ᠤᠯᠠᠭᠠᠨᠬᠤᠲᠠ ᠰᠤᠶᠤᠯ ᠵᠢᠭᠤᠯᠴᠢᠯᠡᠯ ᠢᠶᠠᠷ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ ᠪᠤᠢ
ᠨᠡᠶᠢᠲᠡᠯᠡᠭᠰᠡᠨ ᠴᠠᠭ᠄
2025/4/21
        ᠬᠥᠳᠡᠭᠡ ᠲᠣᠰᠬᠤᠨ ᠤ ᠵᠢᠭᠤᠯᠴᠢᠯᠠᠯ ᠤᠨ ᠡᠬᠢ ᠪᠠᠶᠠᠯᠢᠭ ᠢ ᠤᠯᠠᠮ ᠨᠢᠭᠡ ᠠᠯᠬᠤᠮ ᠠᠭᠤᠳᠠᠯᠵᠤ᠂ ᠤᠯᠠᠭᠠᠨᠬᠤᠲᠠ ᠶᠢᠨ ᠬᠥᠳᠡᠭᠡ ᠲᠣᠰᠬᠤᠨ ᠤ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠦ᠂ ᠤᠯᠠᠭᠠᠨᠬᠠᠳᠠ ᠪᠠᠯᠭᠠᠰᠤ ᠬᠢᠭᠡᠳ ᠵᠢᠭᠤᠯᠴᠢᠯᠠᠯ ᠤᠨ ᠬᠤᠷᠢᠶᠠᠨ ᠤ ᠬᠤᠭᠤᠷᠣᠨᠳᠣᠬᠢ ᠭᠦᠨᠵᠡᠭᠡᠶ ᠬᠠᠮᠲᠤᠷᠠᠯᠴᠠᠭ᠎ᠠ ᠶᠢ ᠠᠬᠢᠭᠤᠯᠵᠤ᠂ ᠤᠨᠴᠠᠯᠢᠬᠳᠤ ᠬᠥᠳᠡᠭᠡ ᠲᠣᠰᠬᠤᠨ ᠤ ᠵᠢᠭᠤᠯᠴᠢᠯᠠᠯ ᠤᠨ ᠦᠢᠯᠡᠳᠬᠦᠨ ᠪᠠ ᠵᠠᠮ ᠱᠤᠭᠤᠮ ᠢ ᠬᠠᠮᠲᠤ ᠪᠠᠷ ᠨᠡᠭᠡᠭᠡᠨ ᠭᠥᠭᠵᠢᠭᠦᠯᠭᠦ ᠢᠢᠨ ᠲᠥᠯᠥᠭᠡ᠂ 4 ᠰᠠᠷ᠎ᠠ ᠶᠢᠨ 10 ᠡᠳᠦᠷ᠂ ᠤᠯᠠᠭᠠᠨᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠵᠢᠭᠤᠯᠴᠢᠯᠠᠯ ᠤᠨ ᠬᠤᠷᠢᠶ᠎ᠠ ᠶᠢ ᠵᠣᠬᠢᠶᠠᠨ ᠪᠠᠶᠢᠭᠤᠯᠵᠤ ᠤᠯᠠᠭᠠᠨᠬᠠᠳᠠ ᠪᠠᠯᠭᠠᠰᠤᠨ ᠳᠤ ᠬᠦᠷᠴᠦ ᠲᠤᠬᠠᠶ ᠶᠢᠨ ᠭᠠᠵᠠᠷ ᠲᠤᠨᠢ ᠵᠣᠯᠭᠠᠭᠤᠯᠵᠤ᠂ ᠤᠯᠠᠭᠠᠨᠬᠤᠲᠠ ᠶᠢᠨ ᠡᠯ᠎ᠡ ᠵᠢᠭᠤᠯᠴᠢᠯᠠᠯ ᠤᠨ ᠬᠤᠷᠢᠶ᠎ᠠ ᠶᠢᠨ ᠲᠥᠯᠥᠭᠡᠯᠡᠭᠴᠢᠳ ᠰᠠᠨ ᠾᠧ ᠲᠣᠰᠬᠤᠨ ᠤ ᠥᠪᠡᠷᠮᠢᠴᠡ ᠣᠨᠴᠠᠯᠢᠭ ᠲᠠᠢ ᠰᠣᠯᠣᠩᠭᠤᠰ ᠦᠨᠳᠦᠰᠦᠲᠡᠨ ᠤ ᠵᠠᠩ ᠦᠢᠯᠡ ᠶᠢᠨ ᠰᠣᠶᠣᠯ᠂ ᠭᠤᠶᠤ ᠰᠠᠶᠢᠬᠠᠨ ᠬᠥᠳᠡᠭᠡ ᠨᠤᠲᠤᠭ ᠤᠨ ᠥᠩᠭᠡ ᠦᠵᠡᠮᠵᠢ ᠳᠤ ᠠᠩᠬᠠᠷᠤᠯ ᠢᠶᠠᠨ ᠲᠥᠪᠯᠡᠷᠡᠭᠦᠯᠵᠦ᠂ ᠰᠣᠯᠣᠩᠭᠤᠰ ᠦᠨᠳᠦᠰᠦᠲᠡᠨ ᠤ ᠤᠨᠴᠠᠯᠢᠭᠳᠤ ᠬᠦᠷᠢᠶ᠎ᠡ ᠬᠠᠰᠢᠶ᠎ᠠ᠂ ᠢᠳᠡᠭᠡᠨ ᠤᠮᠳᠠᠭᠠᠨ᠂ ᠠᠷᠠᠳ ᠤᠨ ᠣᠷᠣᠨ ᠰᠠᠭᠤᠴᠠ᠂ ᠬᠡᠦᠬᠡᠳ ᠤᠨ ᠴᠡᠩᠭᠡᠯ ᠤᠨ ᠬᠦᠷᠢᠶᠡᠯᠡᠩ ᠵᠡᠷᠭᠡ ᠡᠯᠪᠡᠭ ᠪᠠᠶᠠᠯᠢᠭ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠲᠤᠬᠠᠢ ᠤᠶᠢᠯᠠᠭᠠᠬᠰᠠᠨ ᠪᠦᠭᠡᠳ ᠰᠠᠭᠤᠷᠢ ᠲᠥᠬᠦᠭᠡᠷᠦᠮᠵᠢ᠂ ᠦᠢᠯᠡᠴᠢᠯᠡᠭᠡ ᠪᠠ ᠠᠮᠲᠠᠲᠤ ᠢᠳᠡᠭᠡᠨ ᠤ ᠣᠨᠴᠠᠯᠢᠭ ᠵᠢᠴᠢ ᠬᠥᠭᠵᠢᠯ ᠪᠠᠳᠠᠷᠠᠯ ᠲᠠᠢ ᠤᠯᠠᠷᠢᠯ ᠤᠨ ᠡᠵᠡᠩᠨᠡᠯᠲᠡ ᠶᠢᠨ ᠪᠠᠶᠢᠳᠠᠯ ᠢ ᠣᠶᠢᠯᠠᠭᠠᠪᠠ᠃ ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ ᠳᠠᠭᠤᠰᠤᠭᠰᠠᠨ ᠤ ᠳᠠᠷᠠᠭ᠎ᠠ᠂ ᠤᠯᠠᠭᠠᠨᠬᠠᠳᠠ ᠪᠠᠯᠭᠠᠰᠤᠨ ᠤ ᠬᠠᠮᠢᠶ᠎ᠠ ᠪᠦᠬᠦᠢ ᠪᠠᠶᠢᠭᠤᠯᠭ᠎ᠠ ᠶᠢᠨ ᠬᠠᠷᠢᠭᠤᠴᠠᠯᠭᠠᠲᠠᠨ ᠰᠠᠨ ᠾᠧ ᠲᠣᠰᠬᠤᠨ ᠤ ᠵᠢᠭᠤᠯᠴᠢᠯᠠᠯ ᠤᠨ ᠡᠬᠢ ᠪᠠᠶᠠᠯᠢᠭ᠂ ᠬᠥᠭᠵᠢᠯᠲᠡ ᠶᠢᠨ ᠲᠥᠯᠥᠪᠵᠢᠭᠦᠯᠭᠡ ᠵᠢᠴᠢ ᠣᠳᠣᠬᠠᠨ ᠤ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠳᠤᠮᠳᠠ ᠲᠤᠯᠭᠠᠷᠠᠭᠰᠠᠨ ᠠᠰᠠᠭᠤᠳᠠᠯ ᠪᠣᠯᠤᠨ ᠥᠷᠢᠰᠥᠯᠳᠦᠭᠡᠨ ᠢ ᠨᠠᠷᠢᠨ ᠲᠠᠨᠢᠯᠴᠠᠭᠤᠯᠵᠠᠶ᠃ ᠵᠢᠭᠤᠯᠴᠢᠯᠠᠯ ᠤᠨ ᠬᠤᠷᠢᠶ᠎ᠠ ᠲᠣᠰ ᠪᠡᠶ᠎ᠡ ᠶᠢᠨ ᠵᠠᠬ᠎ᠠ ᠳᠡᠯᠭᠡᠭᠦᠷ ᠤᠨ ᠲᠤᠷᠰᠢᠯᠭ᠎ᠠ ᠪᠠ ᠵᠢᠭᠤᠯᠴᠢᠯᠠᠭᠴᠢᠳ ᠤᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠰᠠᠨ ᠾᠧ ᠲᠣᠰᠬᠤᠨ ᠤ ᠵᠢᠭᠤᠯᠴᠢᠯᠠᠯ ᠤᠨ ᠡᠬᠢ ᠪᠠᠶᠠᠯᠢᠭ ᠢ ᠬᠡᠷᠬᠢᠨ ᠡᠮᠬᠢᠯᠡᠨ ᠨᠡᠶᠢᠯᠡᠭᠦᠯᠬᠦ᠂ ᠨᠠᠩ ᠲᠠᠲᠠᠬᠤ ᠬᠦᠴᠦᠨ ᠲᠠᠢ ᠵᠢᠭᠤᠯᠴᠢᠯᠠᠯ ᠤᠨ ᠵᠠᠮ ᠱᠤᠭᠤᠮ ᠢ ᠵᠢᠷᠤᠵᠤ ᠲᠥᠯᠥᠪᠯᠡᠬᠦ᠂ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠰᠠᠨᠠᠯ ᠵᠥᠪᠯᠡᠯᠭᠡ ᠳᠤᠷᠠᠳᠤᠨ ᠭᠠᠷᠭᠠᠪᠠ᠃        ᠳᠠᠷᠠᠭᠠᠴᠢ ᠪᠠᠷ᠂ ᠤᠯᠠᠭᠠᠨᠬᠤᠲᠠ ᠶᠢᠨ ᠰᠣᠶᠣᠯ ᠵᠢᠭᠤᠯᠴᠢᠯᠡᠯ ᠪᠡᠶ᠎ᠡ ᠶᠢᠨ ᠲᠠᠮᠢᠷ ᠤᠨ ᠲᠣᠪᠴᠢᠶ᠎ᠠ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠲᠦᠷᠦ ᠶᠢᠨ ᠪᠤᠳᠤᠯᠭ᠎ᠠ ᠪᠠᠷ ᠲᠡᠳᠬᠦᠬᠦ᠂ ᠲᠦᠷᠦᠯ ᠲᠡᠮᠳᠡᠭ ᠢ ᠳᠡᠯᠭᠡᠷᠡᠭᠦᠯᠬᠦ᠂ ᠴᠢᠳᠠᠪᠤᠷᠢᠲᠠᠨ ᠢ ᠭᠥᠮᠥᠵᠢᠭᠦᠯᠭᠦ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠰᠢᠶᠠᠩ ᠪᠠᠯᠭᠠᠰᠤᠨ ᠤ ᠰᠣᠶᠣᠯ ᠵᠢᠭᠤᠯᠴᠢᠯᠡᠯ ᠤᠨ ᠡᠬᠢ ᠪᠠᠶᠠᠯᠢᠭ ᠪᠣᠯᠤᠨ ᠵᠠᠬ᠎ᠠ ᠳᠡᠯᠭᠡᠭᠦᠷ ᠤᠨ ᠬᠡᠷᠡᠭᠴᠡᠭᠡ ᠶᠢ ᠭᠦᠨᠵᠡᠭᠡᠢ ᠵᠣᠬᠢᠴᠠᠭᠤᠯᠬᠤ ᠶᠢ ᠠᠯᠬᠤᠮ ᠠᠯᠬᠤᠮ ᠢᠶᠠᠷ ᠠᠬᠢᠭᠤᠯᠵᠤ᠂ ᠰᠢᠶᠠᠩ ᠪᠠᠯᠭᠠᠰᠤ ᠪᠣᠯᠤᠨ ᠵᠢᠭᠤᠯᠴᠢᠯᠡᠯ ᠤᠨ ᠬᠤᠷᠢᠶ᠎ᠠ ᠶᠢᠨ ᠤᠷᠳᠤ ᠬᠤᠭᠤᠴᠠᠭᠠᠨ ᠤ ᠪᠦᠲᠦᠮᠵᠢᠲᠡᠢ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠵᠤ᠂ ᠬᠥᠳᠡᠭᠡ ᠲᠣᠰᠬᠤᠨ ᠤ ᠡᠷᠡᠭᠦᠯᠵᠢᠯ ᠰᠤᠪᠢᠯᠠᠯᠲᠠ᠂ ᠠᠷᠠᠳ ᠤᠨ ᠵᠠᠩ ᠳᠠᠳᠬᠠᠯ ᠵᠡᠷᠭᠡ ᠤᠨᠴᠠᠯᠢᠬᠳᠤ ᠨᠡᠷ᠎ᠡ ᠬᠠᠭᠤᠳᠠᠰᠤ ᠶᠢ ᠨᠡᠩ ᠠᠯᠳᠠᠷᠰᠢᠭᠤᠯᠵᠦ᠂ ᠰᠣᠶᠣᠯ ᠵᠢᠭᠤᠯᠴᠢᠯᠡᠯ ᠤᠨ ᠠᠭᠤᠰᠤᠯᠴᠠᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠤᠯᠦᠨ᠎ᠠ᠃ ︵ᠯᠢᠶᠠᠨ ᠪᠤᠤ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号