| ᠤᠶᠢᠷ᠎ᠠ ᠶᠢᠨ ᠡᠳᠦᠷ᠂ ᠬᠢᠩᠭᠠᠨ ᠠᠶᠢᠮᠠᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠪᠣᠯᠤᠨ ᠥᠪᠥᠷ | ᠮᠣᠩᠭᠤᠯ ᠤᠨ ᠤᠣ ᠰᠾᠢ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠬᠠᠮᠲᠤ ᠪᠠᠷ ︽12338 ᠬᠢᠩᠭᠠᠨ | ᠠᠶᠢᠮᠠᠭ ᠤᠨ ᠡᠮᠡᠭᠲᠡᠶᠢᠴᠦᠳ ᠤᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠲᠥᠪ︾ ᠤᠨ ᠫᠠᠶᠢᠰᠠ ᠡᠯᠭᠦᠬᠦ | ᠶᠣᠰᠣᠯᠠᠯ ᠶᠠᠪᠤᠭᠤᠯᠪᠠ᠃ ᠲᠣᠰ ᠦᠢᠯᠡᠴᠢᠯᠡᠭᠡᠨ ᠤ ᠲᠥᠪ ᠨᠢ ᠤᠣ ᠰᠾᠢ ᠬᠠᠤᠯᠢᠴᠢ ᠶᠢᠨ ᠬᠡᠷᠡᠭ ᠡᠷᠬᠢᠯᠡᠬᠦ | ᠭᠠᠵᠠᠷ ᠲᠤ ᠫᠠᠶᠢᠰᠠ ᠡᠯᠬᠦᠭᠳᠡᠵᠦ᠂ ᠡᠮᠡᠭᠲᠡᠶᠢᠴᠦᠳ ᠤᠨ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠠᠷᠭ᠎ᠠ ᠵᠠᠮ ᠢ | ᠤᠯᠠᠮ ᠨᠢᠭᠡ ᠠᠯᠬᠤᠮ ᠰᠠᠭᠠᠳ ᠥᠬᠡᠶ ᠨᠡᠪᠲᠡᠷᠡᠭᠦᠯᠦᠭᠰᠡᠨ ᠪᠠᠶᠢᠨ᠎ᠠ᠃ | ᠣᠶᠢᠷ᠎ᠠ ᠶᠢᠨ ᠵᠢᠯ ᠳᠤ᠂ ᠥᠪᠥᠷ ᠮᠣᠩᠭᠤᠯ ᠤᠨ ᠤᠣ ᠰᠾᠢ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠨᠢ | ᠡᠮᠡᠭᠲᠡᠶᠢᠴᠦᠳ ᠤᠨ ᠡᠷᠬᠡ ᠠᠰᠢᠭ ᠢ ᠬᠠᠮᠠᠭᠠᠯᠠᠬᠤ ᠠᠵᠢᠯ ᠢ ᠠᠬᠢᠭᠤᠯᠬᠤ ᠪᠠᠷ ᠴᠢᠷᠮᠠᠶᠢᠬᠰᠠᠭᠠᠷ ᠢᠷᠡᠵᠠᠢ᠃ ᠳᠤᠰ | ᠬᠠᠤᠯᠢᠴᠢ ᠶᠢᠨ ᠭᠠᠵᠠᠷ 2022 ᠣᠨ ᠠᠴᠠ ᠡᠬᠢᠯᠡᠨ᠂ ᠨᠡᠶᠢᠭᠡᠮ ᠤᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ | ᠡᠭᠦᠷᠭᠡᠯᠡᠵᠦ᠂ ᠡᠮᠡᠭᠲᠡᠶᠢᠴᠦᠳ ᠤᠨ ᠡᠷᠬᠡ ᠠᠰᠢᠭ ᠢ ᠬᠠᠮᠠᠭᠠᠯᠠᠬᠤ ᠲᠤᠰᠬᠠᠢ ᠠᠵᠢᠯ ᠤᠨ ᠳᠤᠭᠤᠶᠢᠯᠠᠩ ᠪᠠᠶᠢᠭᠤᠯᠵᠤ᠂ | ︽12338︾ ᠲᠠᠪᠴᠠᠩ ᠳᠤ ᠲᠦᠰᠢᠭᠯᠡᠨ᠂ 1000 ᠭᠠᠷᠤᠢ ᠡᠮᠡᠭᠲᠡᠶᠢᠴᠦᠳ ᠲᠤ ᠬᠠᠤᠯᠢ ᠴᠠᠭᠠᠵᠠ ᠶᠢᠨ | ᠵᠥᠪᠯᠡᠯᠭᠡ ᠥᠭᠬᠦ᠂ ᠵᠠᠷᠭᠤ ᠶᠢ ᠣᠷᠣᠯᠠᠨ ᠭᠦᠢᠴᠡᠳᠭᠡᠬᠦ᠂ ᠰᠡᠳᠭᠢᠴᠡ ᠶᠢ ᠲᠠᠶᠢᠳᠬᠤᠷᠠᠭᠤᠯᠤᠨ ᠵᠢᠯᠣᠭᠤᠳᠬᠤ ᠵᠡᠷᠭᠡ | ᠦᠢᠯᠡᠴᠢᠯᠡᠭᠡ ᠬᠠᠩᠭᠠᠵᠤ᠂ ᠭᠡᠷ ᠪᠦᠯᠢ ᠶᠢᠨ ᠵᠢᠭᠤᠷᠠᠯᠳᠤᠭᠠᠨ᠂ ᠬᠥᠳᠡᠯᠮᠦᠷᠢ ᠶᠢᠨ ᠡᠷᠬᠡ ᠠᠰᠢᠭ ᠤᠨ ᠬᠠᠯᠳᠠᠯᠭ᠎ᠠ | ᠵᠡᠷᠭᠡ ᠬᠡᠷᠡᠭ ᠢ 260 ᠭᠠᠷᠤᠢ ᠠᠮᠵᠢᠯᠲᠠ ᠲᠠᠢ ᠰᠶᠢᠳᠪᠦᠷᠢᠯᠡᠵᠦ᠂ ᠬᠠᠤᠯᠢ ᠴᠠᠭᠠᠵᠠ ᠶᠢᠨ ᠲᠤᠰᠬᠠᠢ ᠬᠦᠴᠦᠨ ᠢᠶᠠᠷ | ᠡᠮᠡᠭᠲᠡᠶᠢᠴᠦᠳ ᠬᠡᠦᠬᠡᠳ ᠤᠨ ᠡᠷᠬᠡ ᠠᠰᠢᠭ ᠢ ᠰᠠᠶᠢᠳᠤᠷ ᠬᠠᠮᠠᠭᠠᠯᠠᠬᠰᠠᠨ ᠪᠠᠶᠢᠨ᠎ᠠ᠃ | ︽12338 ᠬᠢᠩᠭᠠᠨ ᠠᠶᠢᠮᠠᠭ ᠤᠨ ᠡᠮᠡᠭᠲᠡᠶᠢᠴᠦᠳ ᠤᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ | ᠲᠥᠪ︾ ᠨᠢ ᠤᠷᠤᠭ ᠬᠤᠷᠢᠮ ᠪᠠ ᠭᠡᠷ ᠪᠦᠯᠢ ᠶᠢᠨ ᠵᠥᠷᠢᠴᠡᠯ᠂ ᠠᠵᠢᠯ ᠣᠯᠭᠤᠯᠲᠠ ᠶᠢᠨ ᠭᠠᠳᠠᠭᠤᠷᠴᠢᠯᠠᠯ᠂ ᠭᠡᠷ | ᠪᠦᠯᠢ ᠶᠢᠨ ᠬᠦᠴᠦᠷᠬᠡᠭᠯᠡᠯ ᠵᠡᠷᠭᠡ ᠡᠮᠡᠭᠲᠡᠶᠢᠴᠦᠳ ᠤᠨ ᠡᠷᠬᠡ ᠠᠰᠢᠭ ᠢ ᠬᠠᠮᠠᠭᠠᠯᠠᠬᠤ ᠬᠦᠴᠢᠷ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠴᠠᠭᠠᠵᠠ ᠶᠢᠨ ᠵᠥᠪᠯᠡᠯᠭᠡ ᠥᠭᠬᠦ᠂ ᠭᠡᠷᠡᠴᠢ ᠪᠠᠷᠢᠮᠲᠠ ᠴᠤᠭᠯᠠᠭᠤᠯᠬᠤ᠂ | ᠵᠠᠷᠭᠤ ᠶᠢᠨ ᠣᠷᠣᠯᠠᠭᠴᠢ ᠵᠡᠷᠭᠡ ᠪᠥᠬᠦ ᠶᠠᠪᠤᠴᠠ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠳᠡᠮᠵᠢᠯᠭᠡ ᠬᠠᠩᠭᠠᠬᠤ | ᠪᠤᠯᠤᠨ᠎ᠠ᠃ ᠮᠦᠨ ᠴᠤ ᠪᠠᠰᠠ ᠡᠮᠡᠭᠲᠡᠶᠢᠴᠦᠳ ᠤᠨ ᠬᠤᠯᠪᠤᠭᠠᠳᠤ ᠬᠤᠷᠠᠯ ᠳᠤ ᠲᠦᠰᠢᠭᠯᠡᠨ᠂ ᠬᠡᠷᠡᠭ ᠢ ᠱᠠᠲᠤ | ᠬᠤᠪᠢᠶᠠᠨ ᠴᠤᠤᠷᠢᠶᠠᠳᠤᠨ ᠳᠠᠭᠠᠬᠤ ᠲᠣᠭᠲᠠᠴᠠ ᠶᠢ ᠪᠠᠶᠢᠭᠤᠯᠵᠤ᠂ ᠥᠨᠳᠥᠷ ᠨᠠᠰᠤᠲᠠᠶ᠂ ᠵᠡᠮᠳᠡᠭ᠂ ᠬᠦᠴᠢᠷᠳᠡᠯ ᠳᠤ | ᠲᠤᠯᠭᠠᠷᠠᠭᠰᠠᠨ ᠡᠮᠡᠭᠲᠡᠶᠢᠴᠦᠳ ᠬᠡᠤᠬᠡᠳ ᠲᠤ ᠬᠠᠤᠯᠢ ᠴᠠᠭᠠᠵᠠ ᠶᠢᠨ ᠲᠤᠰᠠᠯᠠᠮᠵᠢ ᠶᠢᠨ ︽ᠰᠠᠭᠠᠳ ᠥᠬᠡᠶ ᠨᠡᠪᠲᠡᠷᠡᠬᠦ | ᠵᠠᠮ︾ ᠨᠡᠭᠡᠭᠡᠬᠦ ᠶᠢᠨ ᠬᠠᠮᠲᠤ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠶᠢᠨ ᠬᠤᠯᠪᠣᠭᠠᠯᠠᠨ | ᠬᠥᠳᠡᠯᠦᠯᠴᠡᠬᠦ ᠦᠢᠯᠡᠴᠢᠯᠡᠭᠡᠨ ᠤ ᠵᠠᠭᠪᠤᠷ ᠢ ᠬᠠᠶᠢᠨ ᠰᠦᠪᠡᠭᠴᠢᠯᠡᠵᠦ᠂ ᠦᠢᠯᠡᠴᠢᠯᠡᠭᠡᠨ ᠤ ᠬᠠᠮᠤᠷᠬᠤ ᠬᠡᠪᠴᠢᠶ᠎ᠡ ᠶᠢ | ᠥᠷᠭᠡᠳᠭᠡᠬᠦ ᠶᠢᠨ ᠬᠠᠮᠲᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠲᠠᠶᠢᠯᠤᠮᠵᠢ᠂ | ᠳᠠᠭᠤᠷᠢᠶᠠᠮᠠᠯ ᠰᠢᠭᠦᠬᠦ ᠲᠢᠩᠬᠢᠮ ᠵᠡᠷᠭᠡ ᠤᠬᠠᠭᠤᠯᠭ᠎ᠠ ᠶᠢᠨ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ | ᠥᠷᠨᠢᠭᠦᠯᠵᠦ᠂ ᠡᠮᠡᠭᠲᠡᠶᠢᠴᠦᠳ ᠬᠡᠤᠬᠡᠳ ᠤᠨ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠤᠬᠠᠮᠰᠠᠷ ᠢ | ᠴᠢᠩᠭᠠᠷᠠᠭᠤᠯᠤᠨ᠎ᠠ᠃ | ︽ᠳᠤᠰ ᠦᠢᠯᠡᠴᠢᠯᠡᠭᠡᠨ ᠤ ᠲᠥᠪ ᠪᠠᠶᠢᠭᠤᠯᠤᠭᠳᠠᠭᠰᠠᠨ ᠨᠢ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ | ᠬᠠᠮᠲᠤᠯᠢᠭ ᠤᠨ ᠨᠡᠶᠢᠭᠡᠮ ᠤᠨ ᠬᠠᠷᠢᠭᠤᠴᠠᠯᠭ᠎ᠠ ᠡᠭᠦᠷᠭᠡᠯᠡᠯ ᠢ ᠬᠠᠷᠠᠭᠤᠯᠤᠭᠰᠠᠨ ᠢᠶᠠᠷ ᠪᠠᠷᠠᠬᠤ ᠥᠬᠡᠶ᠂ ᠨᠠᠩ ᠴᠤ | ᠬᠢᠩᠭᠠᠨ ᠠᠶᠢᠮᠠᠭ ᠤᠨ ᠡᠮᠡᠭᠲᠡᠶᠢᠴᠦᠳ ᠬᠡᠤᠬᠡᠳ ᠤᠨ ᠡᠷᠬᠡ ᠠᠰᠢᠭ ᠢ ᠬᠠᠮᠠᠭᠠᠯᠠᠬᠤ ᠠᠵᠢᠯ ᠳᠤ ᠬᠦᠴᠦᠷᠬᠡᠭ ᠶᠡᠭᠡ | ᠬᠥᠳᠡᠯᠭᠡᠬᠦ ᠬᠦᠴᠦᠨ ᠨᠡᠮᠡᠷᠢᠯᠡᠵᠦ᠂ ︿ᠵᠢᠭᠰᠠᠭᠠᠯ ᠤᠨ ᠭᠠᠵᠠᠷ ᠢ ᠪᠠᠷᠢᠮᠵᠢᠶᠠᠵᠢᠭᠤᠯᠬᠤ᠂ ᠦᠢᠯᠡᠴᠢᠯᠡᠭᠡ ᠶᠢ | ᠲᠤᠰᠬᠠᠶᠢᠵᠢᠭᠤᠯᠬᠤ᠂ ᠡᠩᠨᠡᠭᠡ ᠶᠢ ᠵᠢᠷᠤᠮᠵᠢᠭᠤᠯᠬᠤ﹀ ᠪᠠᠶᠢᠭᠤᠯᠤᠯᠲᠠ ᠶᠢᠨ ᠱᠠᠭᠠᠷᠳᠠᠯᠭ᠎ᠠ ᠶᠢ ᠵᠢᠷᠤᠮᠯᠠᠵᠤ᠂ | ᠬᠠᠤᠯᠢᠵᠢᠯ ᠤᠨ ᠡᠷᠴᠢᠮ ᠢᠶᠠᠷ ᠡᠮᠡᠭᠲᠡᠶᠢᠴᠦᠳ ᠬᠡᠦᠬᠡᠳ ᠤᠨ ᠡᠷᠬᠡ ᠠᠰᠢᠭ ᠢ ᠬᠠᠮᠠᠭᠠᠯᠠᠬᠤ ︿ᠲᠤᠰᠬᠠᠶ ᠬᠠᠮᠠᠭᠠᠯᠠᠭᠴᠢ | ﹀ ᠪᠣᠯᠬᠤ ᠪᠠᠷ ᠴᠢᠷᠮᠠᠶᠢᠨ᠎ᠠ︾ ᠭᠡᠵᠦ ᠥᠪᠥᠷ ᠮᠣᠩᠭᠤᠯ ᠤᠨ ᠤᠣ ᠰᠾᠢ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ | ᠡᠷᠬᠢᠯᠡᠭᠴᠢ ᠵᠶᠢ ᠬᠠᠢ ᠺᠦᠢ ᠢᠯᠡᠷᠭᠡᠶᠢᠯᠡᠪᠡ᠃ ︵ᠬᠣ᠋ ᡁᠢ ᠮᠢᠨ ᠵᠣᠣ ᠢ ᠰᠢᠨ︶ | | | | | | |