ᠰᠦᠬᠡ ᠤᠢ ᠰᠢᠭᠤᠶ ᠨᠤᠳᠤᠭ ᠪᠡᠯᠴᠢᠭᠡᠷ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠰᠢᠨᠵᠢᠯᠡᠨ ᠪᠠᠶᠢᠴᠠᠭᠠᠵᠦ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2025/4/23
        4 ᠰᠠᠷ᠎ᠠ ᠶᠢᠨ 17 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠰᠦᠬᠡ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠡ ᠲᠦᠯᠦᠪᠵᠢᠬᠦᠯᠬᠦ ᠰᠤᠳᠤᠯᠭᠠᠨ ᠤ ᠲᠦᠪ ᠲᠤ ᠬᠦᠷᠴᠦ᠂ ᠪᠠᠶᠢᠭᠠᠯᠢ ᠶᠢᠨ ᠡᠬᠢ ᠪᠠᠶᠠᠯᠢᠭ ᠤᠨ ᠳᠠᠭᠠᠭᠤᠯᠢ ᠤᠳᠤᠨ ᠠᠯᠤᠰ ᠰᠡᠷᠡᠯᠳᠡᠳᠦ ᠡᠬᠢ ᠪᠠᠶᠠᠯᠢᠭ ᠤᠨ ᠬᠡᠷᠡᠭᠯᠡᠯᠳᠡ ᠶᠢᠨ ᠦᠢᠯᠡᠴᠢᠯᠡᠭᠡᠨ ᠤ ᠪᠠᠶᠢᠳᠠᠯ ᠢ ᠪᠠᠶᠢᠴᠠᠭᠠᠨ ᠤᠶᠢᠯᠠᠭᠠᠵᠦ᠂ ᠤᠢ ᠰᠢᠭᠤᠢ ᠨᠤᠳᠤᠭ ᠪᠡᠯᠴᠢᠭᠡᠷ ᠢ ᠡᠪᠳᠡᠵᠦ ᠬᠠᠤᠯᠢ ᠲᠤᠭᠳᠠᠭᠠᠯ ᠠᠴᠠ ᠵᠦᠷᠢᠴᠡᠭᠰᠡᠨ ᠠᠵᠢᠯᠯᠠᠭ᠎ᠠ ᠶᠢ ᠲᠦᠪᠯᠡᠷᠡᠬᠦᠯᠦᠨ ᠴᠡᠭᠴᠡᠯᠡᠨ ᠵᠠᠰᠠᠬᠤ ᠠᠵᠢᠯ ᠢ ᠬᠢᠨᠠᠨ ᠵᠢᠯᠤᠭᠤᠳᠪᠠ         ᠰᠦᠬᠡ ᠬᠡᠯᠡᠭᠰᠡᠨ ᠨᠢ᠂ ᠪᠦᠬᠦ ᠠᠶᠢᠮᠠᠭ ᠤᠨ ᠳᠡᠭᠡᠳᠦ ᠲᠤᠤᠷᠠᠳᠤ ᠱᠠᠳᠤ ᠪᠠᠷ ᠢᠶᠠᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠦᠨᠳᠦᠷᠴᠡ ᠠᠴᠠ ᠤᠢ ᠮᠣᠳᠣ ᠨᠤᠳᠤᠭ ᠪᠡᠯᠴᠢᠭᠡᠷ ᠢ ᠡᠪᠳᠡᠵᠥ ᠬᠠᠤᠯᠢ ᠲᠤᠬᠳᠡᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠳᠠᠭᠠᠭᠤᠯᠢ ᠤᠳᠤ ᠵᠡᠷᠭᠡ ᠤᠶᠤᠨᠴᠢᠯᠠᠭᠰᠠᠨ ᠠᠷᠭ᠎ᠠ ᠪᠠᠷᠢᠯ ᠢ ᠰᠠᠶᠢᠲᠤᠷ ᠬᠡᠷᠡᠭᠯᠡᠵᠦ᠂ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠪᠣᠯᠤᠨ ᠬᠥᠳᠡᠯᠦᠩᠭᠦᠢ ᠬᠢᠨᠠᠨ ᠬᠡᠮᠵᠢᠯᠲᠡ ᠪᠠᠨ ᠨᠡᠮᠡᠭᠳᠡᠬᠦᠯᠵᠦ᠂ ᠤᠢ ᠮᠣᠳᠣ ᠨᠤᠳᠤᠭ ᠪᠡᠯᠴᠢᠭᠡᠷ ᠢ ᠡᠪᠳᠡᠵᠦ ᠬᠠᠤᠯᠢ ᠲᠤᠬᠳᠡᠭᠠᠯ ᠠᠴᠠ ᠵᠥᠷᠢᠴᠡᠭᠰᠡᠨ ᠠᠵᠢᠯᠯᠠᠭ᠎ᠠ ᠶᠢ ᠡᠷᠲᠡᠬᠡᠨ ᠢᠯᠡᠷᠡᠭᠦᠯᠬᠦ ᠪᠠ ᠴᠢᠩᠭ᠎ᠠ ᠴᠣᠬᠢᠯᠲᠠ ᠥᠭᠬᠦ ᠬᠡᠷᠡᠭᠲᠡᠢ᠃ ᠣᠶ ᠰᠢᠭᠤᠶ ᠨᠤᠳᠤᠭ ᠪᠡᠯᠴᠢᠭᠡᠷ ᠤᠨ ᠬᠤᠪᠢᠷᠠᠯᠲᠠ ᠶᠢᠨ ᠵᠢᠷᠤᠭ ᠤᠨ ᠲᠣᠯᠪᠤ᠂ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠬᠦ ᠵᠡᠷᠭᠡ ᠮᠡᠳᠡᠭᠡ ᠵᠠᠩᠭᠢ ᠪᠠᠷ ᠰᠦᠪᠡᠭᠴᠢ ᠪᠣᠯᠭᠠᠵᠤ᠂ ᠲᠣᠤᠷ ᠲᠠᠲᠠᠬᠤ ᠮᠠᠶ᠋ᠢᠭ ᠤᠨ ᠵᠢᠭᠰᠠᠭᠠᠨ ᠪᠠᠶᠢᠴᠠᠭᠠᠯᠳᠠ ᠶᠢ ᠭᠦᠨᠵᠡᠭᠡᠶ ᠥᠷᠨᠢᠭᠦᠯᠵᠦ᠂ ᠣᠶ ᠰᠢᠭᠤᠶ ᠨᠤᠳᠤᠭ ᠪᠡᠯᠴᠢᠭᠡᠷ ᠤᠨ ᠬᠠᠤᠯᠢ ᠬᠡᠷᠡᠭᠵᠢᠭᠦᠯᠬᠦ ᠰᠢᠰᠲ᠋ᠧᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠷᠠᠭᠤᠯᠤᠨ᠂ ᠣᠶ ᠰᠢᠭᠤᠶ ᠨᠤᠳᠤᠭ ᠪᠡᠯᠴᠢᠭᠡᠷ᠂ ᠪᠠᠶᠢᠭᠠᠯᠢ ᠶᠢᠨ ᠡᠬᠢ ᠪᠠᠶᠠᠯᠢᠭ᠂ ᠲᠠᠷᠢᠶᠠᠯᠠᠩ ᠮᠠᠯ ᠠᠵᠤ ᠠᠬᠤᠶ᠂ ᠤᠰᠤᠨ ᠠᠰᠢᠭᠯᠠᠯᠲᠠ ᠵᠡᠷᠭᠡ ᠰᠠᠯᠠᠭ᠎ᠠ ᠮᠥᠴᠢᠷ ᠲᠠᠢ ᠨᠢᠭᠲᠠ ᠬᠠᠮᠵᠢᠯᠴᠠᠬᠤ᠂ ᠵᠣᠬᠢᠴᠠᠭᠤᠯᠤᠨ ᠬᠠᠮᠲᠤᠷᠠᠯᠴᠠᠬᠤ ᠶᠢ ᠠᠬᠢᠭᠤᠯᠵᠤ᠂ ᠨᠡᠶᠢᠲᠡᠯᠢᠭ ᠬᠡᠷᠡᠭ ᠢ ᠢᠯᠡᠴᠢᠯᠡᠬᠦ ᠡᠷᠴᠢᠮ ᠢᠶᠠᠨ ᠴᠢᠩᠭᠠᠷᠠᠭᠤᠯᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠬᠦᠨᠵᠡᠭᠡᠶᠢᠷᠡᠬᠦᠯᠦᠨ ᠪᠤᠳᠠᠳᠠᠶᠢᠵᠢᠭᠤᠯᠵᠦ᠂ ᠪᠤᠳᠠᠳᠦ ᠦᠷ᠎ᠠ ᠪᠦᠳᠦᠮᠵᠢ ᠤᠯᠬᠤ ᠶᠢ ᠦᠨᠡᠨᠬᠦ ᠪᠠᠳᠤᠯᠠᠬᠤ ᠬᠡᠷᠡᠭᠳᠡᠢ᠃ ᠬᠢᠩᠭᠠᠨ ᠠᠶᠢᠮᠠᠭ ᠤᠨ ᠳᠠᠭᠠᠭᠤᠯᠢ ᠣᠳᠣᠨ ᠤ ᠬᠤᠪᠢᠶᠠᠷᠢ ᠲᠥᠪ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠦᠨ᠂ ᠲᠤᠰᠬᠠᠶ ᠮᠡᠷᠭᠡᠵᠢᠯ ᠤᠨ ᠴᠢᠳᠠᠪᠤᠷᠢ ᠪᠠ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠳᠠᠭᠠᠭᠤᠯᠢ ᠣᠳᠣᠨ ᠤ ᠠᠯᠤᠰ ᠰᠡᠷᠡᠯᠳᠡᠳᠦ ᠲᠤᠭ᠎ᠠ ᠪᠠᠷᠢᠮᠲᠠ ᠶᠢ ᠠᠵᠤ ᠦᠢᠯᠡᠰᠵᠢᠭᠦᠯᠦᠨ ᠬᠡᠷᠡᠭᠯᠡᠬᠦ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠡᠢ᠃        ᠠᠶᠢᠮᠠᠭ ᠤᠨ ᠤᠳᠤᠷᠢᠳᠤᠯᠭ᠎ᠠ ᠴᠧᠨ ᠵᠢᠩ ᠬᠤᠸᠠ᠂ ᠬᠥ᠋ ᠯᠢ ᠮᠢᠨ ᠵᠢᠴᠢ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠣᠷᠣᠯᠴᠠᠵᠠᠶ᠃ ︵ᠵᠠᠩ ᠸᠧᠢ ᠨᠠᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号