| ᠰᠢᠨᠬᠤᠸᠠ ᠬᠤᠷᠢᠶ᠎ᠠ ᠶᠢᠨ ᠫᠨᠤᠮ ᠪᠧᠩ ᠤᠨ 4 ᠰᠠᠷ᠎ᠠ ᠶᠢᠨ 17 ᠤ ᠴᠠᠭᠢᠯᠭᠠᠨ ᠮᠡᠳᠡᠭᠡ ᠲᠤᠬᠠᠢ ᠶᠢᠨ | ᠭᠠᠵᠠᠷ ᠤᠨ ᠴᠠᠭ ᠢᠶᠠᠷ 4 ᠰᠠᠷ᠎ᠠ ᠶᠢᠨ 17 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠤᠰᠬᠠᠢ | ᠨᠢᠰᠬᠡᠯ ᠢᠶᠠᠷ ᠫᠨᠤᠮ ᠪᠧᠩ ᠳᠤ ᠬᠦᠷᠴᠦ᠂ ᠺᠠᠮᠪᠤᠵᠠ ᠶᠢᠨ ᠤᠯᠤᠰ ᠤᠨ ᠸᠠᠩ ᠰᠢᠬᠠᠮᠦᠨᠢ ᠶᠢᠨ ᠤᠷᠢᠯᠭ᠎ᠠ ᠪᠠᠷ ᠺᠠᠮᠪᠤᠵᠠ ᠳᠤ | ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠪᠡ᠃ | | | | | | | | | | ᠲᠤᠬᠠᠢ ᠶᠢᠨ ᠭᠠᠵᠠᠷ ᠤᠨ ᠴᠠᠭ ᠢᠶᠠᠷ 4 ᠰᠠᠷ᠎ᠠ ᠶᠢᠨ 17 ᠤ ᠦᠳᠡ ᠶᠢᠨ ᠡᠮᠦᠨ᠎ᠡ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠲᠤᠰᠬᠠᠢ ᠨᠢᠰᠬᠡᠯ ᠢᠶᠠᠷ ᠫᠨᠤᠮ ᠪᠧᠩ ᠳᠤ ᠬᠦᠷᠴᠦ᠂ ᠺᠠᠮᠪᠤᠵᠠ ᠶᠢᠨ ᠤᠯᠤᠰ ᠤᠨ ᠸᠠᠩ | ᠰᠢᠬᠠᠮᠦᠨᠢ ᠶᠢᠨ ᠤᠷᠢᠯᠭ᠎ᠠ ᠪᠠᠷ ᠺᠠᠮᠪᠤᠵᠠ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠪᠡ᠃ ᠤᠯᠤᠰ ᠤᠨ ᠸᠠᠩ | ᠰᠢᠬᠠᠮᠦᠨᠢ ᠰᠢᠶᠠᠺᠠᠫᠧᠩ ᠴᠢᠨ ᠸᠠᠩ᠂ ᠠᠯᠤᠨ ᠭᠦᠩᠵᠦ ᠵᠡᠷᠭᠡ ᠸᠠᠩ ᠤᠨ ᠤᠭᠰᠠᠭᠠᠨ ᠤ ᠪᠦᠷᠢᠯᠳᠦᠭᠦᠨ᠂ ᠠᠷᠠᠳ ᠤᠨ | ᠨᠠᠮ ᠤᠨ ᠲᠡᠷᠢᠭᠦᠯᠡᠭᠴᠢ᠂ ᠳᠡᠭᠡᠳᠦ ᠵᠥᠪᠯᠡᠯ ᠤᠨ ᠲᠡᠷᠢᠭᠦᠯᠡᠭᠴᠢ ᠬᠤᠩᠰᠧᠨ᠂ ᠤᠯᠤᠰ ᠤᠨ ᠬᠤᠷᠠᠯ ᠤᠨ ᠨᠢᠭᠡᠳᠦᠭᠡᠷ ᠳᠡᠳ᠋ | ᠲᠡᠷᠢᠭᠦᠯᠡᠭᠴᠢ ᠴᠢᠶᠠᠨᠶᠧ ᠵᠢᠴᠢ ᠭᠦᠸᠧᠰᠥ᠋ᠸᠧᠫᠠ᠂ ᠪᠦᠯᠠᠰᠥ᠋ᠤᠤᠺᠦ᠋ᠨ᠂ ᠬᠠᠨᠴᠦᠨᠨᠠᠷᠤ᠋᠂ ᠱᠣᠣᠰᠦ᠋ᠸᠧᠺᠠ᠂ ᠬᠤᠩᠮᠠᠨᠠᠢ ᠵᠡᠷᠭᠡ | ᠲᠠᠪᠤᠨ ᠳᠡᠳ᠋ ᠲᠡᠷᠢᠭᠦᠨ ᠰᠠᠶᠢᠳ ᠢ ᠳᠠᠭᠠᠭᠤᠯᠤᠨ ᠨᠢᠰᠬᠡᠯ ᠤᠨ ᠪᠠᠭᠤᠳᠠᠯ ᠳᠤ ᠬᠠᠯᠠᠭᠤᠨ ᠢᠶᠠᠷ ᠤᠭᠲᠤᠪᠠ᠃ ᠵᠢᠷᠤᠭ ᠪᠣᠯ | ᠰᠢ ᠶᠢᠨ ᠫᠢᠩ ᠰᠢᠬᠠᠮᠤᠨᠢ ᠲᠠᠢ ᠳᠣᠲᠣᠨᠣᠰᠤᠭ ᠢᠶᠠᠷ ᠭᠠᠷ ᠠᠳᠬᠤᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | ᠰᠢ ᠶᠢᠨ ᠫᠢᠩ ᠲᠤᠰᠬᠠᠢ ᠨᠢᠰᠬᠡᠯ ᠢᠶᠠᠷ ᠫᠨᠤᠮ ᠪᠧᠩ ᠤᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠦᠷᠬᠦ | ᠦᠶ᠎ᠡ ᠳᠤ ᠤᠯᠤᠰ ᠤᠨ ᠸᠠᠩ ᠰᠢᠬᠠᠮᠦᠨᠢ ᠰᠢᠶᠠᠺᠠᠫᠧᠩ ᠴᠢᠨ ᠸᠠᠩ᠂ ᠠᠯᠤᠨ ᠭᠦᠩᠵᠦ ᠵᠡᠷᠭᠡ ᠸᠠᠩ ᠤᠨ ᠤᠭᠰᠠᠭᠠᠨ ᠤ | ᠪᠦᠷᠢᠯᠳᠦᠭᠦᠨ᠂ ᠠᠷᠠᠳ ᠤᠨ ᠨᠠᠮ ᠤᠨ ᠲᠡᠷᠢᠭᠦᠯᠡᠭᠴᠢ᠂ ᠳᠡᠭᠡᠳᠦ ᠵᠥᠪᠯᠡᠯ ᠤᠨ ᠲᠡᠷᠢᠭᠦᠯᠡᠭᠴᠢ ᠬᠤᠩᠰᠧᠨ᠂ ᠤᠯᠤᠰ ᠤᠨ | ᠬᠤᠷᠠᠯ ᠤᠨ ᠨᠢᠭᠡᠳᠦᠭᠡᠷ ᠳᠡᠳ᠋ ᠲᠡᠷᠢᠭᠦᠯᠡᠭᠴᠢ ᠴᠢᠶᠠᠨᠶᠧ ᠵᠢᠴᠢ ᠭᠦᠸᠧᠰᠥ᠋ᠸᠧᠫᠠ᠂ ᠪᠦᠯᠠᠰᠥ᠋ᠤᠤᠺᠦ᠋ᠨ᠂ ᠬᠠᠨᠴᠦᠨᠨᠠᠷᠤ᠋᠂ | ᠱᠣᠣᠰᠦ᠋ᠸᠧᠺᠠ᠂ ᠬᠤᠩᠮᠠᠨᠠᠢ ᠵᠡᠷᠭᠡ ᠲᠠᠪᠤᠨ ᠳᠡᠳ᠋ ᠲᠡᠷᠢᠭᠦᠨ ᠰᠠᠶᠢᠳ ᠢ ᠳᠠᠭᠠᠭᠤᠯᠤᠨ ᠨᠢᠰᠬᠡᠯ ᠤᠨ ᠪᠠᠭᠤᠳᠠᠯ ᠳᠤ ᠢᠷᠡᠵᠤ | ᠬᠠᠯᠠᠭᠤᠨ ᠢᠶᠠᠷ ᠤᠭᠲᠤᠪᠠ᠃ ᠶᠣᠰᠣᠯᠠᠯ ᠤᠨ ᠴᠡᠷᠢᠭ ᠤᠯᠠᠭᠠᠨ ᠬᠡᠪᠢᠰ ᠤᠨ ᠬᠤᠶᠠᠷ ᠲᠠᠯ᠎ᠠ ᠪᠠᠷ ᠵᠢᠭᠰᠠᠪᠠ᠃ ᠺᠠᠮᠪᠤᠵᠠ ᠶᠢᠨ | ᠸᠠᠩ ᠤᠨ ᠤᠭᠰᠠᠭ᠎ᠠ ᠶᠢᠨ ᠵᠧᠨᠨᠠ ᠭᠦᠩᠵᠦ ᠰᠢ ᠶᠢᠨ ᠫᠢᠩ ᠳᠤ ᠮᠡᠯᠡᠷᠡᠭ ᠴᠡᠴᠡᠭ ᠤᠨ ᠪᠠᠭᠤᠪᠴᠢ ᠬᠦᠷᠭᠡᠵᠦ᠂ ᠵᠠᠯᠠᠭᠤ | ᠡᠮᠡᠭᠲᠡᠢ ᠵᠠᠮ ᠳᠠᠭᠠᠤ ᠤᠯᠠᠭᠠᠨ ᠬᠡᠪᠢᠰ ᠳᠡᠭᠡᠷ᠎ᠡ ᠴᠡᠴᠡᠭ ᠤᠨ ᠬᠡᠯᠲᠡᠰ ᠰᠠᠴᠤᠪᠠ᠃ | ᠰᠢᠬᠠᠮᠦᠨᠢ ᠨᠢᠰᠬᠡᠯ ᠤᠨ ᠪᠠᠭᠤᠳᠠᠯ ᠳᠤ ᠰᠢ ᠶᠢᠨ ᠫᠢᠩ ᠢ ᠤᠭᠲᠤᠬᠤ ᠦᠪᠡᠳᠡᠭᠰᠢ ᠶᠡᠭᠡ ᠶᠣᠰᠣᠯᠠᠯ ᠶᠠᠪᠤᠭᠤᠯᠪᠠ | ᠃ | | | | | | | | ᠲᠤᠬᠠᠢ ᠶᠢᠨ ᠭᠠᠵᠠᠷ ᠤᠨ ᠴᠠᠭ ᠢᠶᠠᠷ 4 ᠰᠠᠷ᠎ᠠ ᠶᠢᠨ 17 ᠤ ᠦᠳᠡ ᠶᠢᠨ ᠡᠮᠦᠨ᠎ᠡ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠲᠤᠰᠬᠠᠢ ᠨᠢᠰᠬᠡᠯ ᠢᠶᠠᠷ ᠫᠨᠤᠮ ᠪᠧᠩ ᠳᠤ ᠬᠦᠷᠴᠦ᠂ ᠺᠠᠮᠪᠤᠵᠠ ᠶᠢᠨ ᠤᠯᠤᠰ ᠤᠨ ᠸᠠᠩ | ᠰᠢᠬᠠᠮᠦᠨᠢ ᠶᠢᠨ ᠤᠷᠢᠯᠭ᠎ᠠ ᠪᠠᠷ ᠺᠠᠮᠪᠤᠵᠠ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠪᠡ᠃ ᠰᠢᠬᠠᠮᠦᠨᠢ ᠨᠢᠰᠬᠡᠯ ᠤᠨ | ᠪᠠᠭᠤᠳᠠᠯ ᠳᠤ ᠰᠢ ᠶᠢᠨ ᠫᠢᠩ ᠢ ᠤᠭᠲᠤᠬᠤ ᠦᠪᠡᠳᠡᠭᠰᠢ ᠶᠡᠭᠡ ᠶᠣᠰᠣᠯᠠᠯ ᠶᠠᠪᠤᠭᠤᠯᠪᠠ᠃ ᠵᠢᠷᠤᠭ ᠪᠣᠯ ᠰᠢ ᠶᠢᠨ ᠫᠢᠩ | ᠰᠢᠬᠠᠮᠦᠨᠢ ᠶᠢᠨ ᠪᠠᠷ᠎ᠠ ᠪᠤᠯᠤᠯᠭ᠎ᠠ ᠲᠠᠢ ᠪᠠᠷ ᠶᠣᠰᠣᠯᠠᠯ ᠤᠨ ᠠᠩᠭᠢ ᠶᠢ ᠰᠢᠯᠭᠠᠨ ᠦᠵᠡᠵᠦ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠪᠠ᠃ ᠴᠡᠷᠢᠭ ᠤᠨ ᠬᠥᠭᠵᠢᠮ ᠤᠨ | ᠪᠦᠯᠭᠦᠮ ᠳᠤᠮᠳᠠᠳᠤ ᠺᠠᠮᠪᠤᠵᠠ ᠬᠤᠶᠠᠷ ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ᠃ ᠰᠢ ᠶᠢᠨ ᠫᠢᠩ ᠰᠢᠬᠠᠮᠦᠨᠢ ᠶᠢᠨ | ᠪᠠᠷ᠎ᠠ ᠪᠤᠯᠤᠯᠭ᠎ᠠ ᠲᠠᠢ ᠪᠠᠷ ᠶᠣᠰᠣᠯᠠᠯ ᠤᠨ ᠠᠩᠭᠢ ᠶᠢ ᠰᠢᠯᠭᠠᠨ ᠦᠵᠡᠪᠡ᠃ ᠬᠤᠶᠠᠷ ᠤᠯᠤᠰ ᠤᠨ ᠲᠡᠷᠢᠭᠦᠨ ᠲᠤᠰ ᠲᠤᠰ | ᠨᠦᠭᠦᠭᠡ ᠲᠠᠯ᠎ᠠ ᠶᠢᠨ ᠪᠠᠷ᠎ᠠ ᠪᠣᠯᠣᠭᠰᠠᠳ ᠲᠠᠢ ᠭᠠᠷ ᠠᠳᠬᠤᠨ ᠮᠡᠨᠳᠦᠴᠢᠯᠡᠪᠡ᠃ | ᠲᠤᠬᠠᠢ ᠶᠢᠨ ᠭᠠᠵᠠᠷ ᠤᠨ ᠬᠡᠳᠦᠨ ᠵᠠᠭᠤᠨ ᠠᠷᠠᠳ ᠤᠯᠠᠨ ᠬᠤᠶᠠᠷ ᠤᠯᠤᠰ ᠤᠨ ᠲᠤᠭ ᠢ ᠬᠤᠷᠦ᠋ᠢᠯᠠᠵᠤ᠂ ︽ | ᠺᠠᠮᠪᠤᠵᠠ ᠳᠤᠮᠳᠠᠳᠤ ᠶᠢᠨ ᠨᠥᠬᠦᠷᠯᠡᠯ᠂ ᠪᠦᠯᠬᠦᠮᠳᠡᠯ᠂ ᠬᠠᠮᠲᠤᠷᠠᠯᠴᠠᠭ᠎ᠠ ᠮᠠᠨᠳᠤᠲᠤᠭᠠᠢ︕︾ ᠵᠡᠷᠭᠡ ᠤᠯᠠᠭᠠᠨ ᠬᠥᠨᠳᠡᠯᠡᠨ | ᠪᠢᠴᠢᠭᠡᠰᠦ ᠶᠢ ᠡᠷᠭᠦᠵᠦ᠂ ᠰᠢ ᠶᠢᠨ ᠫᠢᠩ ᠤᠨ ᠠᠶᠢᠯᠴᠢᠯᠠᠷ᠎ᠠ ᠢᠷᠡᠭᠰᠡᠨ ᠢ ᠬᠠᠯᠠᠭᠤᠨ ᠢᠶᠠᠷ ᠤᠭᠲᠤᠪᠠ᠃ | ᠰᠢ ᠶᠢᠨ ᠫᠢᠩ ᠪᠢᠴᠢᠭ ᠤᠨ ᠭᠡᠯᠪᠡᠷᠢ ᠪᠠᠷ ᠶᠠᠷᠢᠶ᠎ᠠ ᠲᠠᠯᠪᠢᠵᠤ᠂ ᠺᠠᠮᠪᠤᠵᠠ ᠶᠢᠨ ᠤᠯᠠᠮᠵᠢᠯᠠᠯᠲᠤ ᠰᠢᠨ᠎ᠡ ᠵᠢᠯ | ᠬᠦᠷᠴᠦ ᠢᠷᠡᠬᠦ ᠲᠠᠰᠢᠷᠠᠮ ᠢᠶᠠᠷ ᠺᠠᠮᠪᠤᠵᠠ ᠶᠢᠨ ᠵᠠᠰᠠᠭ ᠤᠨ ᠣᠷᠳᠣᠨ ᠪᠣᠯᠣᠨ ᠠᠷᠠᠳ ᠲᠦᠮᠡᠨ ᠳᠤ ᠰᠢᠨ᠎ᠡ ᠵᠢᠯ ᠤᠨ ᠰᠠᠶᠢᠨ | ᠰᠠᠶᠢᠬᠠᠨ ᠵᠥᠩᠨᠡᠯ ᠳᠡᠪᠰᠢᠭᠦᠯᠪᠡ᠃ | ᠰᠢ ᠶᠢᠨ ᠫᠢᠩ᠂ ᠳᠤᠮᠳᠠᠳᠤ ᠺᠠᠮᠪᠤᠵᠠ ᠶᠢᠨ ᠬᠠᠷᠢᠯᠴᠠᠭ᠎ᠠ ᠶᠢ ᠬᠤᠶᠠᠷ ᠤᠯᠤᠰ ᠤᠨ ᠠᠬᠠᠮᠠᠳ ᠨᠢᠭᠡ ᠦᠶ᠎ᠡ ᠶᠢᠨ | ᠤᠳᠤᠷᠢᠳᠬᠤ ᠬᠥᠮᠥᠰ ᠪᠡᠶ᠎ᠡ ᠪᠠᠷ ᠢᠶᠠᠨ ᠴᠣᠭᠴᠠᠯᠠᠨ ᠪᠠᠶᠢᠭᠤᠯᠵᠤ᠂ ᠨᠠᠷᠢᠨ ᠨᠢᠮᠪᠠᠢ ᠬᠥᠭᠵᠢᠭᠦᠯᠦᠨ ᠬᠠᠮᠠᠭᠠᠯᠠᠵᠤ᠂ | ᠳᠡᠯᠡᠬᠡᠢ ᠶᠢᠨ ᠤᠷᠪᠠᠭᠠᠨ ᠬᠥᠷᠪᠡᠭᠡᠨ ᠲᠠᠢ ᠪᠠᠶᠢᠳᠠᠯ ᠤᠨ ᠰᠢᠯᠭᠠᠯᠲᠠ ᠶᠢ ᠳᠠᠭᠠᠭᠠᠵᠤ᠂ ᠢᠮᠠᠭᠲᠠ ᠬᠠᠳᠠ ᠴᠢᠯᠠᠭᠤ ᠮᠡᠲᠦ | ᠪᠠᠲᠤ ᠪᠠᠬᠢ ᠪᠠᠶᠢᠨ᠎ᠠ᠃ ᠬᠤᠶᠠᠷ ᠤᠯᠤᠰ ᠢᠶᠠᠷ ᠢᠶᠠᠨ ᠡᠩ ᠲᠡᠷᠢᠭᠦᠨ ᠳᠤ ᠬᠤᠶᠠᠷ ᠲᠠᠯ᠎ᠠ ᠶᠢᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠵᠤ᠂ ᠡᠩ ᠲᠡᠷᠢᠭᠦᠨ ᠳᠤ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ | ᠪᠠᠶᠢᠭᠤᠯᠬᠤ ᠬᠠᠮᠲᠤᠷᠠᠯᠴᠠᠭ᠎ᠠ ᠶᠢ ᠥᠷᠨᠢᠭᠦᠯᠵᠦ᠂ ᠲᠣᠰ ᠲᠣᠰ ᠤᠨ ᠤᠯᠤᠰ ᠤᠨ ᠢᠶᠠᠨ ᠲᠣᠭᠲᠠᠭᠤᠨ ᠢ ᠬᠠᠮᠠᠭᠠᠯᠠᠬᠤ᠂ | ᠬᠥᠭᠵᠢᠯ ᠴᠡᠴᠡᠭᠯᠡᠯ ᠢ ᠠᠬᠢᠭᠤᠯᠬᠤ ᠦᠢᠯᠡᠰ ᠳᠤᠮᠳᠠ ᠬᠠᠷᠢᠯᠴᠠᠨ ᠳᠡᠮᠵᠢᠵᠦ᠂ ᠳᠡᠯᠡᠬᠡᠢ ᠶᠢᠨ ᠲᠥᠪ ᠭᠤᠤᠯᠴᠢ ᠰᠢᠳᠤᠷᠭᠤ | ᠶᠣᠰᠣ ᠶᠢ ᠬᠠᠮᠠᠭᠠᠯᠠᠬᠤ ᠲᠡᠮᠡᠴᠡᠯ ᠳᠤᠮᠳᠠ ᠪᠦᠯᠬᠦᠮᠳᠡᠨ ᠬᠠᠮᠵᠢᠯᠴᠠᠵᠤ᠂ ᠰᠢᠨ᠎ᠡ ᠭᠡᠯᠪᠡᠷᠢ ᠶᠢᠨ ᠣᠯᠠᠨ ᠤᠯᠤᠰ ᠤᠨ | ᠬᠠᠷᠢᠯᠴᠠᠭ᠎ᠠ ᠶᠢ ᠪᠠᠶᠢᠭᠤᠯᠬᠤ ᠳᠤ ᠬᠡᠪ ᠳᠠᠭᠤᠷᠢᠶᠠᠯ ᠦᠵᠡᠭᠦᠯᠵᠦ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠳᠤ ᠬᠤᠪᠢ ᠨᠡᠮᠡᠷᠢ ᠦᠵᠡᠭᠦᠯᠪᠡ᠃ ᠪᠢ ᠺᠠᠮᠪᠤᠵᠠ ᠶᠢᠨ | ᠤᠳᠤᠷᠢᠳᠬᠤ ᠬᠥᠮᠥᠰ ᠲᠠᠢ ᠨᠥᠬᠦᠷᠯᠡᠯ ᠢᠶᠠᠨ ᠬᠠᠮᠲᠤ ᠪᠠᠷ ᠶᠠᠷᠢᠯᠴᠠᠵᠤ᠂ ᠬᠥᠭᠵᠢᠯᠲᠡ ᠶᠢ ᠬᠠᠮᠲᠤ ᠪᠠᠷ ᠡᠷᠢᠯᠬᠢᠯᠡᠵᠦ᠂ | ᠳᠤᠮᠳᠠᠳᠤ ᠺᠠᠮᠪᠤᠵᠠ ᠶᠢᠨ ︽ᠠᠯᠮᠠᠰ ᠵᠢᠷᠭᠤᠭᠠᠨ ᠲᠠᠯ᠎ᠠ︾ ᠶᠢᠨ ᠬᠠᠮᠲᠤᠷᠠᠯᠴᠠᠭᠠᠨ ᠤ ᠪᠦᠲᠦᠴᠡ ᠶᠢ ᠲᠠᠰᠤᠷᠠᠯᠳᠠ ᠦᠭᠡᠢ | ᠲᠡᠭᠦᠯᠳᠡᠷᠵᠢᠭᠦᠯᠵᠦ᠂ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠠᠷᠠᠳ | ᠲᠦᠮᠡᠨ ᠳᠤ ᠨᠡᠩ ᠤᠯᠠᠨ ᠪᠤᠶᠠᠨ ᠦᠢᠯᠡᠳᠴᠦ᠂ ᠭᠠᠵᠠᠷ ᠣᠷᠣᠨ ᠴᠢᠨᠠᠭᠰᠢᠯᠠᠪᠠᠯ ᠳᠡᠯᠡᠬᠡᠢ ᠶᠢᠨ ᠡᠩᠬᠡ ᠲᠠᠶᠢᠪᠤᠩ | ᠲᠣᠭᠲᠠᠭᠤᠨ ᠳᠤ ᠨᠡᠩ ᠤᠯᠠᠨ ᠢᠳᠡᠪᠬᠢ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠼᠠᠢ ᠴᠢ᠂ ᠸᠠᠩ ᠢ᠂ ᠸᠠᠩ ᠰᠢᠶᠣᠣ ᠬᠤᠩ ᠵᠡᠷᠭᠡ ᠪᠠᠷ᠎ᠠ ᠪᠣᠯᠣᠭᠰᠠᠳ ᠨᠢᠭᠡ ᠨᠢᠰᠬᠡᠯ ᠢᠶᠠᠷ ᠬᠠᠮᠲᠤ ᠭᠦᠷᠪᠡ᠃ | | ᠺᠠᠮᠪᠤᠵᠠ ᠳᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠸᠠᠩ ᠸᠧᠨ ᠪᠢᠨ ᠪᠠᠰᠠ ᠨᠢᠰᠬᠡᠯ ᠤᠨ | ᠪᠠᠭᠤᠳᠠᠯ ᠳᠤ ᠬᠦᠷᠴᠦ ᠤᠭᠲᠤᠪᠠ᠃ | ᠰᠢ ᠶᠢᠨ ᠫᠢᠩ ᠲᠡᠷᠭᠡᠨ ᠳᠤ ᠰᠠᠭᠤᠵᠤ ᠨᠢᠰᠬᠡᠯ ᠤᠨ ᠪᠠᠭᠤᠳᠠᠯ ᠠᠴᠠ ᠰᠠᠭᠠᠲᠠᠨ ᠪᠠᠭᠤᠬᠤ ᠵᠣᠴᠢᠳ ᠤᠨ | ᠪᠠᠭᠤᠳᠠᠯ ᠳᠠᠭᠠᠨ ᠬᠦᠷᠬᠦ ᠵᠠᠮ ᠵᠠᠭᠤᠷ᠎ᠠ ᠳᠤᠮᠳᠠᠳᠤ ᠺᠠᠮᠪᠤᠵᠠ ᠬᠤᠶᠠᠷ ᠤᠯᠤᠰ ᠤᠨ ᠤᠯᠤᠰ ᠤᠨ ᠲᠤᠭ ᠰᠠᠯᠬᠢᠨ ᠤ ᠠᠶ᠎ᠠ ᠪᠠᠷ | ᠨᠠᠮᠢᠷᠠᠨ᠎ᠠ᠃ ᠲᠤᠬᠠᠢ ᠶᠢᠨ ᠭᠠᠵᠠᠷ ᠤᠨ ᠬᠤᠶᠠᠷ ᠲᠦᠮᠡ ᠭᠠᠷᠤᠢ ᠠᠷᠠᠳ ᠤᠯᠠᠨ ᠵᠢᠴᠢ ᠳᠤᠮᠳᠠᠳᠤ ᠶᠢᠨ ᠬᠠᠷᠢᠶᠠᠲᠤ | ᠳᠤᠮᠳᠠᠳᠤᠴᠤᠳ᠂ ᠳᠤᠮᠳᠠᠳᠤ ᠶᠢᠨ ᠪᠡᠯᠡᠳᠤ ᠠᠵᠤ ᠠᠬᠤᠶᠢᠯᠠᠯ ᠪᠣᠯᠣᠨ ᠭᠠᠳᠠᠭᠠᠳᠤ ᠳᠤ ᠰᠤᠷᠤᠯᠴᠠᠵᠥ ᠪᠠᠶᠢᠭ᠎ᠠ | ᠰᠤᠷᠤᠬᠴᠢᠳ ᠤᠨ ᠲᠥᠯᠥᠭᠡᠯᠡᠭᠴᠢ ᠵᠡᠭᠡᠯᠢ ᠶᠢᠨ ᠬᠤᠶᠠᠷ ᠲᠠᠯ᠎ᠠ ᠳᠤ ᠬᠤᠷᠠᠨ ᠴᠤᠭᠯᠠᠷᠠᠵᠤ᠂ ᠳᠤᠮᠳᠠᠳᠤ ᠺᠠᠮᠪᠤᠵᠠ ᠶᠢᠨ | ᠤᠯᠤᠰ ᠤᠨ ᠲᠤᠭ ᠢ ᠬᠤᠷᠦ᠋ᠢᠯᠠᠵᠤ᠂ ᠬᠤᠶᠠᠷ ᠤᠯᠤᠰ ᠤᠨ ᠤᠳᠤᠷᠢᠳᠬᠤ ᠬᠥᠮᠥᠨ ᠤ ᠭᠡᠷᠡᠯ ᠵᠢᠷᠤᠭ ᠢ ᠠᠳᠬᠤᠵᠤ᠂ | ᠰᠢ ᠶᠢᠨ ᠫᠢᠩ ᠤᠨ ᠠᠶᠢᠯᠴᠢᠯᠠᠷ᠎ᠠ ᠢᠷᠡᠭᠰᠡᠨ ᠢ ᠬᠠᠯᠠᠭᠤᠨ ᠢᠶᠠᠷ ᠤᠭᠲᠤᠪᠠ᠃ | | | | | | | |