰᠠ ᠶᠡᠭᠡ ᠳᠡᠭᠡᠳᠦ ᠳᠤᠮᠳᠠᠳᠤ ᠪᠠᠭ᠎ᠠ ᠰᠤᠷᠭᠠᠭᠤᠯᠢ ᠶᠢᠨ 13 ᠦᠵᠡᠯ ᠰᠠᠨᠠᠭ᠎ᠠ ᠤᠯᠤᠰ | ᠲᠥᠷᠥ ᠶᠢᠨ ᠬᠢᠴᠢᠶᠡᠯ ᠤᠨ ᠪᠠᠭᠰᠢ ᠡᠯ᠎ᠡ ᠰᠤᠷᠤᠯᠭ᠎ᠠ ᠶᠢᠨ ᠱᠠᠲᠤᠨ ᠤ ᠰᠣᠷᠣᠭᠴᠢ ᠶᠢᠨ ᠣᠨᠴᠠᠯᠢᠭ ᠲᠤ ᠰᠠᠭᠤᠷᠢᠯᠠᠨ᠂ | ᠲᠤᠬᠠᠶ ᠶᠢᠨ ᠲᠠᠯᠠᠪᠤᠷ ᠤᠨ ᠪᠠᠭᠰᠢ ᠨᠠᠷ ᠲᠠᠢ ᠬᠠᠮᠲᠤ ᠤᠮᠠᠷᠠᠲᠤ ᠬᠢᠯᠢ ᠶᠢᠨ ᠰᠣᠶᠣᠯ ᠢ ᠦᠵᠡᠯ ᠰᠠᠨᠠᠭ᠎ᠠ ᠤᠯᠤᠰ | ᠲᠥᠷᠥ ᠶᠢᠨ ᠬᠢᠴᠢᠶᠡᠯ ᠤᠨ ᠵᠢᠭᠠᠨ ᠰᠤᠷᠭᠠᠯᠲᠠ᠂ ᠰᠤᠳᠤᠯᠤᠨ ᠰᠤᠷᠤᠯᠴᠠᠬᠤ ᠦᠢᠯᠡᠳᠦᠯᠭᠡ ᠳᠤ | ᠠᠭᠤᠰᠤᠯᠴᠠᠭᠤᠯᠤᠭᠰᠠᠨ ᠲᠤᠷᠰᠢᠯᠭ᠎ᠠ ᠠᠷᠭ᠎ᠠ ᠬᠢᠳᠡᠯ ᠵᠢᠴᠢ ᠵᠢᠭᠠᠨ ᠰᠤᠷᠭᠠᠯᠲᠠ ᠶᠢᠨ ᠣᠨᠣᠯᠵᠢᠬᠤᠨ ᠤ ᠲᠤᠬᠠᠢ | ᠶᠠᠷᠢᠯᠴᠠᠬᠰᠠᠨ ᠪᠠᠶᠢᠨ᠎ᠠ᠃ ᠡᠯ᠎ᠡ ᠰᠤᠷᠤᠯᠭ᠎ᠠ ᠶᠢᠨ ᠱᠠᠲᠤᠨ ᠤ ᠰᠤᠷᠤᠭᠴᠢᠳ ᠤᠨ ᠣᠶᠢᠯᠠᠭᠠᠬᠤ ᠴᠢᠳᠠᠪᠤᠷᠢ᠂ | ᠰᠡᠳᠭᠢᠴᠡ ᠶᠢᠨ ᠪᠠᠶᠢᠳᠠᠯ᠂ ᠢᠲᠡᠭᠡᠯ ᠪᠢᠰᠢᠷᠡᠯ ᠤᠨ ᠬᠥᠭᠡᠭᠡᠴᠡᠯᠳᠦᠯ ᠵᠡᠷᠭᠡ ᠠᠳᠠᠯᠢ ᠪᠤᠰᠤ ᠪᠠᠶᠢᠳᠠᠯ ᠳᠤ ᠴᠢᠭᠯᠡᠭᠦᠯᠦᠨ | ᠂ ︽ᠤᠮᠠᠷᠠᠲᠤ ᠬᠢᠯᠢ ᠶᠢᠨ ᠰᠣᠶᠣᠯ︾ ᠤᠨ ᠥᠯᠢᠭᠡᠷ ᠢ ᠶᠠᠷᠢᠬᠤ ᠶᠢᠨ ᠬᠠᠮᠲᠤ᠂ ᠪᠠᠰᠠ ᠡᠯ᠎ᠡ ᠰᠤᠷᠤᠯᠭ᠎ᠠ ᠶᠢᠨ | ᠱᠠᠲᠤᠨ ᠤ ᠦᠵᠡᠯ ᠰᠠᠨᠠᠭ᠎ᠠ ᠤᠯᠤᠰ ᠲᠥᠷᠥ ᠶᠢᠨ ᠠᠭᠤᠯᠭ᠎ᠠ ᠶᠢ ᠣᠷᠭᠠᠨᠢᠭ ᠢᠶᠠᠷ ᠵᠣᠯᠭᠠᠭᠤᠯᠵᠤ᠂ ᠨᠢᠭᠡ | ᠴᠣᠭᠴᠠᠵᠢᠭᠤᠯᠤᠨ ᠬᠥᠮᠦᠨ ᠢ ᠬᠥᠮᠦᠵᠢᠭᠦᠯᠬᠦ ᠶᠢ ᠵᠤᠷᠢᠵᠠᠢ᠃ | ᠳᠠᠷᠠᠭᠠᠴᠢ ᠪᠠᠷ᠂ ᠬᠢᠩᠭᠠᠨ ᠠᠶᠢᠮᠠᠭ ᠤᠨ ᠰᠤᠷᠭᠠᠨ ᠬᠥᠮᠦᠵᠢᠯ ᠤᠨ ᠰᠢᠰᠲ᠋ᠧᠮ ᠦᠵᠡᠯ ᠰᠠᠨᠠᠭ᠎ᠠ ᠤᠯᠤᠰ | ᠲᠥᠷᠥ ᠶᠢᠨ ᠬᠢᠴᠢᠶᠡᠯ ᠢ ᠦᠷᠭᠦᠯᠵᠢᠯᠡᠨ ᠰᠠᠶᠢᠳᠦᠷ ᠡᠷᠬᠢᠯᠡᠵᠦ᠂ ᠤᠨᠴᠠᠯᠢᠬᠳᠤ ᠡᠬᠢ ᠪᠠᠶᠠᠯᠢᠭ ᠢ ᠰᠠᠶᠢᠲᠤᠷ ᠬᠡᠷᠡᠭᠯᠡᠨ | ᠤᠮᠠᠷᠠᠲᠤ ᠬᠢᠯᠢ ᠶᠢᠨ ᠰᠣᠶᠣᠯ ᠢ ᠰᠠᠶᠢᠲᠤᠷ ᠶᠠᠷᠢᠵᠤ᠂ ᠰᠤᠷᠤᠭᠴᠢᠳ ᠤᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ ᠤᠨ ᠤᠶᠢᠯᠠᠭᠠᠯᠲᠠ ᠶᠢ ᠨᠡᠮᠡᠭᠳᠡᠭᠦᠯᠵᠦ᠂ ᠰᠤᠷᠤᠭᠴᠢᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠵᠦ᠂ ᠰᠤᠷᠤᠭᠴᠢᠳ ᠢ | ᠤᠬᠠᠮᠰᠠᠷ ᠠᠴᠠ ᠪᠠᠨ ᠳᠤᠮᠳᠠᠳᠤ ᠶᠢᠨ ᠰᠣᠶᠣᠯ ᠤᠨ ᠰᠠᠬᠢᠨ ᠬᠠᠮᠠᠭᠠᠯᠠᠭᠴᠢ᠂ ᠤᠯᠠᠮᠵᠢᠯᠠᠭᠴᠢ ᠪᠠ ᠪᠠᠳᠠᠷᠠᠭᠤᠯᠤᠭᠴᠢ | ᠪᠤᠯᠭᠠᠬᠤ ᠪᠠᠷ ᠴᠢᠷᠮᠠᠶᠢᠬᠤ ᠪᠤᠯᠦᠨ᠎ᠠ᠃ ︵ᠯᠢᠶᠠᠨ ᠪᠤᠤ︶ | | | | | |