| 4 ᠰᠠᠷ᠎ᠠ ᠶᠢᠨ 7 ᠤ ᠡᠳᠦᠷ ᠠᠴᠠ 4 ᠰᠠᠷ᠎ᠠ ᠶᠢᠨ 15 ᠤ ᠡᠳᠦᠷ᠂ ᠤᠯᠠᠭᠠᠨᠬᠤᠲᠠ ᠶᠢᠨ ᠡᠮᠴᠢᠯᠡᠭᠡᠨ ᠤ | ᠬᠠᠮᠲᠤ ᠶᠢᠨ ᠴᠣᠭᠴᠠ ᠶᠢᠨ ᠶᠡᠷᠦᠩᠬᠡᠶ ᠡᠮᠨᠡᠯᠭᠡ ᠶᠢᠨ ᠬᠤᠷᠢᠶᠠᠨ ᠤ ᠬᠤᠲᠠ ᠶᠢᠨ ᠲᠡᠭᠦᠷᠭᠡ ᠨᠡᠶᠢᠭᠡᠮ ᠲᠣᠭᠤᠷᠢᠭ | ᠬᠤᠪᠢᠶᠠᠷᠢ ᠬᠤᠷᠢᠶ᠎ᠠ ᠦᠢᠯᠡᠴᠢᠯᠡᠭᠡᠨ ᠤ ᠲᠢᠩᠬᠢᠮ ᠤᠨ LED ᠳᠡᠯᠭᠡᠴᠡ ᠳᠡᠭᠡᠨ ᠨᠠᠪᠳᠡᠷᠡᠬᠦᠯᠬᠦ᠂ ᠤᠬᠠᠭᠤᠯᠭ᠎ᠠ ᠶᠢᠨ | ᠬᠠᠭᠤᠳᠠᠰᠦ ᠲᠠᠷᠬᠠᠭᠠᠬᠤ᠂ ᠸᠢᠴᠠᠲ ᠤᠨ ᠨᠡᠶᠢᠲᠡ ᠶᠢᠨ ᠳ᠋ᠤᠭᠠᠷ᠂ ᠡᠯᠭᠦᠭᠡ ᠪᠢᠴᠢᠭᠡᠰᠦ ᠡᠯᠭᠦᠬᠦ ᠵᠡᠷᠭᠡ ᠣᠯᠠᠨ | ᠵᠦᠢᠯ ᠤᠨ ᠬᠡᠯᠪᠡᠷᠢ ᠶᠢ ᠠᠰᠢᠭᠯᠠᠨ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠤᠯᠢ ᠴᠠᠭᠠᠵᠠ ᠬᠠᠤᠯᠢ | ᠲᠣᠭᠲᠠᠭᠠᠯ ᠤᠨ ᠮᠡᠳᠡᠯᠭᠡ ᠶᠢ ᠤᠬᠠᠭᠤᠯᠵᠤ᠂ ᠣᠯᠠᠨ ᠲᠦᠮᠡᠨ ᠤ ᠤᠬᠠᠮᠰᠠᠷ ᠠᠴᠠ ᠪᠠᠨ ᠤᠯᠤᠰ ᠤᠨ ᠠᠮᠤᠷ | ᠲᠦᠪᠰᠢᠨ ᠢ ᠬᠠᠮᠠᠭᠠᠯᠠᠬᠤ ᠬᠠᠷᠢᠭᠤᠴᠠᠯᠭᠠᠲᠤ ᠰᠡᠳᠭᠢᠯᠭᠡ ᠶᠢ ᠨᠠᠩ ᠨᠡᠮᠡᠭᠳᠡᠬᠦᠯᠪᠡ᠃ | 4 ᠰᠠᠷ᠎ᠠ ᠶᠢᠨ 15 ᠤ ᠦᠳᠡ ᠶᠢᠨ ᠬᠤᠶᠢᠨ᠎ᠠ᠂ ᠬᠤᠲᠠ ᠶᠢᠨ ᠲᠡᠭᠦᠷᠭᠡ ᠨᠡᠶᠢᠭᠡᠮ ᠲᠣᠭᠤᠷᠢᠭ ᠬᠤᠪᠢᠶᠠᠷᠢ | ᠬᠤᠷᠢᠶ᠎ᠠ ᠡᠮᠴᠢ ᠠᠵᠢᠯᠲᠠᠨ ᠢᠶᠠᠨ ᠵᠣᠬᠢᠶᠠᠨ ᠪᠠᠶᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠤᠯᠤᠰ ᠤᠨ | ᠶᠡᠷᠦᠩᠬᠡᠶ ᠠᠮᠤᠷ ᠲᠦᠪᠰᠢᠨ ᠤ ᠦᠵᠡᠯᠲᠡ ᠶᠢᠨ ᠲᠤᠬᠠᠶ ᠴᠢᠬᠤᠯᠠ ᠥᠭᠦᠯᠡᠯᠲᠡ ᠶᠢ ᠲᠥᠪᠯᠡᠷᠡᠭᠦᠯᠦᠨ | ᠰᠤᠷᠤᠯᠴᠠᠬᠰᠠᠨ ᠢᠶᠠᠷ ᠪᠠᠷᠠᠬᠤ ᠦᠭᠡᠢ ᠪᠠᠰᠠ ᠭᠤᠤᠯ ᠰᠡᠳᠦᠪ ᠤᠨ ᠲᠣᠭᠤᠷᠢᠨ ᠳᠤ ᠬᠤᠪᠢ ᠬᠥᠮᠦᠨ ᠤ ᠰᠤᠷᠤᠯᠴᠠᠯᠭ᠎ᠠ | ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠵᠤ᠂ ᠲᠥᠷᠥᠭᠳᠡᠯ ᠢᠶᠠᠨ | ᠶᠠᠷᠢᠵᠤ᠂ ᠬᠦᠷᠦᠯᠴᠡᠬᠦ ᠦᠭᠡᠢ ᠲᠠᠯ᠎ᠠ ᠪᠠᠨ ᠡᠷᠢᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠᠨ | ᠲᠣᠳᠣᠷᠬᠠᠶᠢᠯᠠᠪᠠ᠃ | ᠲᠣᠰ ᠤᠳᠠᠭᠠᠨ ᠤ ᠰᠢᠷᠢᠰ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠤᠯᠠᠭᠠᠨᠬᠤᠲᠠ ᠶᠢᠨ | ᠡᠮᠴᠢᠯᠡᠭᠡᠨ ᠤ ᠬᠠᠮᠲᠤ ᠶᠢᠨ ᠴᠣᠭᠴᠠ ᠶᠢᠨ ᠶᠡᠷᠦᠩᠬᠡᠶ ᠡᠮᠨᠡᠯᠭᠡ ᠶᠢᠨ ᠬᠤᠷᠢᠶᠠᠨ ᠤ ᠬᠤᠲᠠ ᠶᠢᠨ ᠲᠡᠭᠦᠷᠭᠡ ᠨᠡᠶᠢᠭᠡᠮ | ᠲᠣᠭᠤᠷᠢᠭ ᠬᠤᠪᠢᠶᠠᠷᠢ ᠬᠤᠷᠢᠶ᠎ᠠ ᠲᠣᠰ ᠨᠢᠭᠡᠴᠢ ᠵᠢᠴᠢ ᠨᠡᠶᠢᠭᠡᠮ ᠳᠤ ︽ᠤᠯᠤᠰ ᠤᠨ ᠠᠮᠤᠷ ᠲᠦᠪᠰᠢᠨ ᠳᠤ ᠬᠥᠮᠦᠨ | ᠪᠦᠬᠦᠨ ᠬᠠᠷᠢᠭᠤᠴᠠᠯᠭ᠎ᠠ ᠲᠠᠢ᠂ ᠤᠯᠤᠰ ᠤᠨ ᠠᠮᠤᠷ ᠲᠦᠪᠰᠢᠨ ᠨᠢ ᠳᠠᠷᠤᠢ ᠪᠦᠬᠦ ᠠᠷᠠᠳ ᠤᠨ ᠠᠮᠤᠷ ᠲᠦᠪᠰᠢᠨ᠂ | ᠠᠯᠢᠪᠠ ᠪᠦᠬᠦᠨ ᠠᠷᠠᠳ ᠲᠦᠮᠡᠨ ᠢ ᠲᠦᠰᠢᠭᠯᠡᠬᠦ︾ ᠦᠵᠡᠯᠲᠡ ᠶᠢ ᠪᠣᠶ ᠪᠣᠯᠭᠠᠵᠤ᠂ ᠤᠯᠠᠨ ᠲᠦᠮᠡᠨ ᠤ ᠬᠠᠤᠯᠢ | ᠴᠠᠭᠠᠵᠠ ᠶᠢᠨ ᠡᠬᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠤᠬᠠᠮᠰᠠᠷᠲᠤ ᠴᠢᠨᠠᠷ ᠢ ᠳᠡᠭᠡᠭᠰᠢᠯᠡᠭᠦᠯᠵᠠᠢ᠃ ︵ᠪᠤᠤ | ᠵᠢᠶᠠᠨ ᠬᠤᠸᠠ︶ |