| ︵ᠰᠤᠷᠪᠤᠯᠵᠢᠯᠠᠭᠴᠢ ᠴᠤᠯᠮᠤᠨ︶ ᠰᠢ ᠶᠢᠨ ᠫᠢᠩ ᠤᠨ ᠰᠤᠶᠤᠯ ᠤᠨ ᠦᠵᠡᠯ ᠰᠠᠨᠠᠭ᠎ᠠ ᠶᠢ ᠬᠦᠨᠵᠡᠭᠡᠢ | ᠰᠤᠷᠤᠯᠴᠠᠨ ᠲᠤᠭᠤᠰᠢᠯᠠᠭᠤᠯᠵᠤ᠂ ︽ᠤᠮᠠᠷᠠᠳᠤ ᠬᠢᠯᠢ ᠶᠢᠨ ᠰᠤᠶᠤᠯ︾ ᠤᠨ ᠨᠡᠷᠡᠳᠤ ᠲᠡᠮᠳᠡᠭᠳᠤ ᠶᠢ ᠬᠦᠴᠤᠯᠡᠨ | ᠡᠬᠦᠳᠴᠤ᠂ ᠪᠤᠳᠠᠰ ᠤᠨ ᠪᠤᠰᠤ ᠰᠤᠶᠤᠯ ᠤᠨ ᠦᠪ ᠢ ᠤᠯᠠᠮᠵᠢᠯᠠᠬᠤ ᠡᠩᠨᠡᠭᠡ ᠶᠢᠨ ᠪᠦᠳᠤᠭᠡᠨ ᠪᠠᠶᠢᠭᠤᠯᠤᠯᠳᠠ ᠪᠠᠨ | ᠴᠢᠩᠭᠠᠳᠬᠠᠨ᠂ ᠲᠦᠷᠪᠡᠨ ᠤᠳᠠᠰᠤᠳᠤ ᠬᠤᠭᠤᠷ ᠬᠦᠭᠵᠢᠮ ᠢ ᠤᠯᠠᠮᠵᠢᠯᠠᠬᠤ ᠪᠠ ᠬᠦᠭᠵᠢᠬᠦᠯᠬᠦ ᠪᠠᠷ᠂ ᠬᠢᠩᠭᠠᠨ | ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠬᠢᠩᠭᠠᠨ ᠠᠶᠢᠮᠠᠭ ᠤᠨ ᠤᠯᠠᠭᠠᠨᠮᠦ᠋ᠴᠢᠷ᠂ ᠬᠢᠩᠭᠠᠨ | ᠠᠶᠢᠮᠠᠭ ᠤᠨ ᠰᠤᠶᠤᠯ ᠤᠨ ᠤᠷᠳᠤᠨ᠂ ᠬᠢᠩᠭᠠᠨ ᠠᠶᠢᠮᠠᠭ ᠤᠨ ᠬᠦᠭᠵᠢᠮᠴᠢᠨ ᠤ ᠨᠡᠶᠢᠭᠡᠮᠯᠢᠭ ᠠᠴᠠ ᠬᠠᠮᠳᠤᠷᠠᠨ | ᠡᠷᠬᠢᠯᠡᠭᠰᠡᠨ ᠬᠤᠶᠠᠳᠤᠭᠠᠷ ᠬᠤᠭᠤᠴᠠᠭᠠᠨ ᠤ ᠪᠤᠳᠠᠰ ᠤᠨ ᠪᠤᠰᠤ ᠰᠤᠶᠤᠯ ᠤᠨ ᠦᠪ ᠤᠨ ᠬᠢᠩᠭᠠᠨ ᠠᠶᠢᠮᠠᠭ ᠤᠨ | ᠲᠦᠷᠪᠡᠨ ᠤᠳᠠᠰᠤᠳᠤ ᠬᠤᠭᠤᠷ ᠤᠨ ᠨᠡᠶᠢᠭᠡᠮᠯᠢᠭ ᠤᠨ ᠭᠡᠰᠢᠬᠦᠨ ᠰᠠᠶᠢᠵᠢᠷᠠᠬᠤ᠄ ︽ᠲᠤᠰ ᠤᠳᠠᠭᠠᠨ ᠤ | ᠪᠤᠯᠪᠠᠰᠤᠷᠠᠯ ᠤᠨ ᠠᠩᠬᠢ ᠳᠤ ᠤᠷᠤᠯᠴᠠᠭᠠᠳ ᠤᠯᠤᠯᠳᠠ ᠶᠡᠭᠡ ᠪᠠᠶᠢᠨ᠎ᠠ᠃ 9 ᠡᠳᠤᠷ ᠤᠨ ᠬᠤᠭᠤᠴᠠᠭᠠᠨ ᠳᠤ ᠪᠢᠳᠠ | ᠦᠯᠢᠭᠡᠷ ᠤᠨ ᠠᠶᠠᠰ ᠵᠡᠷᠭᠡ ᠶᠢ ᠪᠠᠭᠰᠢ ᠶᠢᠨ ᠵᠢᠯᠤᠭᠤᠳᠤᠯᠭ᠎ᠠ ᠲᠤᠤᠷ᠎ᠠ ᠰᠢᠰᠲ᠋ᠧᠮ ᠲᠠᠢ ᠰᠤᠷᠤᠯᠴᠠᠨ᠂ ᠬᠤᠵᠢᠮ ᠤᠨ | ᠲᠦᠷᠪᠡᠨ ᠤᠳᠠᠰᠤᠳᠤ ᠬᠤᠭᠤᠷ ᠬᠦᠭᠵᠢᠮᠳᠡᠬᠦ ᠳᠤ ᠲᠦᠢᠯ ᠤᠨ ᠶᠡᠭᠡ ᠬᠠᠪᠰᠤᠷᠤᠮᠵᠢ ᠪᠤᠯᠪᠠ︾ ᠭᠡᠵᠤ | ᠪᠤᠯᠪᠠᠰᠤᠷᠠᠯ ᠳᠤ ᠤᠷᠤᠯᠴᠠᠭᠰᠠᠨ ᠲᠦᠷᠥᠭᠳᠡᠯ ᠢᠶᠠᠨ ᠬᠤᠪᠢᠶᠠᠯᠴᠠᠨ᠎ᠠ᠃ | ︽ᠪᠢᠳᠠ ᠬᠤᠶᠠᠳᠤᠭᠠᠷ ᠬᠤᠭᠤᠴᠠᠭᠠᠨ ᠤ ᠪᠤᠳᠠᠰ ᠤᠨ ᠪᠤᠰᠤ ᠰᠤᠶᠤᠯ ᠤᠨ ᠦᠪ ᠤᠨ ᠮᠤᠩᠭᠤᠯ | ᠦᠨᠳᠤᠰᠤᠳᠡᠨ ᠤ ᠲᠦᠷᠪᠡᠨ ᠤᠳᠠᠰᠤᠳᠤ ᠬᠤᠭᠤᠷ ᠬᠦᠭᠵᠢᠮ ᠤᠨ ᠪᠤᠯᠪᠠᠰᠤᠷᠠᠯ ᠤᠨ ᠠᠩᠬᠢ ᠶᠢ ᠡᠷᠬᠢᠯᠡᠵᠤ᠂ ᠨᠢᠭᠡ | ᠲᠠᠯ᠎ᠠ ᠪᠠᠷ ᠲᠤᠰ ᠤᠳᠠᠭᠠᠨ ᠤ ᠪᠤᠯᠪᠠᠰᠤᠷᠠᠯ ᠢᠶᠠᠷ ᠲᠡᠮᠵᠢᠨ ᠰᠤᠷᠤᠯᠴᠠᠭᠴᠢ ᠶᠢᠨ ᠬᠦᠭᠵᠢᠮᠳᠡᠬᠦ ᠤᠷ᠎ᠠ ᠮᠡᠷᠭᠡᠵᠢᠯ ᠢ | ᠲᠡᠭᠡᠭᠰᠢᠯᠡᠬᠦᠯᠤᠨ᠂ ᠨᠦᠬᠦᠭᠡ ᠲᠠᠯ᠎ᠠ ᠪᠠᠷ ᠨᠡᠩ ᠤᠯᠠᠨ ᠬᠦᠮᠤᠨ ᠤ ᠲᠦᠷᠪᠡᠨ ᠤᠳᠠᠰᠤᠳᠤ ᠬᠤᠭᠤᠷ ᠤᠨ ᠤᠷᠮ᠎ᠠ | ᠪᠠᠬ᠎ᠠ ᠶᠢ ᠬᠦᠭᠵᠢᠭᠡᠬᠦ ᠪᠠᠷ ᠵᠤᠷᠢᠯᠭ᠎ᠠ ᠪᠠᠨ ᠪᠤᠯᠭᠠᠵᠠᠢ︾ ᠭᠡᠵᠤ ᠠᠶᠢᠮᠠᠭ ᠤᠨ ᠰᠤᠶᠤᠯ ᠤᠨ ᠤᠷᠳᠤᠨ ᠤ ᠲᠡᠳ᠋ | ᠲᠠᠷᠤᠭ᠎ᠠ ᠪᠠᠢ ᠹᠧᠩ ᠲᠠᠨᠢᠯᠴᠠᠭᠤᠯᠤᠨ᠎ᠠ᠃ | ᠲᠤᠰ ᠤᠳᠠᠭᠠᠨ ᠤ ᠪᠤᠯᠪᠠᠰᠤᠷᠠᠯ ᠤᠨ ᠠᠩᠬᠢ ᠨᠢ 4 ᠰᠠᠷ᠎ᠠ ᠶᠢᠨ 7 — 15 ᠤ ᠡᠳᠤᠷ ᠪᠤᠯᠳᠠᠯ᠎ᠠ 9 | ᠡᠳᠤᠷ ᠤᠨ ᠬᠤᠭᠤᠴᠠᠭ᠎ᠠ ᠲᠠᠢ ᠶᠠᠪᠤᠭᠳᠠᠵᠤ᠂ ᠪᠦᠬᠦ ᠠᠶᠢᠮᠠᠭ ᠤᠨ ᠲᠦᠷᠪᠡᠨ ᠤᠳᠠᠰᠤᠳᠤ ᠬᠤᠭᠤᠷ ᠲᠤ ᠲᠤᠷ᠎ᠠ | ᠪᠠᠬ᠎ᠠ ᠲᠠᠢ ᠬᠦᠮᠤᠰ ᠢᠳᠡᠪᠬᠢᠯᠡᠨ ᠤᠷᠤᠯᠴᠠᠵᠤ᠂ ᠦᠪᠡᠷᠳᠡᠭᠡᠨ ᠵᠠᠰᠠᠬᠤ ᠤᠷᠤᠨ ᠤ ᠰᠢᠭᠤᠳ ᠬᠠᠷᠢᠶ᠎ᠠ | ᠤᠯᠠᠭᠠᠨᠮᠦ᠋ᠴᠢᠷ ᠤᠨ ᠨᠢᠭᠡᠳᠤᠭᠡᠷ ᠲᠡᠰ ᠤᠨ ᠬᠦᠭᠵᠢᠮᠴᠢᠨ ᠵᠤᠤ ᠴᠠᠩ ᠹᠦ᠋ ᠶᠢ ᠤᠷᠢᠵᠤ ᠬᠢᠴᠢᠶᠡᠯ ᠤᠷᠤᠭᠤᠯᠤᠭᠰᠠᠨ | ᠪᠠᠶᠢᠨ᠎ᠠ᠃ | | | | | |