ᠤᠯᠠᠭᠠᠨᠬᠤᠳᠠ ᠶᠢᠨ ᠲᠤᠳᠤᠭᠠᠳᠦ ᠶᠢ ᠬᠠᠮᠠᠭᠠᠯᠠᠬᠤ ᠲᠤᠪᠴᠢᠶ᠎ᠠ ᠬᠠᠪᠤᠷ ᠤᠨ ᠤᠯᠠᠷᠢᠯ ᠤᠨ ᠵᠠᠮ ᠬᠠᠷᠢᠯᠴᠠᠭᠠᠨ ᠤ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠴᠡᠭᠴᠡᠯᠡᠨ ᠵᠠᠰᠠᠬᠤ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2025/4/23
        ᠤᠶᠢᠷ᠎ᠠ ᠶᠢᠨ ᠵᠢᠯ ᠠᠴᠠ ᠨᠠᠭᠠᠰᠢ᠂ ᠮᠠᠯᠵᠢᠬᠤ ᠲᠠᠷᠢᠶᠠᠯᠠᠬᠤ ᠤᠷᠤᠨ ᠤ ᠰᠠᠭᠤᠷᠢ ᠲᠦᠬᠦᠭᠡᠷᠦᠮᠵᠢ ᠲᠡᠬᠦᠯᠳᠡᠷᠵᠢᠵᠦ᠂ ᠵᠠᠮ ᠬᠠᠷᠢᠯᠴᠠᠭᠠᠨ ᠤ ᠨᠦᠬᠦᠴᠡᠯ ᠤᠯᠠᠮ ᠢᠶᠠᠷ ᠰᠠᠶᠢᠵᠢᠷᠠᠭᠰᠠᠨ ᠠᠴᠠ ᠬᠡᠰᠡᠭ ᠪᠠᠷᠠᠭᠠᠨ ᠤ ᠲᠡᠷᠭᠡ ᠶᠢᠨ ᠵᠢᠯᠤᠭᠤᠴᠢ ᠠᠰᠢᠭ ᠲᠤᠰᠠ ᠶᠢ ᠬᠦᠭᠡᠭᠡᠴᠡᠯᠳᠦᠬᠦ ᠶᠢᠨ ᠲᠦᠯᠦᠭᠡ ᠲᠠᠭᠠᠭᠠᠴᠠ ᠠᠴᠠ ᠬᠡᠳᠦᠷᠡᠳᠡᠯ᠎ᠡ ᠲᠡᠭᠡᠭᠡᠬᠦ ᠦᠵᠡᠭᠳᠡᠯ ᠢᠯᠡᠷᠡᠵᠦ ᠪᠠᠶᠢᠨ᠎ᠠ᠃ ᠮᠠᠯᠵᠢᠬᠤ ᠲᠠᠷᠢᠶᠠᠯᠠᠬᠤ ᠤᠷᠤᠨ ᠤ ᠵᠠᠮ ᠱᠤᠭᠤᠮ ᠤᠨ ᠲᠡᠰ ᠤᠨ ᠬᠡᠮᠵᠢᠶ᠎ᠡ ᠲᠤᠤᠷ᠎ᠠ᠂ ᠠᠮᠤᠷ ᠲᠦᠪᠰᠢᠨ ᠤ ᠲᠤᠨᠤᠭ ᠲᠦᠬᠦᠭᠡᠷᠦᠮᠵᠢ ᠨᠢ ᠬᠦᠷᠦᠯᠴᠡᠬᠦ ᠦᠭᠡᠢ᠂ ᠲᠠᠭᠠᠭᠠᠴᠠ ᠠᠴᠠ ᠬᠡᠳᠦᠷᠡᠳᠡᠯ᠎ᠡ ᠲᠡᠭᠡᠭᠡᠭᠰᠡᠨ ᠪᠠᠷᠠᠭᠠᠨ ᠤ ᠲᠡᠷᠭᠡ ᠨᠢ ᠮᠠᠯᠵᠢᠬᠤ ᠲᠠᠷᠢᠶᠠᠯᠠᠬᠤ ᠤᠷᠤᠨ ᠤ ᠵᠠᠮ ᠤᠨ ᠡᠪᠳᠡᠭᠳᠡᠯ ᠢ ᠬᠦᠨᠳᠦᠷᠡᠬᠦᠯᠬᠦ ᠪᠠᠷ ᠪᠠᠷᠠᠬᠤ ᠦᠭᠡᠢ ᠤᠯᠠᠨ ᠵᠦᠢᠯ ᠤᠨ ᠡ᠊ᠨᠳᠡᠯ ᠭᠠᠷᠴᠦ ᠪᠠᠶᠢᠨ᠎ᠠ᠃ ᠡᠶᠢᠮᠦᠷᠬᠦᠦ ᠦᠵᠡᠭᠳᠡᠯ ᠢ ᠦᠨᠳᠦᠰᠦᠨ ᠠᠴᠠ ᠨᠢ ᠵᠠᠰᠠᠵᠦ ᠴᠡᠭᠴᠡᠯᠡᠬᠦ ᠪᠠᠷ ᠵᠤᠷᠢᠯᠭ᠎ᠠ ᠪᠤᠯᠭᠠᠵᠦ᠂ ᠤᠯᠠᠭᠠᠨᠬᠤᠳᠠ ᠶᠢᠨ ᠲᠤᠳᠤᠭᠠᠳᠦ ᠶᠢ ᠬᠠᠮᠠᠭᠠᠯᠠᠬᠤ ᠲᠤᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠶᠡᠭᠡ ᠠᠩᠬᠢ 3 ᠰᠠᠷ᠎ᠠ ᠶᠢᠨ 27 ᠤ ᠡᠳᠦᠷ ᠠᠴᠠ ᠡᠬᠢᠯᠡᠨ᠂ ᠬᠠᠪᠤᠷ ᠤᠨ ᠤᠯᠠᠷᠢᠯ ᠤᠨ ᠬᠦᠳᠡᠭᠡ ᠲᠤᠰᠬᠤᠨ ᠮᠠᠯᠵᠢᠬᠤ ᠤᠷᠤᠨ ᠤ ᠵᠠᠮ ᠬᠠᠷᠢᠯᠴᠠᠭᠠᠨ ᠤ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠴᠡᠭᠴᠡᠯᠡᠨ ᠵᠠᠰᠠᠬᠤ ᠠᠵᠢᠯᠯᠠᠭ᠎ᠠ ᠦᠷᠨᠢᠬᠦᠯᠵᠦ᠂ ︽ᠤᠭᠳᠦ ᠠᠭᠤᠴᠢᠯᠠᠬᠤ ᠦᠭᠡᠢ︾ ᠤᠪᠤᠷ ᠢᠶᠠᠷ ᠲᠠᠭᠠᠭᠠᠴᠠ ᠠᠴᠠ ᠬᠡᠳᠦᠷᠡᠳᠡᠯ᠎ᠡ ᠲᠡᠭᠡᠭᠡᠬᠦ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠦ ᠂ ᠰᠢᠶᠠᠩ ᠪᠠᠯᠭᠠᠰᠤᠨ ᠤ ᠵᠠᠮ ᠤᠨ ᠡᠷᠬᠢᠨ ᠲᠤᠭᠤᠷᠢᠨ ᠢ ᠦᠷᠯᠦᠭᠡ ᠦᠳᠡᠰᠢ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠵᠡᠢ᠃ ᠲᠤᠰ ᠠᠵᠢᠯᠯᠠᠭ᠎ᠠ ᠶᠢ ᠡᠬᠢᠯᠡᠬᠦᠯᠦᠭᠰᠡᠨ ᠠᠴᠠ ᠨᠠᠭᠠᠰᠢ᠂ ᠲᠠᠭᠠᠭᠠᠴᠠ ᠠᠴᠠ ᠬᠡᠳᠦᠷᠡᠳᠡᠯ᠎ᠡ ᠲᠡᠭᠡᠭᠡᠭᠰᠡᠨ ᠪᠠᠷᠠᠭᠠᠨ ᠤ ᠲᠡᠷᠭᠡ ᠶᠢ ᠨᠡᠶᠢᠳᠡ 40 ᠭᠠᠷᠤᠢ ︵ᠤᠳᠠᠭ᠎ᠠ︶ ᠪᠠᠶᠢᠴᠠᠭᠠᠨ ᠰᠢᠢᠳᠪᠦᠷᠢᠯᠡᠪᠡ᠃        ᠣᠶᠢᠯᠠᠭᠠᠭᠰᠠᠨ ᠢᠶᠠᠷ᠂ ᠬᠠᠪᠤᠷ ᠤᠨ ᠤᠯᠠᠷᠢᠯ ᠤᠨ ᠮᠠᠯᠵᠢᠬᠤ ᠲᠠᠷᠢᠶᠠᠯᠠᠬᠤ ᠤᠷᠤᠨ ᠤ ᠬᠠᠤᠯᠢ ᠬᠡᠷᠡᠭᠵᠢᠬᠦᠯᠬᠦ ᠬᠦᠴᠦᠨ ᠲᠠᠷᠠᠬᠠᠶ ᠪᠤᠲᠠᠷᠬᠠᠶ᠂ ᠬᠠᠤᠯᠢ ᠠᠴᠠ ᠵᠥᠷᠢᠴᠡᠭᠰᠡᠨ ᠪᠠᠷᠠᠭᠠᠨ ᠤ ᠲᠡᠷᠭᠡ ᠨᠢᠭᠤᠴᠠ ᠪᠠᠷ ᠶᠠᠪᠤᠬᠤ ᠬᠦᠴᠢᠷ ᠠᠰᠠᠭᠤᠳᠠᠯ ᠢ ᠰᠶᠢᠳᠪᠦᠷᠢᠯᠡᠬᠦ ᠶᠢᠨ ᠲᠦᠯᠦᠭᠡ᠂ ᠤᠯᠠᠭᠠᠨᠬᠤᠳᠠ ᠶᠢᠨ ᠲᠤᠳᠤᠭᠠᠳᠦ ᠶᠢ ᠬᠠᠮᠠᠭᠠᠯᠠᠬᠤ ᠲᠤᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠨᠢ ᠳᠠᠭᠠᠭᠠᠴᠠ ᠠᠴᠠ ᠬᠡᠲᠦᠷᠡᠲᠡᠯ᠎ᠡ ᠲᠡᠭᠡᠭᠡᠬᠦ ᠲᠡᠷᠭᠡ ᠣᠯᠠᠨ ᠶᠠᠪᠤᠬᠤ ᠵᠠᠮ ᠤᠨ ᠬᠡᠰᠡᠭ ᠲᠤ ᠲᠣᠭᠲᠠᠮᠠᠯ ᠪᠠᠶᠢᠴᠠᠭᠠᠯᠲᠠ ᠶᠢᠨ ᠴᠡᠭ ᠭᠠᠷᠭᠠᠬᠤ ᠪᠠ ᠬᠠᠤᠯᠢ ᠬᠡᠷᠡᠭᠵᠢᠭᠦᠯᠬᠦ ᠠᠩᠬᠢ ᠬᠥᠳᠡᠯᠦᠩᠭᠦᠶ ᠪᠠᠷ ᠪᠠᠶᠢᠴᠠᠭᠠᠯᠳᠠ ᠬᠢᠬᠦ ᠶᠢ ᠬᠠᠷᠢᠯᠴᠠᠨ ᠤᠶᠠᠯᠳᠤᠭᠤᠯᠵᠦ᠂ ᠲᠠᠭᠠᠭᠠᠴᠠ ᠠᠴᠠ ᠬᠡᠳᠦᠷᠡᠳᠡᠯ᠎ᠡ ᠲᠡᠭᠡᠭᠡᠭᠰᠡᠨ ᠪᠠᠷᠠᠭᠠᠨ ᠤ ᠲᠡᠷᠭᠡ ᠶᠢᠨ ᠬᠠᠤᠯᠢ ᠶᠢ ᠵᠦᠷᠢᠴᠡᠬᠦ ᠠᠵᠢᠯᠯᠠᠭ᠎ᠠ ᠳᠤ ᠴᠢᠩᠭ᠎ᠠ ᠴᠤᠬᠢᠯᠳᠠ ᠦᠭᠪᠡ᠃ ᠡᠭᠦᠨ ᠤ ᠬᠠᠮᠲᠤ᠂ ᠪᠠᠷᠠᠭᠠᠨ ᠤ ᠲᠡᠷᠭᠡ ᠶᠢᠨ ᠬᠠᠮᠢᠶᠠᠷᠤᠯᠲᠠ ᠶᠢᠨ ᠲᠠᠩᠰᠠ ᠪᠠᠶᠢᠭᠤᠯᠵᠤ᠂ ᠴᠢᠯᠠᠭᠤᠨ ᠲᠠᠯᠠᠪᠠᠶ᠂ ᠪᠠᠷᠠᠭ᠎ᠠ ᠵᠦᠭᠡᠭᠡᠪᠦᠷᠢᠯᠡᠬᠦ ᠠᠵᠦ ᠠᠬᠤᠶᠢᠯᠠᠯ ᠵᠡᠷᠭᠡ ᠳᠤ ᠬᠠᠤᠯᠢ ᠲᠦᠭᠡᠮᠡᠯᠵᠢᠬᠦᠯᠬᠦ ᠤᠬᠠᠭᠤᠯᠭ᠎ᠠ ᠬᠢᠵᠦ᠂ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠦ᠂ 30% ᠠᠴᠠ ᠳᠡᠭᠡᠭᠰᠢᠬᠢ ᠬᠡᠳᠦᠷᠡᠳᠡᠯ᠎ᠡ ᠲᠡᠭᠡᠭᠡᠭᠰᠡᠨ ᠪᠠᠷᠠᠭᠠᠨ ᠤ ᠲᠡᠷᠭᠡ ᠶᠢ ᠦᠯᠡᠳᠡᠭᠡᠨ ᠠᠪᠬᠤ᠂ ᠪᠠᠷᠠᠭ᠎ᠠ ᠶᠢ ᠪᠠᠭᠤᠯᠭᠠᠬᠤ᠂ ᠵᠢᠯᠤᠭᠤᠴᠢ ᠳᠤ ᠬᠠᠤᠯᠢ ᠶᠤᠰᠤᠭᠠᠷ ᠬᠤᠪᠢ ᠲᠡᠮᠳᠡᠭᠯᠡᠨ ᠵᠤᠭᠤᠰ ᠢᠶᠠᠷ ᠲᠤᠷᠭᠠᠭᠰᠠᠨ ᠪᠠᠶᠢᠨ᠎ᠠ᠃        ︽ᠥᠩᠭᠡᠷᠡᠭᠰᠡᠨ ᠳᠤ ᠵᠠᠮ ᠲᠡᠭᠡᠷ᠎ᠠ ᠬᠡᠳᠦᠷᠡᠳᠡᠯ᠎ᠡ ᠲᠡᠭᠡᠭᠡᠭᠰᠡᠨ ᠪᠠᠷᠠᠭᠠᠨ ᠤ ᠲᠡᠷᠭᠡ ᠶᠢ ᠦᠷᠬᠦᠯᠵᠢ ᠤᠯᠵᠦ ᠬᠠᠷᠠᠳᠠᠭ ᠪᠠᠶᠢᠭᠰᠠᠨ᠂ ᠤᠨᠴᠠᠭᠠᠶᠢᠯᠠᠨ ᠰᠦᠨᠢ ᠳᠡᠭᠡᠨ ᠲᠠᠭᠠᠭᠠᠴᠠ ᠠᠴᠠ ᠬᠡᠳᠦᠷᠡᠭᠰᠡᠨ ᠲᠡᠷᠭᠡ ᠶᠢᠨ ᠬᠦᠷᠴᠢᠬᠢᠨᠡᠬᠦ ᠲᠠᠭᠤᠨ ᠳᠤ ᠰᠤᠴᠢᠨ ᠰᠡᠷᠡᠳᠡᠭ᠂ ᠤᠳᠤ ᠡᠨᠡᠬᠦ ᠪᠠᠶᠢᠳᠠᠯ ᠮᠡᠳᠡᠭᠳᠡᠬᠦ᠋ᠴᠡ ᠴᠦᠭᠡᠷᠡᠵᠡᠢ︾ ᠭᠡᠵᠦ ᠭᠡᠭᠡᠨᠰᠦ᠋ᠮ᠎ᠡ ᠪᠠᠯᠭᠠᠰᠤᠨ ᠤ ᠰᠦᠨ ᠳ᠋ᠠ ᠹᠦ᠋ ︵ᠪᠤᠷᠤᠭᠤᠯᠠᠭᠰᠠᠨ ᠨᠡᠷ᠎ᠡ︶ ᠴᠡᠭᠴᠡᠯᠡᠨ ᠵᠠᠰᠠᠯᠳᠠ ᠬᠢᠭᠰᠡᠨ ᠦᠷ᠎ᠠ ᠪᠦᠳᠦᠮᠵᠢ ᠶᠢ ᠮᠠᠬᠳᠠᠨ ᠰᠠᠶᠢᠰᠢᠶᠠᠵᠦ ᠪᠠᠶᠢᠯ᠎ᠠ᠃        ᠮᠠᠯᠵᠢᠬᠤ ᠲᠠᠷᠢᠶᠠᠯᠠᠬᠤ ᠣᠷᠣᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠡᠭᠴᠡᠯᠡᠨ ᠵᠠᠰᠠᠬᠤ ᠪᠤᠯ ᠨᠢᠭᠡ ᠤᠳᠠᠭᠠᠨ ᠤ ᠤᠳᠠᠭᠠᠨ ᠳᠠᠭᠠᠭᠠᠮᠠᠭᠠᠶ ᠳᠠᠶᠢᠨ ᠮᠥᠨ᠂ ᠤᠯᠠᠭᠠᠨᠬᠤᠳᠠ ᠶᠢᠨ ᠲᠤᠳᠤᠭᠠᠳᠦ ᠶᠢ ᠬᠠᠮᠠᠭᠠᠯᠠᠬᠤ ᠲᠤᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠶᠡᠭᠡ ᠠᠩᠬᠢ ᠤᠳᠤᠬᠢ ᠪᠠᠶᠢᠳᠠᠯ ᠢᠶᠠᠨ ᠦᠷᠬᠦᠯᠵᠢᠯᠡᠨ ᠪᠠᠲᠤᠯᠠᠵᠤ᠂ ᠳᠠᠭᠠᠭᠠᠴᠠ ᠠᠴᠠ ᠬᠡᠲᠦᠷᠡᠲᠡᠯ᠎ᠡ ᠲᠡᠭᠡᠭᠡᠬᠦ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠬᠤᠷᠢᠭᠯᠠᠨ᠂ ᠵᠠᠮ ᠲᠡᠭᠡᠭᠡᠪᠦᠷᠢ ᠶᠢᠨ ᠠᠮᠤᠷ ᠲᠦᠪᠰᠢᠨ ᠤ ᠲᠠᠯᠳᠠ ᠬᠡᠮ ᠢ ᠠᠷᠢᠯᠭᠠᠵᠦ᠂ ᠬᠠᠷᠢᠶᠠᠳᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠶᠢᠭᠤᠯᠵᠦ ᠪᠤᠢ᠃ ︵ᠢᠦᠶ ᠲᠢᠶᠠᠨ ᠢᠦᠶ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号