ᠠᠶᠢᠮᠠᠭ ᠤᠨ ᠵᠠᠬᠢᠷᠭ᠎ᠠ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/23
        4 ᠰᠠᠷ᠎ᠠ ᠶᠢᠨ 17 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠢ ᠵᠢᠢ ᠱᠦᠨ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃        ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠬᠦᠷᠰᠢ ᠵᠡᠷᠭᠡᠯᠡᠳᠡᠭᠡ ᠶᠢᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠠᠶᠢᠮᠠᠭ ᠤᠨ ᠳᠡᠭᠡᠳᠦ ᠳᠣᠤᠷᠠᠳᠤ ᠱᠠᠲᠤ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠦᠨᠡᠨ ᠬᠦ ᠨᠢᠭᠡᠳᠭᠡᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠲᠣᠭᠲᠠᠭᠠᠬᠤ ᠲᠠᠢ ᠤᠶᠠᠯᠳᠤᠭᠤᠯᠤᠨ᠂ ᠤᠷᠤᠰ ᠮᠤᠩᠭᠤᠯ ᠵᠡᠷᠭᠡ ᠭᠠᠳᠠᠭᠠᠳᠦ ᠲᠠᠢ ᠬᠤᠯᠪᠤᠭᠠᠯᠠᠭᠰᠠᠨ ᠣᠷᠣᠨ ᠪᠠᠶᠢᠷᠢ ᠶᠢᠨ ᠳᠠᠪᠠᠭᠤᠯᠢᠭ ᠲᠤ ᠰᠠᠭᠤᠷᠢᠯᠠᠨ᠂ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠨᠡᠭᠡᠭᠡᠯᠲᠡᠲᠦ ᠬᠡᠯᠪᠡᠷᠢ ᠶᠢᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠴᠢᠷᠮᠠᠶᠢᠨ ᠪᠥᠲᠥᠭᠡᠨ ᠪᠠᠶᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃        ᠬᠤᠷᠠᠯ ᠠᠴᠠ ᠪᠥᠬᠦ ᠠᠶᠢᠮᠠᠭ ᠤᠨ ᠠᠩᠬᠠᠳᠤᠭᠠᠷ ᠤᠯᠠᠷᠢᠯ ᠤᠨ ᠠᠵᠤ ᠠᠬᠤᠶ ᠶᠢᠨ ᠪᠠᠶᠢᠳᠠᠯ ᠢ ᠰᠤᠳᠤᠯᠤᠨ ᠵᠠᠳᠠᠯᠵᠤ᠂ ᠣᠳᠣᠬᠠᠨ ᠤ ᠬᠥᠭᠵᠢᠯᠲᠡ ᠶᠢᠨ ᠪᠠᠶᠢᠳᠠᠯ ᠢ ᠲᠣᠳᠣᠷᠬᠠᠶ ᠲᠠᠨᠢᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠪᠠ ᠥᠪᠥᠷ ᠮᠣᠩᠭᠤᠯ ᠤᠨ ᠵᠡᠭᠦᠨ ᠬᠡᠰᠡᠭ ᠢ ᠬᠥᠭᠵᠢᠭᠦᠯᠦᠨ ᠮᠠᠨᠳᠤᠭᠤᠯᠬᠤ ᠱᠠᠭᠠᠷᠳᠠᠯᠭ᠎ᠠ ᠲᠠᠢ ᠬᠠᠷᠢᠴᠠᠭᠤᠯᠤᠨ᠂ ᠠᠵᠤ ᠦᠢᠯᠡᠰ ᠤᠨ ᠲᠠᠰ ᠳᠡᠪᠰᠢᠬᠦ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠲᠦᠷᠦᠯ ᠵᠦᠢᠯ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠪᠡᠯᠡ ᠮᠥᠩᠭᠦ ᠳᠤᠲᠠᠭᠳᠠᠵᠤ ᠪᠠᠶᠢᠭ᠎ᠠ ᠠᠰᠠᠭᠤᠳᠠᠯ ᠢ ᠬᠦᠴᠦᠯᠡᠨ ᠰᠶᠢᠳᠪᠦᠷᠢᠯᠡᠵᠦ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠨᠡᠮᠡᠭᠳᠡᠯ ᠤᠨ ᠬᠡᠮᠵᠢᠶ᠎ᠡ ᠶᠢ ᠴᠢᠩᠭ᠎ᠠ ᠠᠳᠬᠤᠵᠤ᠂ ᠦᠯᠡᠳᠡᠵᠦ ᠪᠠᠶᠢᠭ᠎ᠠ ᠡᠳ᠋ ᠬᠦᠷᠦᠩᠬᠡ ᠶᠢ ᠢᠳᠡᠪᠬᠢᠲᠡᠢ ᠪᠠᠷ ᠠᠮᠢᠳᠤᠯᠢᠭᠵᠢᠭᠤᠯᠵᠤ ᠂ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠤᠯᠤᠰ ᠤᠨ ᠥᠮᠴᠢᠯᠡᠯᠳᠤ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠢ ᠡᠪᠳᠡᠵᠦ᠂ ᠡᠬᠢ ᠪᠠᠶᠠᠯᠢᠭ ᠤᠨ ᠲᠤᠬᠢᠷᠠᠭᠤᠯᠤᠯᠳᠠ ᠶᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠠᠬᠢ ᠥᠷᠢᠰᠥᠯᠳᠦᠬᠦ ᠬᠦᠴᠦᠨ ᠢ ᠳᠡᠭᠡᠭᠰᠢᠯᠡᠭᠦᠯᠬᠦ ᠬᠡᠷᠡᠭᠳᠡᠢ᠃ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠦᠷᠬᠦᠯᠵᠢᠯᠡᠨ ᠰᠢᠯᠢᠳᠡᠭᠵᠢᠬᠦᠯᠵᠦ᠂ ︽ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ︾ ᠲᠠᠢ ᠤᠶᠠᠯᠳᠤᠭᠤᠯᠤᠨ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠨᠡᠩ ᠤᠯᠠᠨ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠳᠡᠢ᠃ ᠠᠷᠠᠳ ᠤᠨ ᠠᠮᠢᠳᠤᠷᠠᠯ ᠤᠨ ᠬᠦᠷᠢᠶᠡᠨ ᠳᠤ ᠦᠷᠭᠦᠯᠵᠢᠯᠡᠨ ᠬᠦᠴᠦᠯᠡᠵᠦ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠤᠯᠠᠨ ᠲᠦᠮᠡᠨ ᠤ ᠬᠦᠴᠢᠷ ᠠᠰᠠᠭᠤᠳᠠᠯ ᠢ ᠦᠨᠡᠨᠬᠦ ᠰᠶᠢᠳᠪᠦᠷᠢᠯᠡᠬᠦ ᠬᠡᠷᠡᠭᠳᠡᠢ ᠭᠡᠵᠦ ᠴᠢᠬᠤᠯᠠᠴᠢᠯᠠᠪᠠ᠃        ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ ︵ᠵᠠᠩ ᠴᠢᠶᠠᠩ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号