| 4 ᠰᠠᠷ᠎ᠠ ᠶᠢᠨ 19 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠰᠦᠬᠡ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ | ᠬᠦᠷᠴᠦ ᠠᠵᠦ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠰᠢᠨᠵᠢᠯᠡᠨ ᠪᠠᠶᠢᠴᠠᠭᠠᠵᠦ ᠬᠢᠨᠠᠨ ᠵᠢᠯᠤᠭᠤᠳᠴᠦ᠂ | ᠲᠤᠬᠠᠢ ᠶᠢᠨ ᠭᠠᠵᠠᠷ ᠲᠤ ᠬᠦᠷᠴᠦ ᠬᠠᠮᠢᠶ᠎ᠠ ᠪᠦᠬᠦᠢ ᠠᠵᠦ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠳᠡ᠂ | ᠮᠡᠷᠭᠡᠵᠢᠯ ᠤᠨ ᠦᠭᠡᠷᠡᠴᠢᠯᠡᠯᠳᠡ ᠬᠢᠵᠦ ᠲᠡᠰ ᠲᠡᠪᠰᠢᠬᠦᠯᠬᠦ᠂ ᠠᠶᠤᠯᠬᠦᠢ ᠦᠢᠯᠡᠳᠪᠦᠷᠢᠯᠡᠯ ᠵᠡᠷᠭᠡ ᠪᠠᠶᠢᠳᠠᠯ ᠢ | ᠤᠶᠢᠯᠠᠭᠠᠪᠠ᠃ | ᠰᠦᠬᠡ ᠡᠩ ᠲᠡᠷᠢᠭᠦᠨ ᠳᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠷᠠᠨᠢᠭᠤᠷ | ᠰᠤᠮᠦ ᠶᠢᠨ ᠰᠢᠩ ᠲᠦᠩ ᠨᠡᠭᠦᠷᠡᠰᠦᠨ ᠦᠢᠯᠡᠰ ᠤᠨ ᠬᠢᠵᠠᠭᠠᠷᠲᠤ ᠺᠣᠮᠫᠠᠨᠢ ᠳᠤ ᠬᠦᠷᠴᠦ᠂ ᠠᠵᠢᠯ ᠤᠨ ᠳᠠᠰᠤᠭ ᠢᠶᠠᠷ | ᠭᠦᠨᠵᠡᠭᠡᠶᠢᠷᠡᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ᠂ ᠬᠢᠨᠠᠨ ᠬᠠᠮᠢᠶᠠᠷᠬᠤ | ᠲᠦᠬᠦᠭᠡᠷᠦᠮᠵᠢ ᠶᠢᠨ ᠡᠷᠬᠢᠯᠳᠡ ᠶᠢᠨ ᠪᠠᠶᠢᠳᠠᠯ ᠵᠡᠷᠭᠡ ᠶᠢ ᠪᠠᠶᠢᠴᠠᠭᠠᠨ ᠦᠵᠡᠵᠦ᠂ ᠠᠵᠦ ᠠᠬᠤᠶᠢᠯᠠᠯ ᠤᠨ | ᠬᠠᠷᠢᠭᠤᠴᠠᠯᠭᠠᠳᠠᠨ ᠲᠠᠢ ᠶᠠᠷᠢᠯᠴᠠᠬᠤ ᠬᠤᠷᠠᠯ ᠬᠢᠵᠦ ᠦᠢᠯᠡᠳᠪᠦᠷᠢᠯᠡᠯ ᠡᠵᠡᠩᠨᠡᠯᠲᠡ ᠪᠣᠯᠤᠨ ᠮᠡᠷᠭᠡᠵᠢᠯ ᠤᠨ | ᠥᠭᠡᠷᠡᠴᠢᠯᠡᠯᠲᠡ ᠬᠢᠵᠦ ᠲᠡᠰ ᠲᠡᠪᠰᠢᠬᠦᠯᠬᠦ ᠲᠦᠯᠦᠪᠯᠡᠭᠡ ᠶᠢ ᠨᠠᠷᠢᠨ ᠤᠶᠢᠯᠠᠭᠠᠬᠤ ᠶᠢᠨ ᠬᠠᠮᠳᠦ ᠲᠤᠬᠠᠢ ᠶᠢᠨ | ᠲᠠᠯᠠᠪᠤᠷ ᠲᠤ ᠠᠵᠦ ᠠᠬᠤᠶᠢᠯᠠᠯ ᠤᠨ ᠲᠤᠯᠭᠠᠷᠠᠵᠦ ᠪᠠᠶᠢᠭ᠎ᠠ ᠬᠦᠴᠢᠷ ᠠᠰᠠᠭᠤᠳᠠᠯ ᠢ ᠰᠶᠢᠳᠪᠦᠷᠯᠡᠪᠡ᠃ ᠲᠡᠷᠡ | ᠬᠡᠯᠡᠭᠰᠡᠨ ᠨᠢ᠂ ᠰᠢᠩ ᠲᠦᠩ ᠨᠡᠭᠦᠷᠡᠰᠦᠨ ᠦᠢᠯᠡᠰ ᠪᠣᠯ ᠪᠦᠬᠦ ᠠᠶᠢᠮᠠᠭ ᠤᠨ ᠭᠤᠣᠯᠳᠠᠯᠭ᠎ᠠ ᠲᠠᠢ ᠡᠨᠧᠷᠭᠢ ᠶᠢᠨ ᠠᠵᠤ | ᠠᠬᠤᠶᠢᠯᠠᠯ ᠪᠣᠯᠤᠨ᠎ᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠪᠣᠯᠤᠨ ᠠᠶᠢᠮᠠᠭ ᠤᠨ ᠰᠢᠭᠤᠳ ᠬᠠᠷᠢᠶ᠎ᠠ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠢ ᠲᠤᠰᠠᠯᠠᠬᠤ | ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠠᠷᠭ᠎ᠠ ᠪᠦᠬᠦᠨ ᠢ ᠰᠦᠪᠡᠭᠴᠢᠯᠡᠨ ᠤᠶᠤᠨᠴᠢᠯᠠᠬᠰᠠᠨ ᠪᠦᠳᠦᠭᠡᠨ | ᠪᠠᠶᠢᠭᠤᠯᠤᠯᠲᠠ ᠶᠢᠨ ᠲᠠᠯ᠎ᠠ ᠪᠠᠷ ᠬᠢ ᠲᠤᠳᠠᠭᠤᠳᠠᠯ ᠪᠠᠭᠤᠷᠠᠢ ᠲᠠᠯ᠎ᠠ ᠶᠢ ᠨᠦᠬᠦᠪᠦᠷᠢᠯᠡᠵᠦ᠂ ᠠᠵᠦ ᠠᠬᠤᠶᠢᠯᠠᠯ ᠤᠨ | ᠲᠡᠤᠭᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠲᠦᠷᠭᠡᠨ ᠰᠶᠢᠳᠪᠦᠷᠢᠯᠡᠵᠦ᠂ ᠣᠷᠣᠨ ᠨᠤᠲᠤᠭ ᠤᠨ ᠠᠵᠤ | ᠠᠬᠤᠢ ᠶᠢᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠨᠡᠬᠦᠷᠡᠰᠦᠨ ᠤ ᠪᠠᠳᠤᠯᠠᠭ᠎ᠠ ᠳᠤ ᠨᠡᠩ ᠰᠠᠶᠢᠨ | ᠦᠢᠯᠡᠴᠢᠯᠡᠬᠦ ᠬᠡᠷᠡᠭᠳᠡᠢ᠃ ᠰᠢᠩ ᠲᠦᠩ ᠨᠡᠭᠦᠷᠡᠰᠦᠨ ᠦᠢᠯᠡᠰ ᠠᠵᠦ ᠠᠬᠤᠶᠢᠯᠠᠯ ᠤᠨ ᠭᠤᠤᠯᠯᠠᠭᠴᠢ ᠦᠷᠢᠰᠦᠯᠳᠦᠬᠦ | ᠬᠦᠴᠦᠨ ᠢᠶᠠᠨ ᠲᠡᠭᠡᠭᠰᠢᠯᠡᠬᠦᠯᠵᠦ᠂ ᠠᠶᠤᠯᠬᠦᠢ ᠦᠢᠯᠡᠳᠪᠦᠷᠢᠯᠡᠯ ᠪᠤᠯᠤᠨ ᠠᠮᠢ ᠠᠬᠤᠢ ᠤᠷᠴᠢᠨ ᠲᠤᠭᠤᠷᠢᠨ ᠤ | ᠬᠠᠮᠠᠭᠠᠯᠠᠯᠳᠠ ᠶᠢᠨ ︽ᠬᠤᠶᠠᠷ ᠬᠤᠷᠢᠭ᠎ᠠ ᠱᠤᠭᠤᠮ︾ ᠢ ᠪᠠᠲᠤ ᠰᠠᠬᠢᠵᠤ᠂ ᠠᠮᠤᠷ ᠲᠦᠪᠰᠢᠨ᠂ ᠥᠨᠳᠥᠷ | ᠪᠦᠲᠦᠮᠵᠢᠲᠡᠢ᠂ ᠪᠣᠬᠢᠷᠲᠤᠯ ᠦᠭᠡᠢ᠂ ᠤᠶᠤᠨᠴᠢᠯᠠᠭᠰᠠᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ | ᠬᠦᠴᠦᠯᠡᠨ ᠴᠢᠷᠮᠠᠶᠢᠬᠤ ᠬᠡᠷᠡᠭᠲᠡᠢ ᠭᠡᠪᠡ᠃ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠤᠬᠤᠮ ᠰᠤᠮᠤ ᠶᠢᠨ ᠬᠦᠬᠡ ᠲᠣᠯᠪᠣᠳᠠᠨ | ᠴᠡᠭᠡ ᠶᠢᠨ ᠠᠵᠦ ᠦᠢᠯᠡᠰ ᠤᠨ ᠰᠠᠭᠤᠷᠢᠨ ᠭᠠᠵᠠᠷ ᠲᠤ᠂ ᠰᠦᠬᠡ ᠦᠢᠯᠡᠳᠪᠦᠷᠢ ᠶᠢᠨ ᠲᠠᠰᠤᠭ ᠲᠤ ᠣᠷᠣᠵᠤ᠂ ᠠᠵᠤ | ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠲᠠᠷᠢᠶᠠᠴᠢᠨ ᠲᠠᠢ ᠬᠤᠯᠪᠣᠭᠠᠯᠠᠨ ᠪᠠᠶᠠᠵᠢᠯ ᠢ ᠳᠠᠶᠢᠴᠢᠯᠠᠬᠤ | ᠪᠠᠶᠢᠳᠠᠯ ᠢ ᠤᠶᠢᠯᠠᠭᠠᠪᠠ᠃ ᠲᠡᠷᠡ ᠠᠵᠤ ᠠᠬᠤᠶᠢᠯᠠᠯ ᠢ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ | ᠡᠳ᠋ᠰᠢᠬᠦᠯᠬᠦ ᠵᠠᠬ᠎ᠠ ᠲᠡᠯᠭᠡᠬᠦᠷ ᠢ ᠦᠷᠬᠦᠯᠵᠢᠯᠡᠨ ᠬᠦᠨᠵᠡᠭᠡᠶᠢᠷᠡᠬᠦᠯᠵᠦ᠂ ᠣᠨᠴᠠᠯᠢᠬᠵᠢᠭᠤᠯᠬᠤ᠂ ᠵᠦᠷᠢᠶᠡᠵᠢᠬᠦᠯᠬᠦ᠂ | ᠪᠠᠷᠢᠮᠵᠢᠶᠠᠵᠢᠭᠤᠯᠬᠤ ᠬᠥᠭᠵᠢᠯᠲᠡ ᠶᠢᠨ ᠵᠠᠮ ᠢᠶᠠᠷ ᠡᠷᠡᠰ ᠵᠠᠮᠨᠠᠵᠤ᠂ ᠲᠦᠷᠦᠯ ᠲᠡᠮᠳᠡᠭ ᠢ ᠡᠭᠦᠳᠬᠦ᠂ ᠰᠤᠳᠤᠯᠤᠨ | ᠨᠡᠭᠡᠭᠡᠬᠦ ᠪᠡᠯᠡ ᠣᠷᠣᠭᠤᠯᠤᠯᠲᠠ᠂ ᠲᠦᠷᠦᠯ ᠵᠦᠢᠯ ᠢ ᠨᠡᠭᠡᠭᠡᠨ ᠬᠥᠭᠵᠢᠭᠦᠯᠬᠦ ᠶᠢ ᠴᠢᠩᠭ᠎ᠠ ᠠᠳᠬᠤᠵᠤ᠂ ᠰᠦ ᠶᠢᠨ | ᠢᠷᠡᠯᠲᠡ ᠶᠢᠨ ᠰᠠᠭᠤᠷᠢᠨ ᠤ ᠪᠦᠳᠦᠭᠡᠨ ᠪᠠᠶᠢᠭᠤᠯᠤᠯᠲᠠ ᠪᠣᠯᠤᠨ ᠪᠦᠲᠦᠭᠡᠭᠳᠡᠬᠦᠨ ᠢ ᠨᠠᠷᠢᠯᠢᠬᠵᠢᠭᠤᠯᠤᠨ ᠡᠵᠡᠩᠨᠡᠨ | ᠪᠣᠷᠣᠯᠠᠭᠤᠯᠬᠤ ᠶᠢ ᠴᠢᠩᠭᠠᠳᠬᠠᠵᠤ᠂ ᠮᠠᠯᠴᠢᠨ ᠲᠠᠷᠢᠶᠠᠴᠢᠨ ᠢ ᠳᠠᠭᠠᠭᠤᠯᠤᠨ ᠵᠠᠬ᠎ᠠ ᠳᠡᠯᠭᠡᠭᠦᠷ ᠲᠤ ᠭᠠᠷᠴᠦ᠂ ᠠᠵᠤ | ᠦᠢᠯᠡᠰ ᠢ ᠡᠷᠬᠢᠯᠡᠬᠦᠯᠵᠦ᠂ ᠲᠠᠰᠤᠷᠠᠯᠳᠠ ᠦᠭᠡᠢ ᠰᠢᠯᠢᠳᠡᠭᠵᠢᠬᠦᠯᠦᠨ ᠬᠦᠴᠦᠷᠭᠡᠭᠵᠢᠬᠦᠯᠬᠦ ᠶᠢ ᠵᠤᠷᠢᠭᠵᠢᠭᠤᠯᠵᠠᠢ᠃ | ᠣᠷᠣᠨ ᠨᠤᠲᠤᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ | ᠠᠵᠤ ᠠᠬᠤᠶᠢᠯᠠᠯ ᠢ ᠢᠳᠡᠪᠬᠢᠲᠡᠶ ᠪᠠᠷ ᠬᠠᠪᠰᠤᠷᠠᠬᠤ ᠰᠠᠭᠤᠷᠢᠨ ᠭᠠᠵᠠᠷ ᠪᠠᠶᠢᠭᠤᠯᠵᠤ᠂ ᠵᠠᠬ᠎ᠠ ᠳᠡᠯᠭᠡᠭᠦᠷ ᠢ | ᠥᠷᠭᠡᠳᠭᠡᠵᠦ᠂ ᠠᠵᠤ ᠠᠬᠤᠶᠢᠯᠠᠯ ᠢ ᠬᠦᠭᠵᠢᠬᠦᠯᠦᠨ ᠪᠤᠵᠠᠭᠠᠶᠢᠷᠠᠭᠤᠯᠬᠤ ᠪᠠᠷ ᠲᠠᠮᠵᠢᠭᠤᠯᠤᠨ ᠨᠡᠩ ᠤᠯᠠᠨ ᠮᠠᠯᠴᠢᠨ | ᠲᠠᠷᠢᠶᠠᠴᠢᠨ ᠢ ᠲᠠᠶᠢᠴᠢᠯᠠᠨ ᠤᠷᠤᠯᠭ᠎ᠠ ᠶᠢ ᠨᠢ ᠨᠡᠮᠡᠭᠳᠡᠬᠦᠯᠦᠨ ᠪᠠᠶᠠᠵᠢᠭᠤᠯᠵᠦ᠂ ᠠᠵᠤ ᠦᠢᠯᠡᠰ ᠢ ᠬᠥᠭᠵᠢᠭᠦᠯᠬᠦ ᠪᠠ | ᠠᠵᠤ ᠠᠬᠤᠶᠢᠯᠠᠯ ᠢ ᠪᠤᠵᠠᠭᠠᠶᠢᠷᠠᠭᠤᠯᠤᠨ ᠬᠠᠮᠲᠤ ᠪᠠᠷ ᠠᠰᠢᠭ ᠭᠥᠷᠳᠡᠬᠦ᠂ ᠠᠵᠤ ᠠᠬᠤᠶ ᠶᠢᠨ ᠦᠷ᠎ᠡ ᠠᠰᠢᠭ ᠪᠠ | ᠨᠡᠶᠢᠭᠡᠮ ᠤᠨ ᠦᠷ᠎ᠡ ᠠᠰᠢᠭ ᠢ ᠵᠡᠷᠭᠡᠪᠡᠷ ᠤᠯᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ ᠭᠡᠪᠡ᠃ | ᠠᠶᠢᠮᠠᠭ ᠤᠨ ᠤᠳᠤᠷᠢᠳᠤᠯᠭ᠎ᠠ ᠯᠢᠶᠠᠨ ᠳ᠋ᠦᠩ᠂ ᠬᠥ᠋ ᠯᠢ ᠮᠢᠨ ᠰᠢᠨᠵᠢᠯᠡᠨ ᠪᠠᠶᠢᠴᠠᠭᠠᠯᠳᠠ ᠳᠤ ᠣᠷᠣᠯᠴᠠᠪᠠ᠃ | ︵ᠸᠧᠨ ᠡᠤ︶ | | | | | | | |