ᠬᠢᠩᠭᠠᠨ ᠠᠶᠢᠮᠠᠭ ᠤᠨ ᠨᠠᠮ ᠤᠨ ᠬᠤᠷᠢᠶ᠎ᠠ ᠭᠡᠰᠢᠭᠦᠳ ᠤᠨ ᠬᠤᠷᠠᠯ ᠵᠢᠴᠢ ᠪᠥᠬᠦ ᠠᠶᠢᠮᠠᠭ ᠤᠨ ᠠᠩᠬᠠᠳᠤᠭᠠᠷ ᠤᠯᠠᠷᠢᠯ ᠤᠨ ᠠᠵᠤ ᠠᠬᠤᠶ ᠶᠢᠨ ᠪᠠᠶᠢᠳᠠᠯ ᠢ ᠵᠠᠳᠠᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/23
        4 ᠰᠠᠷ᠎ᠠ ᠶᠢᠨ 18 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠭᠡᠰᠢᠭᠦᠳ ᠤᠨ ᠬᠤᠷᠠᠯ ᠵᠢᠴᠢ ᠪᠦᠬᠦ ᠠᠶᠢᠮᠠᠭ ᠤᠨ ᠠᠩᠬᠠᠳᠤᠭᠠᠷ ᠤᠯᠠᠷᠢᠯ ᠤᠨ ᠠᠵᠤ ᠠᠬᠤᠢ ᠶᠢᠨ ᠪᠠᠶᠢᠳᠠᠯ ᠢ ᠵᠠᠳᠠᠯᠬᠤ ᠬᠤᠷᠠᠯ ᠬᠤᠷᠠᠯᠳᠤᠭᠤᠯᠵᠤ᠂ ᠠᠩᠬᠠᠳᠤᠭᠠᠷ ᠤᠯᠠᠷᠢᠯ ᠤᠨ ᠭᠤᠣᠯ ᠪᠣᠯᠬᠤ ᠠᠵᠤ ᠠᠬᠤᠢ ᠶᠢᠨ ᠠᠵᠢᠯᠯᠠᠭᠠᠨ ᠪᠠ ᠬᠤᠯᠪᠣᠭᠳᠠᠯ ᠪᠦᠬᠦᠢ ᠭᠤᠣᠯᠳᠠᠯᠭ᠎ᠠ ᠲᠠᠢ ᠠᠵᠢᠯ ᠢ ᠪᠡᠶᠡᠯᠡᠭᠦᠯᠦᠭᠰᠡᠨ ᠪᠠᠶᠢᠳᠠᠯ ᠢ ᠮᠡᠳᠡᠭᠳᠡᠵᠦ᠂ ︽ᠭᠤᠷᠪᠠᠨ ᠨᠠᠷᠢᠨ ᠲᠠᠩᠰᠠ︾ ᠶᠢ ᠪᠡᠶᠡᠯᠡᠭᠦᠯᠦᠭᠰᠡᠨ ᠠᠬᠢᠴᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠰᠦᠬᠡ ᠶᠠᠷᠢᠶ᠎ᠠ ᠲᠠᠯᠪᠢᠵᠤ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠬᠤᠷᠠᠯ ᠡᠷᠭᠢᠯᠡᠵᠦ᠂ ᠠᠶᠢᠮᠠᠭ ᠤᠨ ᠤᠳᠤᠷᠢᠳᠤᠯᠭ᠎ᠠ ᠰᠢᠤᠢ ᠵᠦᠸᠧ᠂ ᠶᠠᠩ ᠵᠢᠶ ᠫᠧᠩ ᠨᠠᠷ ᠬᠤᠷᠠᠯ ᠳᠤ ᠣᠷᠣᠯᠴᠠᠵᠠᠶ᠃        ᠬᠤᠷᠠᠯ ᠠᠴᠠ ᠵᠢᠭᠠᠵᠦ ᠭᠠᠷᠭᠠᠭᠰᠠᠨ ᠨᠢ᠂ ᠵᠢᠯ ᠤᠨ ᠡᠬᠢᠨ ᠠᠴᠠ ᠨᠠᠭᠠᠰᠢ᠂ ᠪᠦᠬᠦ ᠠᠶᠢᠮᠠᠭ ᠤᠨ ᠳᠡᠭᠡᠳᠦ ᠲᠤᠤᠷᠠᠳᠤ ᠱᠠᠳᠤ ᠪᠠᠷ ᠢᠶᠠᠨ ᠨᠢᠭᠡ ᠰᠡᠳᠭᠢᠯ ᠨᠢᠭᠡ ᠵᠣᠷᠢᠭ ᠢᠶᠠᠷ ᠬᠥᠭᠵᠢᠯᠲᠡ ᠶᠢ ᠡᠷᠢᠯᠬᠢᠯᠡᠵᠦ᠂ ᠰᠡᠳᠭᠢᠯ ᠢᠶᠠᠨ ᠨᠢᠭᠡᠳᠭᠡᠨ ᠬᠦᠴᠦᠨ ᠢᠶᠠᠨ ᠬᠠᠮᠲᠤᠳᠬᠠᠵᠤ ᠠᠵᠢᠯ ᠦᠢᠯᠡᠰ ᠲᠡᠭᠡᠨ ᠵᠢᠳᠬᠦᠵᠦ᠂ ᠭᠤᠣᠯ ᠪᠣᠯᠬᠤ ᠠᠵᠤ ᠠᠬᠤᠢ ᠶᠢᠨ ᠭᠦᠢᠴᠡᠳᠭᠡᠯ ᠲᠤᠭ᠎ᠠ ᠶᠢ ᠲᠣᠭᠲᠠᠭᠤᠨ ᠤ ᠳᠤᠮᠳᠠ ᠤᠷᠤᠭᠰᠢᠯᠠᠭᠤᠯᠵᠤ᠂ ᠡᠯ᠎ᠡ ᠲᠥᠷᠥᠯ ᠤᠨ ᠠᠵᠢᠯ ᠢ ᠰᠠᠶᠢᠨ ᠡᠬᠢᠯᠡᠯᠲᠡ ᠲᠠᠢ ᠪᠣᠯᠭᠠᠵᠠᠢ᠃ ᠠᠶᠢᠮᠠᠬ ᠳᠠᠶᠠᠭᠠᠷ ᠢᠶᠠᠨ ᠴᠤᠭ ᠰᠦᠯᠳᠡ ᠪᠠᠨ ᠤᠯᠠᠮ ᠴᠢᠨᠠᠭᠰᠢᠳᠠ ᠪᠠᠳᠠᠷᠠᠭᠤᠯᠵᠤ᠂ ᠬᠦᠴᠦᠨ ᠴᠢᠳᠠᠯ ᠢᠶᠠᠨ ᠨᠢᠭᠲᠠᠷᠠᠭᠤᠯᠵᠤ᠂ ᠤᠶᠤᠨ ᠴᠢᠳᠠᠯ ᠢᠶᠠᠨ ᠲᠥᠪᠯᠡᠷᠡᠭᠦᠯᠦᠨ ᠭᠤᠣᠯᠳᠠᠯᠭ᠎ᠠ ᠶᠢ ᠠᠩᠬᠠᠷᠴᠤ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠢᠯᠠᠰ ᠴᠡᠭ ᠢ ᠡᠭᠦᠳᠴᠦ᠂ ᠬᠤᠶᠠᠳᠤᠭᠠᠷ ᠤᠯᠠᠷᠢᠯ ᠳᠤ ᠪᠣᠭᠤᠮᠲᠠ ᠰᠢᠪᠲᠤᠯᠵᠤ᠂ ᠨᠠᠶᠢᠳᠠᠪᠤᠷᠢᠵᠢᠭᠤᠯᠤᠯᠲᠠ ᠶᠢ ᠬᠦᠴᠦᠯᠡᠨ ᠠᠳᠬᠤᠬᠤ ᠬᠡᠷᠡᠭᠲᠡᠢ ᠭᠡᠪᠡ᠃        ᠬᠤᠷᠠᠯ ᠠᠴᠠ ᠴᠢᠬᠤᠯᠠᠴᠢᠯᠠᠭᠰᠠᠨ ᠨᠢ᠂ ︽ᠵᠢᠷᠭᠤᠭᠠᠨ ᠠᠵᠢᠯᠯᠠᠭ᠎ᠠ︾ ᠶᠢ ᠬᠦᠴᠦ ᠣᠷᠣᠭᠤᠯᠤᠨ ᠰᠠᠶᠢᠲᠤᠷ ᠥᠷᠨᠢᠭᠦᠯᠵᠦ᠂ ᠠᠵᠢᠯ ᠤᠨ ᠠᠷᠭ᠎ᠠ ᠬᠡᠮᠵᠢᠶ᠎ᠠ ᠪᠠᠨ ᠤᠯᠠᠮ ᠴᠢᠨᠠᠭᠰᠢᠳᠠ ᠨᠠᠷᠢᠯᠢᠬᠵᠢᠭᠤᠯᠵᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠶᠢ ᠴᠢᠩᠭ᠎ᠠ ᠠᠳᠬᠤᠵᠤ᠂ ᠱᠠᠭᠠᠷᠳᠠᠯᠭ᠎ᠠ ᠶᠣᠰᠣᠭᠠᠷ ᠵᠢᠱᠢᠭᠰᠡᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠲᠦᠷᠦᠯ ᠵᠦᠢᠯ ᠤᠨ ᠪᠡᠯᠡ ᠣᠷᠣᠭᠤᠯᠤᠯᠲᠠ ᠶᠢ ᠥᠷᠭᠡᠳᠭᠡᠵᠦ ᠂ ᠲᠦᠷᠦᠯ ᠵᠦᠢᠯ ᠤᠨ ᠡᠮᠦᠨᠡᠬᠢ ᠬᠤᠭᠤᠴᠠᠭ᠎ᠠ᠂ ᠪᠦᠳᠦᠭᠡᠨ ᠪᠠᠶᠢᠭᠤᠯᠤᠯᠲᠠ ᠶᠢᠨ ᠬᠡᠷᠡᠭᠵᠢᠭᠦᠯᠦᠯᠲᠡ᠂ ᠡᠯᠧᠮᠧᠨ᠋ᠲ ᠤᠨ ᠪᠠᠲᠤᠯᠠᠭ᠎ᠠ ᠵᠡᠷᠭᠡ ᠪᠦᠬᠦ ᠦᠶᠡᠯᠡᠯ ᠤᠨ ᠬᠤᠭᠤᠴᠠᠭᠠᠨ ᠤ ᠦᠢᠯᠡᠴᠢᠯᠡᠭᠡ ᠬᠠᠮᠢᠶᠠᠷᠤᠯᠲᠠ ᠶᠢ ᠴᠢᠩᠭᠠᠳᠬᠠᠵᠤ᠂ ᠠᠵᠤ ᠠᠬᠤᠢ ᠶᠢᠨ ᠲᠣᠭᠲᠠᠭᠤᠨ ᠡᠷᠡᠭᠦᠯ ᠢᠶᠠᠷ ᠬᠥᠭᠵᠢᠬᠦ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠳᠡᠭᠡᠭᠰᠢᠯᠡᠭᠦᠯᠵᠦ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠠᠬᠢᠭᠤᠯᠵᠤ᠂ ᠵᠢᠭᠤᠯᠴᠢᠯᠠᠯ ᠤᠨ ᠪᠦᠲᠦᠭᠡᠭᠳᠡᠬᠦᠨ᠂ ᠲᠥᠬᠦᠭᠡᠷᠦᠮᠵᠢ᠂ ᠦᠢᠯᠡᠴᠢᠯᠡᠭᠡ᠂ ᠵᠠᠬ᠎ᠠ ᠳᠡᠯᠭᠡᠭᠦᠷ ᠤᠨ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠵᠢᠭᠤᠯᠴᠢᠯᠠᠯ ᠤᠨ ᠵᠠᠬ᠎ᠠ ᠳᠡᠯᠭᠡᠭᠦᠷ ᠢ ᠬᠦᠭᠵᠢᠭᠡᠨ᠂ ᠪᠦᠬᠦ ᠠᠶᠢᠮᠠᠭ ᠤᠨ ᠬᠦᠴᠦᠨ ᠢ ᠲᠠᠶᠢᠴᠢᠯᠠᠨ ᠳᠡᠯᠡᠬᠡᠢ ᠶᠢᠨ ᠲᠡᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠬᠤ ᠬᠡᠷᠡᠭᠲᠡᠢ᠃ ᠬᠦᠴᠦ ᠪᠠᠨ ᠲᠥᠪᠯᠡᠷᠡᠭᠦᠯᠦᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠣᠨ ᠤ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠵᠡᠷᠭᠡ ᠥᠭᠡᠷᠡᠴᠢᠯᠡᠯᠲᠡ ᠶᠢᠨ ᠰᠡᠳᠦᠪ ᠤᠨ ᠰᠤᠳᠤᠯᠭᠠᠨ ᠢ ᠥᠷᠭᠡᠳᠭᠡᠵᠦ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠨᠡᠩ ᠰᠠᠶᠢᠨ ᠬᠦᠷᠲᠡᠭᠡᠬᠦ ᠪᠠᠷ ᠴᠢᠷᠮᠠᠶᠢᠬᠤ ᠬᠡᠷᠡᠭᠲᠡᠢ ᠭᠡᠵᠡᠢ᠃        ᠬᠤᠷᠠᠯ ᠠᠴᠠ ᠴᠢᠩᠭᠠᠳᠬᠠᠬᠰᠠᠨ ᠨᠢ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠳᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠭᠡᠯ ᠦᠢᠯᠡᠳᠪᠦᠷᠢᠯᠡᠯ᠂ ᠤᠢ ᠰᠢᠭᠤᠢ ᠨᠤᠳᠤᠬ ᠪᠡᠯᠴᠢᠭᠡᠷ ᠢ ᠡᠪᠳᠡᠵᠥ ᠬᠠᠤᠯᠢ ᠲᠦᠷᠢᠮ ᠠᠴᠠ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠬᠤ᠂ ᠳᠡᠭᠡᠳᠦ ᠱᠠᠲᠤᠨ ᠤ ᠲᠣᠭᠤᠷᠢᠨ ᠪᠠᠶᠢᠴᠠᠭᠠᠬᠤ ᠱᠠᠯᠠᠪᠳᠠᠭᠤᠯᠤᠨ ᠪᠠᠶᠢᠴᠠᠭᠠᠬᠤ ᠬᠢᠨᠠᠨ ᠪᠤᠳᠤᠬᠤ ᠪᠡᠯᠡᠳᠭᠡᠯ ᠠᠵᠢᠯ ᠢ ᠰᠠᠶᠢᠳᠦᠷ ᠬᠢᠬᠦ ᠵᠡᠷᠭᠡ ᠭᠤᠣᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠦᠬᠦ ᠵᠢᠯ ᠤᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ ᠭᠡᠪᠡ᠃        ᠠᠶᠢᠮᠠᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠠᠷᠠᠳ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠳᠤᠮᠳᠠ ᠣᠷᠣᠨ ᠤ ᠰᠢᠭᠤᠳ ᠬᠠᠷᠢᠶ᠎ᠠ ᠬᠠᠮᠢᠶᠠᠷᠤᠯᠲᠠ ᠶᠢᠨ ᠨᠢᠭᠡᠴᠢ ᠶᠢᠨ ᠭᠤᠤᠯ ᠬᠠᠷᠢᠭᠤᠴᠠᠯᠭᠠᠲᠠᠨ ᠨᠥᠬᠦᠳ ᠪᠠ ᠠᠵᠤ ᠠᠬᠤᠶᠢᠯᠠᠯᠲᠠᠨ ᠤ ᠲᠥᠯᠥᠭᠡᠯᠡᠭᠴᠢ ᠬᠤᠷᠠᠯ ᠳᠤ ᠣᠷᠣᠯᠴᠠᠪᠠ᠃ ︵ᠬᠠᠨ ᠸᠧᠨ ᠪᠢᠨ ᠯᠢ ᠤᠭ᠍ᠶᠦ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号