ᠬᠢᠩᠭᠠᠨ ᠠᠶᠢᠮᠠᠭ ᠤᠨ ᠡᠮᠡᠭᠳᠠᠶᠢᠴᠤᠳ ᠤᠨ ᠬᠤᠯᠪᠤᠭ᠎ᠠ ︽ᠬᠠᠶᠢᠷ᠎ᠠ ᠰᠡᠳᠬᠢᠯᠳᠦ ᠡᠵᠢ︾ ᠶᠢᠨ ᠰᠠᠶᠢᠨ ᠳᠤᠷ᠎ᠠ ᠶᠢᠨ ᠦᠢᠯᠡᠴᠢᠯᠡᠭᠡ ᠪᠠᠷ ᠬᠦᠴᠢᠷᠳᠡᠯ ᠳᠤ ᠲᠤᠯᠭᠠᠷᠠᠭᠰᠠᠨ ᠬᠡᠤᠬᠡᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠬᠦᠴᠦᠨ ᠨᠡᠮᠡᠷᠢᠯᠡᠵᠦ ᠪᠤᠢ
ᠨᠡᠶᠢᠲᠡᠯᠡᠭᠰᠡᠨ ᠴᠠᠭ᠄
2025/4/21
        ᠬᠢᠩᠭᠠᠨ ᠠᠶᠢᠮᠠᠭ ᠤᠨ ᠡᠮᠡᠭᠲᠡᠶᠢᠴᠦᠳ ᠤᠨ ᠬᠤᠯᠪᠣᠭ᠎ᠠ ᠪᠣᠯᠪᠠᠰᠤᠨ ᠰᠢᠨ᠎ᠡ ᠬᠡᠪ ᠰᠤᠷᠲᠠᠯ ᠢ ᠪᠤᠢ ᠪᠣᠯᠭᠠᠬᠤ ᠂ ᠰᠢᠯᠢᠳᠡᠭ ᠭᠡᠷ ᠤᠨ ᠰᠤᠷᠲᠠᠯ ᠢ ᠪᠠᠳᠠᠷᠠᠭᠤᠯᠬᠤ ᠶᠢ ᠤᠷᠢᠶᠠᠯᠠᠨ ᠴᠤᠤᠷᠢᠶᠠᠳᠤᠵᠦ᠂ ︽ᠬᠠᠶᠢᠷ᠎ᠠ ᠰᠡᠳᠬᠢᠯᠳᠦ ᠡᠵᠢ︾ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢ ᠪᠠᠶᠢᠭᠤᠯᠤᠨ᠂ ᠨᠡᠶᠢᠭᠡᠮ ᠨᠡᠶᠢᠳᠡ ᠳᠤ ᠬᠠᠶᠢᠷ᠎ᠠ ᠬᠠᠯᠠᠮᠵᠢ ᠳᠠᠮᠵᠢᠭᠤᠯᠵᠦ ᠪᠠᠶᠢᠭ᠎ᠠ ᠶᠤᠮ᠃ ᠤᠶᠢᠷ᠎ᠠ ᠶᠢᠨ ᠡᠳᠦᠷ᠂ ᠬᠢᠩᠭᠠᠨ ᠠᠶᠢᠮᠠᠭ ᠤᠨ ᠡᠮᠡᠭᠳᠠᠶᠢᠴᠤᠳ ᠤᠨ ᠬᠤᠯᠪᠤᠭ᠎ᠠ ᠶᠢᠨ ᠬᠢᠨ ᠤᠯᠠᠭᠠᠨᠬᠤᠲᠠ ᠶᠢᠨ ᠳᠡᠭᠦᠯᠢᠨ ᠵᠡᠭᠡᠯᠢ ᠶᠢᠨ ᠬᠡᠷᠡᠭ ᠡᠷᠬᠢᠯᠡᠬᠦ ᠭᠠᠵᠠᠷ ᠲᠤ᠂ ᠰᠠᠶᠢᠨ ᠳᠤᠷᠠᠴᠤᠤᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠬᠦᠴᠢᠷᠳᠡᠯ ᠳᠤ ᠲᠤᠯᠭᠠᠷᠠᠭᠰᠠᠨ ᠬᠡᠤᠬᠡᠳ ᠤᠨ ᠦᠰᠦᠨ ᠪᠤᠶᠢᠵᠢᠯᠲᠠ ᠳᠤ ᠬᠦᠴᠦᠨ ᠨᠡᠮᠡᠷᠢᠯᠡᠬᠦ ᠪᠤᠯᠪᠠᠰᠤᠷᠠᠯ ᠤᠨ ᠠᠩᠬᠢ ᠡᠷᠬᠢᠯᠡᠵᠦ᠂ ︽ᠬᠠᠶᠢᠷ᠎ᠠ ᠰᠡᠳᠬᠢᠯᠳᠦ ᠡᠵᠢ ︾ ᠶᠢᠨ ᠦᠢᠯᠡᠴᠢᠯᠡᠭᠡᠨ ᠤ ᠠᠩᠬᠢ ᠶᠢᠨ 70 ᠭᠠᠷᠤᠢ ᠭᠡᠰᠢᠬᠦᠨ ᠳᠤ ᠪᠤᠯᠪᠠᠰᠤᠷᠠᠯ ᠬᠦᠷᠳᠡᠭᠡᠪᠡ᠃        ︽ᠬᠠᠪᠰᠤᠷᠤᠨ ᠲᠡᠳᠬᠦᠬᠦ ᠡᠲᠡᠭᠡᠳ ᠨᠢᠭᠡᠪᠦᠷᠢ ᠪᠣᠯ ᠴᠥᠮ ᠥᠪᠡᠷᠮᠢᠴᠡ ᠪᠣᠳᠠᠭᠠᠯᠢ ᠪᠡᠶ᠎ᠡ ᠮᠥᠨ᠂ ᠳᠡᠳᠡᠨᠡᠷ ᠲᠤ ᠬᠠᠶᠢᠷ᠎ᠠ ᠬᠠᠯᠠᠮᠵᠢ ᠬᠦᠷᠲᠡᠭᠡᠬᠦ ᠮᠥᠷᠲᠡᠭᠡᠨ ᠰᠡᠳᠭᠢᠯ ᠢ ᠨᠢ ᠳᠤᠯᠠᠭᠠᠴᠠᠭᠤᠯᠬᠤ ᠬᠡᠷᠡᠭᠲᠡᠢ︾ ᠭᠡᠵᠦ ᠲᠦᠴᠢᠦᠸᠠᠨ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠶᠢᠨ ᠲᠡᠷᠢᠭᠦᠯᠡᠭᠴᠢ ᠯᠢ ᠵᠢᠶᠦ᠋ᠨ ᠰᠠᠶᠢᠨ ᠳᠤᠷᠠᠴᠤᠤᠯ ᠳᠤ ᠪᠤᠯᠪᠠᠰᠤᠷᠠᠯ ᠬᠦᠷᠳᠡᠭᠡᠵᠦ ᠪᠠᠶᠢᠯ᠎ᠠ᠃ ᠳᠡᠷᠡ ᠣᠯᠠᠨ ᠵᠢᠯ ᠤᠨ ᠦᠨᠳᠦᠰᠦᠨ ᠱᠠᠲᠤᠨ ᠤ ᠦᠢᠯᠡᠴᠢᠯᠡᠭᠡᠨ ᠤ ᠲᠤᠷᠰᠢᠯᠭ᠎ᠠ ᠪᠠᠨ ᠠᠰᠢᠬᠯᠠᠨ᠂ ᠦᠨᠡᠨ ᠪᠣᠳᠠᠲᠠᠶ ᠬᠡᠷᠡᠭ ᠤᠨ ᠵᠢᠱᠢᠶ᠎ᠡ ᠪᠠᠷ ᠳᠠᠮᠵᠢᠭᠤᠯᠤᠨ ᠰᠠᠶᠢᠨ ᠳᠤᠷᠠᠴᠤᠤᠯ ᠢ ᠵᠢᠯᠣᠭᠤᠳᠤᠨ ᠬᠡᠷ ᠲᠡᠭᠡᠨ ᠦᠯᠡᠳᠡᠵᠦ ᠬᠤᠴᠣᠷᠤᠭᠰᠠᠨ ᠪᠠ ᠬᠦᠴᠢᠷᠳᠡᠯ ᠳᠤ ᠲᠤᠯᠭᠠᠷᠠᠭᠰᠠᠨ ᠬᠡᠤᠬᠡᠳ ᠢ ᠭᠡᠷᠬᠢᠨ ᠬᠠᠪᠰᠤᠷᠤᠨ ᠳᠡᠳᠬᠦᠬᠦ᠂ ᠪᠡᠶ᠎ᠠ ᠰᠡᠳᠬᠢᠴᠡ ᠶᠢᠨ ᠡᠷᠡᠬᠦᠯ ᠢᠶᠠᠷ ᠬᠦᠭᠵᠢᠬᠦ ᠶᠢ ᠠᠬᠢᠭᠤᠯᠬᠤ ᠳᠤᠬᠠᠢ ᠶᠠᠷᠢᠵᠦ ᠳᠠᠶᠢᠯᠪᠤᠷᠢᠯᠠᠬᠰᠠᠨ ᠪᠠᠶᠢᠨ᠎ᠠ᠃ ᠬᠢᠩᠭᠠᠨ ᠠᠶᠢᠮᠠᠭ ᠤᠨ ᠬᠡᠷ ᠪᠦᠯᠢ ᠶᠢᠨ ᠰᠤᠷᠭᠠᠨ ᠬᠥᠮᠦᠵᠢᠯ ᠤᠨ ᠵᠢᠯᠣᠭᠤᠳᠬᠤ ᠲᠥᠪ ᠤᠨ ᠪᠠᠭᠰᠢ ᠠᠴᠠ ᠪᠠᠰᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠷ ᠪᠦᠯᠢ ᠶᠢᠨ ᠰᠤᠷᠭᠠᠨ ᠬᠥᠮᠦᠵᠢᠯ ᠢ ᠠᠬᠢᠭᠤᠯᠬᠤ ᠬᠠᠤᠯᠢ︾ ᠪᠠ ᠣᠲᠣ ᠦᠶ᠎ᠡ ᠶᠢᠨ ᠬᠡᠷ ᠪᠦᠯᠢ ᠶᠢᠨ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠢ ᠰᠢᠰᠲ᠋ᠧᠮ ᠲᠠᠢ ᠲᠠᠶᠢᠯᠪᠤᠷᠢᠯᠠᠪᠠ᠃        ᠮᠠᠨ ᠤ ᠠᠶᠢᠮᠠᠭ ᠨᠢᠭᠡᠨᠲᠡ 1217 ᠬᠥᠮᠦᠨ ᠤ ︽ᠬᠠᠶᠢᠷ᠎ᠠ ᠰᠡᠳᠬᠢᠯᠳᠦ ᠡᠵᠢ︾ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠣᠤᠷ ᠢ ᠪᠠᠶᠢᠭᠤᠯᠵᠤ᠂ ᠬᠠᠶᠢᠷ᠎ᠠ ᠬᠠᠯᠠᠮᠵᠢ ᠶᠢᠨ ᠠᠵᠢᠯᠯᠠᠭ᠎ᠠ ᠶᠢ ᠨᠡᠶᠢᠲᠡ 50 ᠲᠠᠯᠠᠪᠤᠷ ᠤᠳᠠᠭ᠎ᠠ ᠥᠷᠨᠢᠭᠦᠯᠵᠦ᠂ ᠬᠦᠴᠢᠷᠳᠡᠯ ᠳᠤ ᠲᠤᠯᠭᠠᠷᠠᠭᠰᠠᠨ 997 ᠬᠡᠤᠬᠡᠳ ᠲᠤ ᠠᠰᠢᠭ ᠬᠦᠷᠲᠡᠭᠡᠵᠦ᠂ ︽ᠪᠣᠯᠪᠠᠰᠤᠷᠠᠯ + ᠦᠢᠯᠡᠳᠦᠯᠭᠡ︾ ᠶᠢᠨ ᠲᠣᠭᠲᠠᠴᠠ ᠶᠢ ᠪᠣᠶ ᠪᠣᠯᠭᠠᠪᠠ᠃ 2025 ᠣᠨ ᠳᠤ᠂ ᠬᠢᠩᠭᠠᠨ ᠠᠶᠢᠮᠠᠭ ᠤᠨ ᠡᠮᠡᠭᠲᠡᠶᠢᠴᠦᠳ ᠤᠨ ᠬᠤᠯᠪᠣᠭ᠎ᠠ ᠨᠢᠭᠡᠨᠲᠡ ᠭᠤᠷᠪᠠᠨ ᠬᠤᠭᠤᠴᠠᠭᠠᠨ ᠤ ︽ᠬᠠᠶᠢᠷ᠎ᠠ ᠰᠡᠳᠬᠢᠯᠳᠦ ᠡᠵᠢ︾ ᠶᠢᠨ ᠲᠤᠰᠬᠠᠶ ᠰᠡᠳᠦᠪᠲᠦ ᠪᠣᠯᠪᠠᠰᠤᠷᠠᠯ ᠢ ᠡᠷᠭᠢᠯᠡᠵᠦ᠂ 200 ᠭᠠᠷᠤᠢ ᠰᠠᠶᠢᠨ ᠳᠤᠷᠠᠴᠤᠤᠯ ᠢ ᠬᠥᠮᠦᠵᠢᠭᠦᠯᠵᠡᠶ᠃ ︵ᠯᠢᠤᠢ ᠪᠢᠩ ᠵᠢᠤᠸᠠᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号