| 4 ᠰᠠᠷ᠎ᠠ ᠶᠢᠨ 15 ᠤ ᠡᠳᠦᠷ᠂ ᠬᠢᠩᠭᠠᠨ ᠠᠶᠢᠮᠠᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠡᠭᠦᠳᠡᠨ | ᠡᠮᠨᠡᠯᠭᠡ ᠶᠢᠨ ᠠᠰᠠᠷ ᠤᠨ ᠶᠡᠭᠡ ᠲᠢᠩᠬᠢᠮ ᠳᠠᠭᠠᠨ 31 ᠳ᠋ᠦ᠋ᠭᠡᠷ ᠬᠤᠭᠤᠴᠠᠭᠠᠨ ᠤ ᠪᠥᠬᠦ ᠤᠯᠤᠰ ᠤᠨ ᠬᠠᠪᠤᠳᠠᠷ ᠢ | ᠰᠡᠷᠭᠡᠶᠢᠯᠡᠨ ᠵᠠᠰᠠᠬᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠥᠷᠨᠢᠬᠦᠯᠪᠡ᠃ ᠠᠵᠢᠯᠯᠠᠭ᠎ᠠ ᠨᠢ ︽ᠰᠢᠨᠵᠢᠯᠡᠬᠦ | ᠤᠬᠠᠭᠠᠨᠴᠢ ᠪᠠᠷ ᠦᠮᠠᠨ ᠡᠪᠡᠳᠴᠢᠨ ᠢ ᠰᠡᠷᠭᠡᠶᠢᠯᠡᠵᠦ ᠡᠷᠡᠬᠦᠯ ᠴᠢᠬᠢᠷᠠᠭ ᠠᠮᠢᠳᠤᠷᠠᠯ ᠢ ᠡᠳ᠋ᠯᠡᠬᠦ︾ ᠪᠠᠷ ᠭᠤᠤᠯ ᠰᠡᠳᠦᠪ | ᠪᠣᠯᠭᠠᠵᠤ᠂ ᠣᠯᠠᠨ ᠡᠮᠴᠢᠯᠡᠭᠡᠨ ᠤ ᠰᠠᠯᠠᠭ᠎ᠠ ᠬᠤᠯᠪᠣᠭᠠᠯᠠᠨ ᠡᠮᠨᠡᠬᠦ᠂ ᠰᠦᠢᠳᠭᠡᠯ ᠬᠤᠷᠢᠶᠠᠬᠤ ᠥᠬᠡᠶ ᠪᠠᠷ ᠡᠷᠡᠭᠦᠯ | ᠮᠡᠨᠳᠦ ᠶᠢᠨ ᠪᠠᠶᠢᠴᠠᠭᠠᠯᠲᠠ ᠦᠷᠨᠢᠬᠦᠯᠬᠦ ᠵᠢᠴᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠪᠠᠷ | ᠳᠠᠮᠵᠢᠭᠤᠯᠤᠨ᠂ ᠬᠤᠲᠠ ᠶᠢᠨ ᠠᠷᠠᠳ ᠲᠤ ᠨᠢᠭᠡ ᠥᠷᠲᠡᠭᠡ ᠮᠠᠶ᠋ᠢᠭ ᠤᠨ ᠬᠠᠪᠤᠳᠠᠷ ᠢ ᠰᠡᠷᠭᠡᠶᠢᠯᠡᠨ ᠵᠠᠰᠠᠬᠤ | ᠦᠢᠯᠡᠴᠢᠯᠡᠭᠡ ᠬᠠᠩᠭᠠᠵᠤ᠂ ᠣᠯᠠᠨ ᠨᠡᠶᠢᠲᠡ ᠶᠢᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠳᠤ | ᠬᠦᠴᠦᠨ ᠨᠡᠮᠡᠷᠢᠯᠡᠪᠡ᠃ | ᠠᠵᠢᠯᠯᠠᠭ᠎ᠠ ᠶᠢᠨ ᠲᠤᠬᠠᠶ ᠶᠢᠨ ᠳᠠᠯᠠᠪᠤᠷ ᠲᠤ᠂ ᠬᠢᠨᠭ᠍ᠭᠠᠨ ᠠᠶᠢᠮᠠᠬ ᠤᠨ ᠠᠷᠠᠳ ᠤᠨ ᠡᠮᠨᠡᠯᠭᠡ ᠶᠢᠨ | ᠬᠤᠷᠢᠶ᠎ᠠ ᠶᠢᠨ ᠬᠠᠪᠤᠳᠠᠷ ᠤᠨ ᠳᠣᠲᠣᠷ ᠰᠠᠯᠠᠭ᠎ᠠ᠂ ᠬᠤᠳᠣᠭᠤᠳᠣ ᠭᠡᠳᠡᠰᠦᠨ ᠤ ᠭᠠᠳᠠᠷ ᠰᠠᠯᠠᠭ᠎ᠠ᠂ ᠴᠡᠭᠡᠵᠢ | ᠵᠢᠷᠦᠭᠡᠨ ᠤ ᠭᠠᠳᠠᠷ ᠰᠠᠯᠠᠭ᠎ᠠ᠂ ᠴᠢᠬᠢ ᠬᠠᠮᠠᠷ ᠬᠤᠭᠤᠯᠠᠶ ᠶᠢᠨ ᠰᠠᠯᠠᠭ᠎ᠠ᠂ ᠰᠢᠮ᠎ᠡ ᠲᠡᠵᠢᠭᠡᠯ ᠤᠨ ᠰᠠᠯᠠᠭ᠎ᠠ ᠵᠡᠷᠭᠡ 9 | ᠰᠠᠯᠠᠭ᠎ᠠ ᠲᠠᠰᠤᠭ ᠤᠨ ᠡᠷᠬᠡ ᠰᠦᠷᠲᠦ ᠲᠤᠰᠬᠠᠶ ᠮᠡᠷᠭᠡᠵᠢᠯᠲᠡᠨ ᠨᠢᠭᠡ ᠲᠢᠩᠬᠢᠮ ᠳᠤ ᠴᠤᠭᠯᠠᠷᠠᠵᠤ᠂ ᠬᠤᠲᠠ ᠶᠢᠨ | ᠠᠷᠠᠳ ᠲᠤ ᠪᠦᠬᠦ ᠳᠠᠯ᠎ᠠ ᠶᠢᠨ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠪᠠ᠃ ᠲᠤᠰᠬᠠᠶ ᠮᠡᠷᠭᠡᠵᠢᠯᠲᠡᠳ | ᠲᠤᠬᠠᠶ ᠶᠢᠨ ᠲᠠᠯᠠᠪᠤᠷ ᠲᠤ ᠤᠨᠤᠰᠢᠯᠠᠨ ᠡᠮᠴᠢᠯᠡᠭᠦ᠂ ᠡᠷᠡᠭᠦᠯ ᠮᠡᠨᠳᠦ ᠶᠢᠨ ᠵᠥᠪᠯᠡᠯᠭᠡ ᠥᠭᠬᠦ᠂ ᠪᠠᠶᠢᠴᠠᠭᠠᠯᠲᠠ ᠶᠢᠨ | ᠮᠡᠳᠡᠭᠦᠯᠦᠯᠲᠡ ᠶᠢᠨ ᠲᠠᠶᠢᠯᠤᠮᠵᠢ ᠬᠢᠬᠦ ᠵᠢᠴᠢ ᠬᠠᠪᠤᠳᠠᠷ ᠢ ᠰᠡᠷᠭᠡᠶᠢᠯᠡᠬᠦ ᠥᠪᠡᠷᠮᠢᠴᠡ ᠲᠥᠰᠦᠯ ᠢ ᠲᠣᠭᠲᠠᠭᠠᠨ᠂ | ᠡᠪᠡᠳᠴᠢᠲᠡᠨ ᠤ ᠪᠣᠳᠠᠲᠠᠶ ᠪᠠᠶᠢᠳᠠᠯ ᠳᠤ ᠴᠢᠭᠯᠡᠭᠦᠯᠦᠨ ᠰᠢᠨᠵᠢᠯᠡᠬᠦ ᠤᠬᠠᠭᠠᠨᠴᠢ ᠪᠠᠷ ᠣᠨᠣᠰᠢᠯᠠᠨ ᠡᠮᠴᠢᠯᠡᠭᠦ | ᠰᠠᠨᠠᠭᠤᠯᠭ᠎ᠠ ᠭᠠᠷᠭᠠᠪᠠ᠃ | ᠬᠠᠪᠤᠳᠠᠷ ᠢ ᠰᠡᠷᠬᠡᠶᠢᠯᠡᠨ ᠵᠠᠰᠠᠬᠤ ᠮᠡᠳᠡᠯᠬᠡ ᠶᠢ ᠲᠦᠬᠡᠮᠡᠯᠵᠢᠬᠦᠯᠬᠦ ᠶᠢᠨ ᠲᠦᠯᠦᠬᠡ᠂ ᠠᠵᠢᠯᠯᠠᠭᠠᠨ ᠨᠢ | ᠤᠨᠴᠠᠭᠠᠶᠢᠯᠠᠨ ᠠᠯᠪᠠᠨ ᠵᠢᠷᠤᠮ ᠤᠨ ᠰᠢᠭᠰᠢᠨ ᠪᠠᠶᠢᠴᠠᠭᠠᠬᠤ ᠲᠤᠰᠬᠠᠢ ᠤᠷᠤᠨ ᠭᠠᠷᠭᠠᠵᠤ᠂ ᠬᠤᠳᠠ ᠶᠢᠨ ᠠᠷᠠᠳ ᠲᠤ | ᠴᠢᠰᠤᠨ ᠲᠠᠷᠤᠯᠳᠠ᠂ ᠪᠠᠮᠪᠠᠢ ᠪᠤᠯᠴᠢᠷᠬᠠᠢ ᠶᠢᠨ ᠪᠠᠶᠢᠴᠠᠭᠠᠯᠳᠠ ᠵᠡᠷᠬᠡ ᠡᠩ ᠤᠨ ᠪᠠᠶᠢᠴᠠᠭᠠᠯᠳᠠ ᠶᠢᠨ ᠦᠢᠯᠡᠴᠢᠯᠡᠭᠡ | ᠬᠠᠨᠭ᠍ᠭᠠᠬᠤ ᠶᠢᠨ ᠬᠠᠮᠳᠤ ᠡᠷᠡᠬᠦᠯ ᠮᠡᠨᠳᠤ ᠶᠢᠨ ᠤᠬᠠᠭᠤᠯᠭ᠎ᠠ ᠶᠢᠨ ᠬᠠᠭᠤᠳᠠᠰᠦ ᠳᠠᠷᠬᠠᠭᠠᠵᠤ᠂ ᠬᠤᠤᠷᠳᠤ ᠬᠠᠪᠤᠳᠠᠷ ᠢ | ᠤᠷᠢᠳᠴᠢᠯᠡᠨ ᠰᠡᠷᠬᠡᠶᠢᠯᠡᠬᠦ᠂ ᠡᠪᠡᠳᠴᠢᠨ ᠤ ᠢᠯᠡᠷᠡᠯ ᠢ ᠢᠯᠭᠠᠨ ᠲᠤᠳᠤᠯᠠᠬᠤ ᠬᠠᠮᠢᠶ᠎ᠠ ᠪᠦᠬᠦᠢ ᠡᠮᠴᠢᠯᠡᠭᠡᠨ ᠤ | ᠮᠡᠳᠡᠯᠭᠡ ᠶᠢ ᠤᠯᠠᠮᠵᠢᠯᠠᠪᠠ᠃ ᠪᠦᠷᠢᠳᠭᠡᠯ ᠢ ᠦᠨᠳᠦᠰᠦᠯᠡᠪᠡᠯ᠂ ᠳᠤᠬᠠᠢ ᠶᠢᠨ ᠡᠳᠦᠷ ᠬᠤᠲᠠ ᠶᠢᠨ ᠠᠷᠠᠳ ᠤᠨ | ᠠᠰᠠᠭᠤᠨ ᠯᠠᠪᠯᠠᠯᠳᠠ ᠶᠢ ᠨᠡᠶᠢᠲᠡ 100 ᠭᠠᠷᠤᠶ ᠬᠥᠮᠦᠨ ᠤᠳᠠᠭ᠎ᠠ ᠭᠥᠯᠢᠶᠡᠨ ᠠᠪᠴᠤ᠂ ᠡᠷᠡᠭᠦᠯ ᠮᠡᠨᠳᠦ ᠶᠢᠨ | ᠤᠬᠠᠭᠤᠯᠭ᠎ᠠ ᠶᠢᠨ ᠬᠠᠭᠤᠳᠠᠰᠦ ᠶᠢ 120 ᠭᠠᠷᠤᠶ ᠬᠤᠪᠢ ᠲᠠᠷᠬᠠᠭᠠᠪᠠ᠃ | ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠨᠢ ᠬᠢᠩᠭᠠᠨ ᠠᠶᠢᠮᠠᠭ ᠤᠨ ᠠᠷᠠᠳ ᠤᠨ | ᠡᠮᠨᠡᠯᠭᠡ ᠶᠢᠨ ᠬᠤᠷᠢᠶᠠᠨ ᠤ ᠨᠡᠶᠢᠭᠡᠮ ᠤᠨ ᠬᠠᠷᠢᠭᠤᠴᠠᠯᠭ᠎ᠠ ᠶᠢ ᠦᠢᠯᠡᠳᠦᠯᠭᠡᠵᠢᠭᠦᠯᠬᠦ᠂ ᠣᠯᠠᠨ ᠲᠦᠮᠡᠨ ᠤ ᠡᠷᠡᠭᠦᠯ | ᠮᠡᠨᠳᠦ ᠳᠤ ᠦᠢᠯᠡᠴᠢᠯᠡᠬᠦ ᠴᠢᠬᠤᠯᠠ ᠠᠷᠭ᠎ᠠ ᠬᠡᠮᠵᠢᠶ᠎ᠡ ᠪᠤᠯᠬᠤ ᠶᠤᠮ᠃ ᠳᠠᠷᠠᠭᠠᠴᠢ ᠪᠠᠷ᠂ ᠬᠢᠨᠭ᠍ᠭᠠᠨ ᠠᠶᠢᠮᠠᠬ ᠤᠨ | ᠠᠷᠠᠳ ᠤᠨ ᠡᠮᠨᠡᠯᠭᠡ ᠶᠢᠨ ᠬᠤᠷᠢᠶ᠎ᠠ ᠨᠢ ᠣᠯᠠᠨ ᠡᠮᠴᠢᠯᠡᠭᠡᠨ ᠤ ᠰᠠᠯᠠᠭ᠎ᠠ ᠳᠠᠰᠤᠬ ᠤᠨ ᠬᠠᠮᠵᠢᠯᠴᠠᠭ᠎ᠠ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠡᠷᠡᠭᠦᠯ ᠮᠡᠨᠳᠦ ᠶᠢᠨ ᠦᠢᠯᠡᠴᠢᠯᠡᠭᠡᠨ ᠤ ᠠᠭᠤᠯᠤᠭᠳᠠᠬᠤᠨ ᠢ ᠥᠷᠭᠡᠳᠭᠡᠨ᠂ | ᠠᠷᠠᠳ ᠣᠯᠠᠨ ᠳᠤ ᠨᠠᠩ ᠴᠢᠨᠠᠷ ᠰᠠᠶᠢᠲᠠᠶ᠂ ᠳᠥᠭᠦᠮ ᠳᠥᠲᠡ ᠡᠮᠴᠢᠯᠡᠭᠡᠨ ᠤ ᠦᠢᠯᠡᠴᠢᠯᠡᠭᠡ ᠬᠠᠩᠭᠠᠬᠤ ᠪᠣᠯᠤᠨ᠎ᠠ᠃ | ᠬᠣ᠋ ᡁᠢ ᠮᠢᠨ ᠵᠠᠩ ᠶᠤᠸᠠᠢ ᠮᠡᠳᠡᠭᠡᠯᠡᠪᠡ | | | | |