ᠬᠢᠩᠭᠠᠨ ᠠᠶᠢᠮᠠᠭ ᠤᠨ ᠨᠠᠮ ᠤᠨ ᠬᠤᠷᠢᠶ᠎ᠠ ᠭᠠᠵᠠᠷ ᠤᠨ ᠲᠠᠰ ᠤᠨ ᠵᠠᠯᠠᠭᠤ ᠺᠠᠳ᠋ᠷᠴᠤᠳ ᠲᠤ ᠲᠥᠪ ᠤᠨ ᠨᠠᠢᠮᠠᠨ ᠲᠣᠭᠲᠠᠭᠠᠯ ᠢ ᠭᠦᠨᠵᠡᠭᠡᠶ ᠰᠤᠷᠤᠯᠴᠠᠨ ᠳᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠬᠦ᠋ᠷᠳᠡᠭᠡᠵᠡᠢ
ᠨᠡᠶᠢᠲᠡᠯᠡᠭᠰᠡᠨ ᠴᠠᠭ᠄
2025/4/21
        ᠤᠶᠢᠷ᠎ᠠ ᠳᠤ᠂ ᠠᠶᠢᠮᠠᠭ ᠤᠨ ᠨᠠᠮ ᠤᠨ ᠬᠤᠷᠢᠶ᠎ᠠ ᠭᠠᠵᠠᠷ ᠤᠨ ᠳᠡᠰ ᠤᠨ ᠵᠠᠯᠠᠭᠤ ᠺᠠᠳ᠋ᠷᠴᠤᠳ ᠲᠤ ᠲᠥᠪ ᠤᠨ ᠨᠠᠢᠮᠠᠨ ᠲᠣᠭᠲᠠᠭᠠᠯ ᠢ ᠭᠦᠨᠵᠡᠭᠡᠶ ᠰᠤᠷᠤᠯᠴᠠᠨ ᠳᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠬᠦ᠋ᠷᠳᠡᠭᠡᠬᠦ ᠠᠵᠢᠯᠯᠠᠭ᠎ᠠ ᠡᠷᠬᠢᠯᠡᠪᠡ᠃ ᠠᠵᠢᠯᠯᠠᠭ᠎ᠠ ᠨᠢ ᠳᠠᠭᠠᠭᠤᠯᠤᠨ ᠤᠩᠰᠢᠬᠤ ᠳᠠᠭᠠᠭᠤᠯᠤᠨ ᠰᠤᠷᠤᠯᠴᠠᠬᠤ᠂ ᠸᠢᠳᠢᠣ᠋ ᠪᠠᠷ ᠰᠤᠷᠤᠯᠴᠠᠬᠤ᠂ ᠲᠥᠪᠯᠡᠷᠡᠭᠦᠯᠦᠨ ᠥᠪᠡᠰᠦᠪᠡᠨ ᠰᠤᠷᠤᠯᠴᠠᠬᠤ ᠶᠢ ᠤᠶᠠᠯᠳᠤᠭᠤᠯᠬᠤ ᠵᠡᠷᠭᠡ ᠠᠷᠭ᠎ᠠ ᠬᠡᠯᠪᠡᠷᠢ ᠪᠠᠷ ᠶᠠᠪᠤᠭᠳᠠᠵᠤ᠂ 6 ᠬᠤᠰᠢᠭᠤ ᠰᠢᠶᠠᠨ ᠬᠤᠲᠠ᠂ 35 ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ 70 ᠨᠡᠷᠡᠰ ᠭᠠᠵᠠᠷ ᠤᠨ ᠲᠠᠰ ᠤᠨ ᠵᠠᠯᠠᠭᠤ ᠺᠠᠳ᠋ᠷ ᠣᠷᠣᠯᠴᠠᠵᠠᠶ᠃        ᠠᠵᠢᠯᠯᠠᠭ᠎ᠠ ᠳᠤ᠂ ᠵᠠᠯᠠᠭᠤ ᠺᠠᠳ᠋ᠷᠴᠤᠳ ᠢ ᠪᠠᠴᠢᠮ ᠲᠤᠯᠭᠠᠮ᠎ᠠ ᠰᠡᠳᠭᠢᠯᠭᠡ ᠪᠤᠯᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠴᠢᠨᠠᠷ ᠢ ᠭᠦᠨᠵᠡᠭᠡᠢ ᠲᠠᠨᠢᠬᠤ ᠬᠡᠷᠡᠭᠳᠡᠢ᠃ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠦᠨ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠴᠢᠩᠭᠠᠳᠬᠠᠵᠤ᠂ ᠰᠢᠯᠢᠳᠡᠭ ᠰᠤᠷᠲᠠᠯ ᠢᠶᠠᠷ ᠰᠡᠳᠭᠢᠯ ᠢᠶᠠᠨ ᠨᠢᠭᠡᠳᠭᠡᠨ ᠬᠦᠴᠦᠨ ᠢᠶᠠᠨ ᠬᠠᠮᠲᠤᠳᠬᠠᠵᠤ᠂ ᠠᠵᠢᠯ ᠬᠢᠵᠦ ᠠᠳᠠᠯ ᠦᠢᠯᠡᠰ ᠴᠣᠭᠴᠠᠯᠠᠬᠤ ᠬᠡᠷᠡᠭᠲᠡᠶ᠃ ᠬᠠᠷᠢᠭᠤᠴᠠᠯᠭᠠᠲᠤ ᠰᠡᠳᠭᠢᠯᠭᠡ ᠪᠠᠨ ᠴᠢᠩᠭᠠᠳᠬᠠᠵᠤ᠂ ᠤᠬᠠᠮᠰᠠᠷ ᠠᠴᠠ ᠪᠠᠨ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠲᠠᠢ ᠬᠠᠷᠢᠴᠠᠭᠤᠯᠤᠨ ᠪᠡᠶ᠎ᠡ ᠪᠠᠨ ᠪᠠᠶᠢᠴᠠᠭᠠᠨ ᠥᠪᠡᠷ ᠢ ᠪᠠᠨ ᠲᠥᠪ ᠪᠣᠯᠭᠠᠵᠤ᠂ ᠦᠵᠡᠯ ᠰᠠᠨᠠᠭᠠᠨ ᠤ ᠲᠠᠯ᠎ᠠ ᠪᠠᠷ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠲᠤᠯᠭᠠᠮ᠎ᠠ ᠰᠡᠳᠭᠢᠯᠭᠡ ᠲᠠᠢ ᠪᠠᠶᠢᠵᠤ᠂ ᠠᠵᠢᠯᠯᠠᠭ᠎ᠠ ᠶᠢᠨ ᠲᠠᠯ᠎ᠠ ᠪᠠᠷ ᠢᠯᠵᠠᠷᠡᠬᠤ ᠶᠢ ᠰᠡᠷᠭᠡᠶᠢᠯᠡᠵᠦ ᠬᠤᠪᠢᠷᠠᠬᠤ ᠶᠢ ᠡᠰᠡᠷᠭᠦᠴᠡᠬᠦ ᠤᠬᠠᠮᠰᠠᠷᠲᠤ ᠴᠢᠨᠠᠷ ᠢᠶᠠᠨ ᠴᠢᠩᠭᠠᠳᠬᠠᠬᠤ ᠬᠡᠷᠡᠭᠲᠡᠢ ᠭᠡᠵᠡᠢ᠃        ᠵᠠᠯᠠᠭᠤ ᠺᠠᠳ᠋ᠷᠴᠤᠳ ᠲᠤᠰ ᠤᠳᠠᠭᠠᠨ ᠤ ᠠᠵᠢᠯᠯᠠᠭ᠎ᠠ ᠳᠤ ᠣᠷᠣᠯᠴᠠᠬᠤ ᠪᠠᠷ ᠳᠠᠮᠵᠢᠨ ᠨᠢᠭᠡ ᠤᠳᠠᠭᠠᠨ ᠤ ᠲᠥᠪ ᠴᠢᠩᠭ᠎ᠠ ᠨᠠᠮᠴᠢ ᠴᠢᠨᠠᠷ ᠤᠨ ᠪᠣᠯᠪᠠᠰᠤᠷᠠᠯ ᠢ ᠭᠥᠷᠳᠡᠵᠦ᠂ ᠲᠥᠪ ᠤᠨ ᠨᠠᠢᠮᠠᠨ ᠲᠣᠭᠲᠠᠭᠠᠯ ᠢ ᠳᠤᠭᠤᠰᠢᠯᠠᠭᠤᠯᠬᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ ᠭᠡᠵᠦ ᠤᠯᠠᠨ ᠢᠶᠠᠷ ᠢᠶᠠᠨ ᠢᠯᠡᠳᠭᠡᠵᠡᠭᠡᠵᠦ ᠪᠠᠶᠢᠯ᠎ᠠ᠃ ︵ᠴᠠᠩ ᠬᠠᠢ ᠳ᠋ᠢ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号