ᠰᠦᠬᠡ ᠤᠯᠠᠭᠠᠨᠬᠤᠲᠠ ᠳᠤ ᠰᠢᠨᠵᠢᠯᠡᠨ ᠪᠠᠶᠢᠴᠠᠭᠠᠯᠳᠠ ᠬᠢᠵᠠᠢ
ᠨᠡᠶᠢᠲᠡᠯᠡᠭᠰᠡᠨ ᠴᠠᠭ᠄
2025/4/23
        4 ᠰᠠᠷ᠎ᠠ ᠶᠢᠨ 17 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠰᠦᠭᠡ ᠤᠯᠠᠭᠠᠨᠬᠤᠳᠠ ᠳᠤ ᠰᠢᠨᠵᠢᠯᠡᠨ ᠪᠠᠶᠢᠴᠠᠭᠠᠯᠳᠠ ᠬᠢᠬᠦ ᠶᠢᠨ ᠬᠠᠮᠳᠦ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠦ᠂ ᠤᠳᠤᠬᠠᠨ ᠤ ᠭᠤᠤᠯᠳᠠᠯᠭ᠎ᠠ ᠲᠠᠢ ᠠᠵᠢᠯ ᠢ ᠠᠬᠢᠭᠤᠯᠵᠦ ᠪᠠᠶᠢᠭ᠎ᠠ ᠪᠠᠶᠢᠳᠠᠯ ᠢ ᠰᠤᠨᠤᠰᠪᠠ᠃        ᠰᠦᠬᠡ ᠤᠷᠢᠳ ᠬᠤᠵᠢᠳ ᠲᠡᠮᠦᠷ ᠵᠠᠮ ᠤᠨ ᠪᠠᠷᠠᠭᠤᠨᠳᠡᠬᠢ ᠵᠡᠭᠡᠯᠢ ᠶᠢᠨ ᠭᠠᠩ ᠬᠤᠸᠠ ᠨᠡᠶᠢᠭᠡᠮ ᠲᠣᠭᠤᠷᠢᠭ᠂ ᠾᠧ ᠫᠢᠩ ᠵᠡᠭᠡᠯᠢ ᠶᠢᠨ ᠬᠤᠩ ᠫᠦ᠋ ᠨᠡᠶᠢᠭᠡᠮ ᠲᠣᠭᠤᠷᠢᠭ ᠤᠨ ᠨᠠᠮ ᠤᠨ ᠭᠡᠰᠢᠬᠦᠨ ᠤᠯᠠᠨ ᠲᠦᠮᠡᠨ ᠳᠤ ᠦᠢᠯᠡᠴᠢᠯᠡᠬᠦ ᠲᠥᠪ ᠲᠤ ᠬᠦᠷᠴᠦ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠠᠵᠢᠯᠲᠠᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠪᠣᠯᠤᠨ ᠦᠨᠳᠦᠰᠦᠨ ᠱᠠᠲᠤᠨ ᠤ ᠵᠠᠰᠠᠯᠲᠠ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠰᠦᠭᠡ ᠾᠧ ᠫᠢᠩ ᠵᠡᠭᠡᠯᠢ ᠶᠢᠨ ᠶᠢᠨ ᠾᠧ᠂ ᠹᠦ᠋ ᠰᠢᠶᠡᠩ ᠲᠦᠬᠦᠮ ᠪᠦᠳᠦᠴᠡᠳᠦ ᠣᠷᠣᠨ ᠰᠠᠭᠤᠴᠠ ᠶᠢᠨ ᠥᠭᠡᠷᠡᠴᠢᠯᠡᠯᠲᠡ ᠶᠢᠨ ᠲᠦᠷᠦᠯ ᠵᠦᠢᠯ ᠤᠨ ᠤᠷᠤᠨ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠤᠯᠠᠨ ᠲᠦᠮᠡᠨ ᠤ ︽ᠪᠤᠴᠠᠭᠠᠨ ᠨᠡᠬᠦᠯᠭᠡᠬᠦ ᠳᠤ ᠬᠦᠴᠢᠷᠳᠡᠢ︾ ᠪᠠᠶᠢᠬᠤ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃        ᠤᠯᠠᠭᠠᠨᠬᠤᠳᠡ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠰᠦᠭᠡ ᠵᠢᠯ ᠤᠨ ᠡᠬᠢᠨ ᠠᠴᠠ ᠨᠠᠭᠠᠰᠢᠬᠢ ᠤᠯᠠᠭᠠᠨᠬᠤᠲᠠ ᠶᠢᠨ ᠡᠯ᠎ᠡ ᠲᠥᠷᠥᠯ ᠤᠨ ᠠᠵᠢᠯ ᠤᠨ ᠣᠯᠤᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠪᠠ᠃ ᠲᠡᠷᠡ ᠬᠡᠯᠡᠭᠰᠡᠨ ᠨᠢ᠂ ᠬᠤᠶᠠᠳᠤᠭᠠᠷ ᠤᠯᠠᠷᠢᠯ ᠪᠣᠯ ᠲᠥᠷᠥᠯ ᠵᠦᠢᠯ ᠢ ᠠᠳᠬᠤᠵᠦ ᠬᠥᠭᠵᠢᠯᠲᠡ ᠶᠢ ᠠᠬᠢᠭᠤᠯᠬᠤ ᠰᠢᠵᠢᠷ ᠠᠯᠲᠠᠨ ᠬᠤᠭᠤᠴᠠᠭ᠎ᠠ ᠮᠥᠨ᠂ ᠤᠯᠠᠭᠠᠨᠬᠤᠲᠠ ᠠᠴᠠ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠶᠢᠮᠠᠭ ᠤᠨ ᠵᠠᠬᠢᠷᠭ᠎ᠠ ᠪᠠᠶᠢᠭ᠎ᠠ ᠬᠤᠲᠠ ᠶᠢᠨ ᠬᠦᠳᠦᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠠᠬᠤᠶ ᠶᠢᠨ ᠡᠷᠭᠢᠯᠲᠡ ᠶᠢ ᠪᠦᠬᠦ ᠬᠦᠴᠦᠨ ᠢᠶᠠᠷ ᠲᠤᠭᠳᠠᠪᠤᠷᠢᠵᠢᠭᠤᠯᠵᠦ᠂ ᠲᠦᠷᠦᠯ ᠵᠦᠢᠯ ᠤᠨ ᠪᠡᠯᠡ ᠤᠷᠤᠭᠤᠯᠤᠯᠳᠠ ᠶᠢ ᠴᠢᠩᠭ᠎ᠠ ᠠᠳᠬᠤᠵᠤ᠂ ᠰᠤᠷᠤᠯᠴᠠᠯᠭ᠎ᠠ ᠬᠥᠮᠦᠵᠢᠯ᠂ ᠠᠵᠤ ᠦᠢᠯᠡᠳᠪᠦᠷᠢ ᠶᠢᠨ ᠠᠵᠤ ᠠᠬᠤᠶ᠂ ᠠᠷᠠᠳ ᠤᠨ ᠠᠮᠢᠳᠤᠷᠠᠯ ᠤᠨ ᠬᠤᠲᠠ ᠶᠢᠨ ᠪᠥᠲᠥᠭᠡᠨ ᠪᠠᠶᠢᠭᠤᠯᠤᠯᠲᠠ᠂ ᠬᠠᠪᠤᠷ ᠤᠨ ᠲᠠᠷᠢᠶᠠᠯᠠᠭ᠎ᠠ ᠦᠢᠯᠡᠳᠪᠦᠷᠢᠯᠡᠯ ᠵᠡᠷᠭᠡ ᠭᠤᠤᠯᠳᠠᠯᠭ᠎ᠠ ᠲᠠᠢ ᠠᠵᠢᠯ ᠢ ᠨᠢᠭᠡᠳᠦᠯᠳᠡᠢ ᠲᠦᠯᠦᠪᠯᠡᠨ ᠰᠠᠶᠢᠳᠤᠷ ᠠᠳᠬᠤᠵᠦ᠂ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠡᠷᠡᠬᠦᠯ ᠢᠶᠠᠷ ᠬᠦᠭᠵᠢᠬᠦ ᠶᠢ ᠯᠠᠪᠳᠠᠭᠤᠨ ᠪᠦᠭᠡᠳ ᠡᠮᠬᠢ ᠵᠢᠷᠤᠮ ᠲᠠᠢ ᠠᠬᠢᠭᠤᠯᠵᠦ᠂ ᠲᠥᠪ ᠤᠨ ᠲᠣᠭᠤᠷᠢᠨ ᠪᠠᠶᠢᠴᠠᠭᠠᠯᠳᠠ ᠶᠢ ᠤᠭᠳᠤᠬᠤ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠯᠳᠠ ᠶᠢ ᠲᠤᠷᠤᠭᠰᠢ ᠪᠠᠭᠤᠯᠭᠠᠬᠤ ᠪᠠ ᠬᠢᠨᠠᠨ ᠪᠤᠳᠤᠵᠦ ᠬᠢᠨᠠᠯᠳᠠ ᠲᠠᠯᠪᠢᠬᠤ ᠪᠡᠯᠡᠳᠭᠡᠯ ᠠᠵᠢᠯ ᠢ ᠴᠢᠩᠭ᠎ᠠ ᠪᠦᠭᠡᠳ ᠨᠠᠷᠢᠯᠢᠭ ᠰᠠᠶᠢᠳᠤᠷ ᠬᠢᠵᠦ᠂ ᠡᠯ᠎ᠡ ᠲᠦᠷᠤᠯ ᠤᠨ ᠠᠵᠢᠯ ᠦᠢᠯᠡᠰ ᠤᠨ ᠬᠥᠭᠵᠢᠯᠲᠡ ᠶᠢᠨ ᠳᠠᠬᠢᠨ ᠰᠢᠨ᠎ᠡ ᠳᠡᠭᠲᠡᠷ ᠲᠤ ᠭᠠᠷᠬᠤ᠂ ᠳᠠᠬᠢᠨ ᠰᠢᠨ᠎ᠡ ᠪᠠᠶᠢᠳᠠᠯ ᠢ ᠡᠭᠦᠳᠬᠦ ᠶᠢ ᠦᠷᠬᠦᠯᠵᠢᠯᠡᠨ ᠠᠬᠢᠭᠤᠯᠬᠤ ᠬᠡᠷᠡᠭᠳᠡᠢ ᠭᠡᠪᠡ᠃        ᠠᠶᠢᠮᠠᠭ ᠤᠨ ᠤᠳᠤᠷᠢᠳᠤᠯᠭ᠎ᠠ ᠴᠧᠨ ᠵᠢᠩ ᠬᠤᠸᠠ᠂ ᠬᠥ᠋ ᠯᠢ ᠮᠢᠨ ᠵᠢᠴᠢ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠣᠷᠣᠯᠴᠠᠵᠠᠶ᠃ ︵ᠬᠠᠨ ᠸᠧᠨ ᠪᠢᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号