| ᠤᠯᠤᠰ ᠤᠨ ︽︿ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠣᠨ﹀ ᠤ ᠠᠵᠢᠯᠯᠠᠭ᠎ᠠ ᠶᠢᠨ ᠬᠡᠷᠡᠭᠵᠢᠭᠦᠯᠬᠦ | ᠲᠥᠰᠦᠯ︾ ᠵᠢᠴᠢ ︽ᠡᠷᠡᠭᠦᠯ ᠡᠩᠬᠡ ᠳᠤᠮᠳᠠᠳᠤ ᠤᠯᠤᠰ ᠤᠨ ᠠᠵᠢᠯᠯᠠᠭ᠎ᠠ ︵2019 — 2030 ᠣᠨ︶︾ | ᠶᠢᠨ ᠱᠠᠭᠠᠷᠳᠠᠯᠭ᠎ᠠ ᠶᠢ ᠴᠤᠤᠷᠢᠶᠠᠲᠤᠵᠤ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠤᠨ ᠨᠥᠯᠦᠭᠡᠨ ᠤ ᠡᠪᠡᠳᠴᠢᠨ ᠢ | ᠰᠡᠷᠭᠡᠶᠢᠯᠡᠨ ᠵᠠᠰᠠᠬᠤ ᠬᠦᠷᠢᠶᠡᠯᠡᠩ ᠤᠨ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠰᠠᠯᠠᠭ᠎ᠠ ᠶᠢ ᠪᠦᠳᠦᠭᠡᠨ | ᠪᠠᠶᠢᠭᠤᠯᠵᠤ ᠬᠡᠷᠡᠭᠵᠢᠭᠦᠯᠬᠦ ᠲᠥᠰᠦᠯ︾ ᠢ ᠲᠣᠭᠲᠠᠭᠠᠵᠤ᠂ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢ ᠠᠵᠢᠯ ᠤᠨ | ᠨᠥᠯᠦᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠰᠢᠰᠲ᠋ᠧᠮ ᠳᠤ ᠵᠢᠩᠬᠢᠨᠢ ᠪᠠᠷ ᠣᠷᠣᠭᠤᠯᠵᠤ᠂ ᠮᠡᠨ ᠤ ᠤᠷᠤᠨ ᠨᠢ | ᠪᠦᠬᠦ ᠤᠯᠤᠰ ᠤᠨ ᠠᠩᠬᠠᠳᠠᠭᠴᠢ ᠮᠣᠵᠢ ᠶᠢᠨ ᠳᠡᠰ ᠤᠨ ᠲᠥᠷᠥ ᠶᠢᠨ ᠪᠣᠳᠣᠯᠭ᠎ᠠ ᠪᠠᠷ ᠠᠵᠢᠯ ᠲᠦᠷᠦᠯ ᠤᠨ | ᠬᠥᠮᠦᠰ ᠤᠨ ᠪᠡᠶ᠎ᠡ ᠶᠢᠨ ᠬᠦᠨᠳᠦ ᠡᠷᠡᠭᠦᠯ ᠮᠡᠨᠳᠦ ᠶᠢᠨ ᠬᠠᠮᠢᠶᠠᠷᠤᠯᠲᠠ ᠶᠢ ᠠᠬᠢᠭᠤᠯᠬᠤ ᠭᠠᠵᠠᠷ ᠣᠷᠣᠨ ᠪᠣᠯᠤᠭᠰᠠᠨ | ᠪᠠᠶᠢᠨ᠎ᠠ᠃ ᠡᠨᠡ ᠨᠢ ᠰᠢᠨᠵᠢᠯᠡᠬᠦ ᠤᠬᠠᠭᠠᠨᠴᠢ ᠪᠠᠷ ᠭᠠᠷ ᠲᠥᠷᠥᠬᠦ ᠪᠠᠷ ᠳᠠᠮᠵᠢᠨ᠂ ᠬᠡᠳᠦ ᠮᠠᠷᠢᠶᠠᠯᠠᠬᠤ ᠠᠴᠠ | ᠪᠣᠯᠤᠭᠰᠠᠨ ᠠᠵᠢᠯ ᠲᠦᠷᠦᠯ ᠤᠨ ᠴᠢᠨᠠᠷᠳᠠᠢ ᠬᠦᠮᠦᠨ ᠤ ᠪᠡᠶ᠎ᠡ ᠶᠢᠨ ᠰᠣᠯᠢᠯᠴᠠᠭᠠᠨ ᠤ ᠶᠡᠷᠦᠩᠬᠡᠶᠢᠯᠡᠭᠰᠡᠨ ᠬᠡᠮ᠂ | ᠵᠢᠷᠦᠬᠡ ᠴᠢᠰᠤᠨ ᠰᠤᠳᠠᠯ ᠤᠨ ᠡᠪᠡᠳᠴᠢᠨ ᠵᠡᠷᠭᠡ ᠠᠶᠤᠯ ᠲᠦᠭᠰᠢᠭᠦᠷᠢ ᠶᠢ ᠪᠠᠭᠠᠰᠬᠠᠵᠤ᠂ ᠡᠷᠡᠭᠦᠯ ᠡᠩᠬᠡ ᠥᠪᠥᠷ | ᠮᠣᠩᠭᠤᠯ ᠤᠨ ᠪᠠᠶᠢᠭᠤᠯᠤᠯᠲᠠ ᠳ᠋ᠤ᠋ ᠬᠦᠴᠦᠨ ᠨᠡᠮᠡᠷᠢᠯᠡᠬᠦ ᠪᠠᠷ ᠵᠣᠷᠢᠭᠰᠠᠨ ᠪᠠᠶᠢᠨ᠎ᠠ᠃ | ᠮᠠᠨ ᠤ ᠤᠷᠤᠨ ᠨᠢ ᠠᠭᠤᠷᠬᠠᠢ ᠮᠠᠯᠲᠠᠬᠤ᠂ ᠬᠢᠮᠢ ᠶᠢᠨ ᠠᠵᠤ ᠦᠢᠯᠡᠳᠪᠦᠷᠢ᠂ ᠲᠡᠮᠦᠷᠯᠢᠭ ᠬᠠᠶᠢᠯᠤᠭᠤᠯᠬᠤ | ᠵᠡᠷᠭᠡ ᠠᠵᠢᠯ ᠤᠨ ᠨᠥᠯᠦᠭᠡᠨ ᠤ ᠡᠪᠡᠳᠴᠢᠨ ᠶᠡᠭᠡ ᠪᠠᠷ ᠳᠡᠯᠭᠡᠷᠡᠬᠦ ᠭᠠᠵᠠᠷ ᠪᠣᠯᠤᠭᠰᠠᠨ ᠤ ᠬᠤᠪᠢ ᠳᠤ᠂ ᠣᠶᠢᠷ᠎ᠠ ᠶᠢᠨ | ᠵᠢᠯ ᠳᠤ ᠠᠵᠢᠯ ᠲᠦᠷᠦᠯ ᠤᠨ ᠬᠥᠮᠦᠰ ᠤᠨ ᠬᠡᠳᠦ ᠮᠠᠷᠢᠶᠠᠯᠠᠬᠤ ᠨᠣᠷᠮ᠎ᠠ ᠦᠷᠭᠦᠯᠵᠢᠯᠡᠨ ᠳᠡᠭᠡᠭᠰᠢᠯᠡᠵᠦ ᠪᠠᠶᠢᠨ᠎ᠠ᠃ | ᠪᠦᠷᠢᠳᠬᠡᠯ ᠢᠶᠠᠷ᠂ ᠠᠵᠢᠯ ᠲᠦᠷᠦᠯ ᠤᠨ ᠴᠢᠨᠠᠷᠳᠠᠢ ᠬᠦᠮᠦᠨ ᠤ ᠪᠡᠶ᠎ᠡ ᠶᠢᠨ ᠰᠤᠯᠢᠯᠴᠠᠭᠠᠨ ᠤ ᠶᠡᠷᠦᠩᠬᠡᠶᠢᠯᠡᠭᠰᠡᠨ ᠬᠡᠮ | ᠡᠭᠦᠰᠬᠦ ᠨᠣᠷᠮ᠎ᠠ ᠵᠢᠯ ᠪᠦᠷᠢ 4% ᠪᠠᠷ ᠨᠡᠮᠡᠭᠳᠡᠵᠦ᠂ ᠬᠡᠳᠦ ᠮᠠᠷᠢᠶᠠᠯᠠᠬᠤ ᠨᠢ ᠨᠢᠭᠡᠨᠳᠡ ᠠᠵᠢᠯ ᠲᠦᠷᠦᠯ ᠤᠨ ᠡᠷᠡᠭᠦᠯ | ᠮᠡᠨᠳᠦ ᠶᠢᠨ ᠰᠢᠨ᠎ᠡ ᠰᠦᠷᠳᠡᠭᠦᠯᠦᠯ ᠪᠣᠯᠤᠭᠰᠠᠨ ᠪᠠᠶᠢᠨ᠎ᠠ᠃ | ︽ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠣᠰᠣᠭᠠᠷ᠂ ᠡᠨᠡ ᠵᠢᠯ ᠠᠴᠠ ᠡᠬᠢᠯᠡᠨ ᠪᠦᠬᠦ ᠣᠷᠣᠨ ᠤ | ᠡᠯ᠎ᠡ ᠱᠠᠲᠤᠨ ᠤ ᠠᠵᠢᠯ ᠤᠨ ᠨᠥᠯᠦᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠬᠦᠷᠢᠶᠡᠯᠡᠩ ᠳᠤ ᠪᠠᠷᠢᠮᠵᠢᠶᠠᠵᠢᠭᠰᠠᠨ | ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠰᠠᠯᠠᠭ᠎ᠠ ᠲᠠᠰᠤᠭ ᠪᠠᠶᠢᠭᠤᠯᠵᠤ᠂ ᠳᠣᠲᠣᠭᠠᠳᠤ ᠱᠦᠭᠦᠷᠡᠯ ᠤᠨ ᠡᠮᠴᠢ᠂ | ᠳᠠᠩᠰᠠᠯᠠᠭᠤᠯᠤᠭᠰᠠᠨ ᠰᠢᠮ᠎ᠡ ᠲᠡᠵᠢᠭᠡᠯ ᠤᠨ ᠮᠡᠷᠭᠡᠵᠢᠯᠲᠡᠨ ᠵᠢᠴᠢ ᠬᠥᠳᠡᠯᠭᠡᠭᠡᠨ ᠤ ᠡᠷᠡᠭᠦᠯᠵᠢᠭᠦᠯᠦᠭᠴᠢ ᠵᠢᠴᠢ | ᠬᠠᠷᠠᠭᠠᠯᠵᠠᠭᠰᠠᠨ ᠪᠠᠶᠢᠴᠠᠭᠠᠨ ᠰᠢᠯᠭᠠᠬᠤ ᠳᠤᠨᠤᠭ ᠲᠥᠬᠦᠭᠡᠷᠦᠮᠵᠢ ᠲᠣᠬᠢᠷᠠᠭᠤᠯᠬᠤ ᠶᠢᠨ ᠬᠠᠮᠲᠤ ᠭᠤᠷᠪᠠᠨ ᠬᠥᠬᠡ | ᠳᠡᠰ ᠤᠨ ᠡᠮᠨᠡᠯᠭᠡ ᠶᠢᠨ ᠬᠤᠷᠢᠶ᠎ᠠ ᠯᠤᠭ᠎ᠠ ᠠᠯᠤᠰ ᠡᠵᠡᠮᠰᠢᠯ ᠢᠶᠠᠷ ᠬᠠᠮᠲᠤᠷᠠᠨ ᠣᠨᠣᠰᠢᠯᠠᠬᠤ ᠲᠣᠭᠲᠠᠴᠠ ᠪᠠᠶᠢᠭᠤᠯᠤᠨ᠎ᠠ | ᠃ ᠨᠢᠭᠡᠳᠦᠭᠡᠷ ᠳᠡᠰ ᠤᠨ ᠬᠢᠨ ᠰᠢᠭᠰᠢᠨ ᠪᠠᠶᠢᠴᠠᠭᠠᠬᠤ᠂ ᠬᠤᠶᠠᠳᠤᠭᠠᠷ ᠳᠡᠰ ᠤᠨ ᠬᠢᠨ ᠭᠠᠷ ᠲᠥᠷᠥᠬᠦ᠂ | ᠭᠤᠷᠪᠠᠳᠤᠭᠠᠷ ᠳᠡᠰ ᠤᠨ ᠬᠢᠨ ᠬᠠᠮᠢᠶᠠᠷᠤᠯᠲᠠ ᠬᠢᠭᠦ ᠭᠤᠷᠪᠠᠨ ᠳᠡᠰ ᠤᠨ ᠰᠡᠷᠭᠡᠶᠢᠯᠡᠨ ᠡᠵᠡᠮᠳᠡᠬᠦ ᠰᠢᠰᠲ᠋ᠧᠮ ᠶᠣᠰᠣᠭᠠᠷ | ᠂ ᠬᠥᠳᠡᠯᠮᠦᠷᠢᠯᠡᠭᠴᠢ ᠳᠤ ︽ᠬᠢᠨᠠᠨ ᠬᠡᠮᠵᠢᠬᠦ — ᠭᠠᠷ ᠲᠥᠷᠥᠬᠦ — ᠰᠢᠯᠭᠠᠨ ᠦᠨᠡᠯᠡᠭᠦ︾ ᠪᠢᠲᠡᠭᠦᠦ | ᠴᠠᠭᠠᠷᠢᠭ ᠤᠨ ᠬᠠᠮᠢᠶᠠᠷᠤᠯᠲᠠ ᠶᠢ ᠪᠣᠢ ᠪᠣᠯᠭᠠᠨ᠎ᠠ᠃ 2027 ᠣᠨ ᠤ ᠵᠢᠯ ᠤᠨ ᠰᠡᠭᠦᠯᠴᠢ ᠪᠤᠯᠳᠠᠯ᠎ᠠ | ᠭᠤᠣᠯᠳᠠᠯᠭ᠎ᠠ ᠲᠠᠢ ᠠᠵᠢᠯ ᠲᠥᠷᠥᠯ ᠤᠨ ᠠᠵᠢᠯᠲᠠᠨ ᠠᠵᠢᠯᠴᠢᠨ ᠤ ᠬᠡᠪ ᠤᠨ ᠪᠤᠰᠤ ᠪᠡᠶ᠎ᠡ ᠶᠢᠨ ᠬᠦᠨᠳᠦ ᠶᠢᠨ ᠳᠤᠬᠠᠢ | ᠳᠠᠩᠰᠠ ᠡᠪᠬᠡᠮᠡᠯ ᠪᠠᠶᠢᠭᠤᠯᠬᠤ ᠨᠣᠷᠮ᠎ᠠ ᠶᠢ 90% ᠠᠴᠠ ᠳᠠᠪᠠᠭᠤᠯᠵᠤ᠂ ᠬᠦᠨᠳᠦ ᠬᠡᠲᠦᠷᠡᠭᠰᠡᠨ ᠮᠠᠷᠢᠶ᠎ᠠ ᠲᠠᠢ | ᠨᠣᠷᠮ᠎ᠠ ᠶᠢ ᠵᠢᠯ ᠳᠤᠮᠳᠠᠴᠢ ᠪᠠᠷ 8% ᠪᠠᠷ ᠪᠠᠭᠤᠷᠠᠭᠤᠯᠤᠨ᠎ᠠ᠃ ᠡᠭᠦᠨ ᠤ ᠬᠠᠮᠲᠤ᠂ ᠰᠠᠯᠠᠭ᠎ᠠ ᠮᠥᠴᠢᠷ ᠤᠨ | ᠬᠠᠮᠵᠢᠯᠴᠠᠭ᠎ᠠ ᠬᠢᠭᠡᠳ ᠣᠨᠴᠠᠯᠢᠭᠲᠤ ᠦᠢᠯᠡᠴᠢᠯᠡᠭᠡ ᠶᠢ ᠢᠳᠡᠪᠬᠢᠲᠡᠢ ᠴᠢᠩᠭᠠᠳᠬᠠᠨ᠎ᠠ᠃ ᠪᠡᠶ᠎ᠡ ᠶᠢᠨ ᠬᠦᠨᠳᠦ ᠶᠢᠨ | ᠬᠠᠮᠢᠶᠠᠷᠤᠯᠲᠠ ᠶᠢᠨ ᠦᠷ᠎ᠡ ᠪᠦᠲᠦᠮᠵᠢ ᠶᠢ ︽ᠡᠷᠡᠭᠦᠯ ᠮᠡᠨᠳᠤ ᠶᠢᠨ ᠠᠵᠤ ᠠᠬᠤᠶᠢᠯᠠᠯ︾ ᠢᠶᠠᠷ ᠲᠠᠨᠢᠯᠴᠠᠭᠤᠯᠤᠨ | ᠬᠦᠷᠭᠡᠬᠦ ᠨᠥᠬᠦᠴᠡᠯ ᠳᠤ ᠣᠷᠣᠭᠤᠯᠵᠤ᠂ ᠪᠡᠶ᠎ᠡ ᠮᠠᠬᠠᠪᠣᠳ ᠤᠨ ᠴᠢᠨᠠᠷ ᠴᠢᠨᠰᠠᠭ᠎ᠠ ᠶᠢ ᠢᠯᠭᠠᠨ ᠲᠠᠨᠢᠬᠤ ᠬᠢᠲᠠᠳ | ᠮᠣᠩᠭᠤᠯ ᠡᠮᠨᠡᠯᠭᠡ ᠶᠢᠨ ᠮᠡᠷᠭᠡᠵᠢᠯ ᠢ ᠬᠡᠷᠡᠭᠯᠡᠨ ᠵᠡᠭᠦᠦ ᠲᠥᠭᠡᠨᠡᠯᠭᠡ᠂ ᠡᠮᠲᠦ ᠬᠤᠭᠤᠯᠠ ᠢᠳᠡᠭᠡᠨ ᠤ ᠡᠮᠴᠢᠯᠡᠭᠡ ᠵᠡᠷᠭᠡ | ᠭᠠᠷ ᠲᠥᠷᠥᠬᠦ ᠠᠷᠭ᠎ᠠ ᠪᠠᠷᠢᠯ ᠢ ᠬᠡᠷᠡᠭᠯᠡᠨ ᠡᠷᠡᠭᠦᠯ ᠮᠡᠨᠳᠦ ᠶᠢᠨ ᠬᠠᠮᠢᠶᠠᠷᠤᠯᠲᠠ ᠳᠤ ᠬᠦᠴᠦᠨ ᠨᠡᠮᠡᠷᠢᠯᠡᠨ᠎ᠡ᠃ | ︽ᠬᠡᠷᠡᠭᠵᠢᠭᠦᠯᠬᠦ ᠲᠥᠰᠦᠯ︾ ᠤᠨ ᠬᠠᠷᠠᠯᠲᠠ ᠶᠣᠰᠣᠭᠠᠷ᠂ ᠥᠪᠥᠷ ᠮᠣᠩᠭᠤᠯ ᠣᠷᠣᠨ ᠤ ᠠᠵᠢᠯ | ᠮᠡᠷᠭᠡᠵᠢᠯ ᠤᠨ ᠬᠥᠮᠦᠰ ᠤᠨ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢ ︽ᠰᠠᠨᠠᠭᠠᠴᠢᠯᠠᠭᠠᠲᠤ ᠪᠤᠰᠤ ᠪᠠᠷ ᠵᠠᠰᠠᠬᠤ︾ | ᠠᠴᠠ ︽ᠡᠷᠡᠭᠦᠯ ᠮᠡᠨᠳᠤ ᠶᠢᠨ ᠰᠠᠨᠠᠭᠠᠴᠢᠯᠠᠭᠠᠳᠤ ᠬᠠᠮᠢᠶᠠᠷᠤᠯᠲᠠ︾ ᠳᠠᠶᠢᠰᠢ ᠬᠤᠪᠢᠷᠠᠭᠤᠯᠵᠤ᠂ ᠲᠥᠷᠥ ᠶᠢᠨ | ᠪᠣᠳᠣᠯᠭ᠎ᠠ ᠶᠢᠨ ᠰᠢᠨ᠎ᠡ ᠶᠢ ᠡᠭᠦᠳᠬᠦ ᠪᠠ ᠲᠧᠭᠨᠢᠭ ᠮᠡᠷᠭᠡᠵᠢᠯ ᠤᠨ ᠠᠭᠤᠰᠤᠯᠴᠠᠯ ᠢᠶᠠᠷ ᠳᠠᠮᠵᠢᠨ᠂ ᠪᠦᠬᠦ ᠣᠷᠣᠨ ᠢ | ᠬᠠᠮᠤᠷᠤᠭᠰᠠᠨ ᠰᠢᠨᠵᠢᠯᠡᠬᠦ ᠤᠬᠠᠭᠠᠨᠴᠢ ᠪᠠᠷ ᠭᠠᠷ ᠲᠥᠷᠥᠬᠦ ᠲᠤᠤᠷ ᠢ ᠪᠠᠶᠢᠭᠤᠯᠵᠤ᠂ ᠠᠵᠢᠯ ᠮᠡᠷᠭᠡᠵᠢᠯ ᠤᠨ | ᠬᠥᠮᠦᠰ ᠤᠨ ᠡᠷᠡᠭᠦᠯ ᠮᠡᠨᠳᠤ ᠶᠢᠨ ᠬᠠᠮᠢᠶᠠᠷᠤᠯᠲᠠ ᠶᠢᠨ ᠬᠦᠴᠢᠷ ᠠᠰᠠᠭᠤᠳᠠᠯ ᠢ ᠬᠦᠴᠦᠯᠡᠨ ᠰᠶᠢᠳᠪᠦᠷᠢᠯᠡᠵᠦ᠂ ᠠᠵᠢᠯ | ᠮᠡᠷᠭᠡᠵᠢᠯ ᠤᠨ ᠬᠥᠮᠦᠰ ᠤᠨ ︽ᠡᠪᠡᠳᠴᠢᠯᠡᠭᠦ ᠠᠴᠠ ᠡᠮᠤᠨ᠎ᠡ ᠵᠠᠰᠠᠬᠤ︾ ᠳᠤ ᠬᠦᠴᠦᠨ ᠨᠡᠮᠡᠷᠢᠯᠡᠵᠦ᠂ 2027 | ᠣᠨ ᠤ ᠬᠠᠷᠠᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ ︵︽ᠦᠪᠦᠷ ᠮᠤᠩᠭᠤᠯ ᠤᠨ | ᠡᠳᠦᠷ ᠤᠨ ᠰᠤᠨᠢᠨ︾ ᠠᠴᠠ ᠰᠢᠯᠵᠢᠬᠦᠯᠪᠡ︶ | | | | |