| 4 ᠰᠠᠷ᠎ᠠ ᠶᠢᠨ 17 ᠤ ᠡᠳᠦᠷ ᠠᠴᠠ 18 ᠤ ᠡᠳᠦᠷ ᠪᠣᠯᠲᠠᠯ᠎ᠠ᠂ ᠤᠯᠠᠭᠠᠨᠬᠤᠲᠠ ᠬᠤᠲᠠ ᠶᠢᠨ ᠨᠠᠮ ᠤᠨ | ᠬᠤᠷᠢᠶᠠᠨ ᠤ ᠬᠠᠮᠢᠶᠠᠷᠤᠯᠲᠠ ᠶᠢᠨ ᠰᠠᠯᠠᠭᠠᠨ ᠲᠠᠰ ᠤᠨ ᠵᠠᠯᠠᠭᠤ ᠺᠠᠳ᠋ᠷᠴᠤᠳ ᠤᠨ ᠲᠥᠪ ᠤᠨ ᠨᠠᠢᠮᠠᠨ ᠲᠣᠭᠲᠠᠭᠠᠯ ᠤᠨ | ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ | ᠡᠷᠭᠢᠯᠡᠵᠦ᠂ ᠪᠥᠬᠦ ᠬᠤᠲᠠ ᠶᠢᠨ ᠪᠦᠬᠦᠯᠢ 37 ᠨᠠᠰᠤᠨ ᠠᠴᠠ ᠳᠣᠷᠣᠭᠰᠢᠬᠢ ᠰᠠᠯᠠᠭᠠᠨ ᠲᠠᠰ ᠤᠨ ᠵᠠᠯᠠᠭᠤ ᠺᠠᠳ᠋ᠷ | ᠣᠷᠣᠯᠴᠠᠵᠠᠶ᠃ | ᠨᠣᠮ ᠤᠩᠰᠢᠬᠤ ᠠᠩᠬᠢ ᠨᠢ ᠳᠠᠭᠠᠭᠤᠯᠤᠨ ᠤᠩᠰᠢᠵᠤ ᠳᠠᠭᠠᠭᠤᠯᠤᠨ ᠰᠤᠷᠤᠯᠴᠠᠬᠤ᠂ ᠰᠡᠷᠡᠮᠵᠢᠯᠡᠭᠦᠯᠬᠦ | ᠬᠥᠮᠦᠵᠢᠯ ᠢ ᠤᠶᠠᠯᠳᠤᠭᠤᠯᠬᠤ ᠠᠷᠭ᠎ᠠ ᠬᠡᠯᠪᠡᠷᠢ ᠪᠠᠷ ᠶᠠᠪᠤᠭᠳᠠᠭᠤᠯᠵᠤ᠂ ᠵᠠᠯᠠᠭᠤ ᠺᠠᠳ᠋ᠷᠴᠤᠳ ᠲᠣᠭᠲᠠᠭᠠᠭᠰᠠᠨ ᠨᠣᠮ | ᠪᠠ ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠢ ᠰᠤᠳᠤᠯᠤᠨ ᠤᠩᠰᠢᠵᠤ᠂ ᠰᠤᠷᠤᠯᠴᠠᠯᠭ᠎ᠠ ᠶᠢᠨ ᠭᠤᠣᠯ ᠰᠡᠳᠦᠪ ᠲᠠᠢ | ᠨᠢᠭᠲᠠ ᠤᠶᠠᠯᠳᠤᠭᠤᠯᠬᠤ ᠶᠢᠨ ᠬᠠᠮᠲᠤ ᠲᠤᠰ ᠪᠡᠶ᠎ᠡ ᠶᠢᠨ ᠦᠵᠡᠯ ᠰᠠᠨᠠᠭ᠎ᠠ ᠪᠠ ᠠᠵᠢᠯ ᠤᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠤᠯᠠᠨ ᠢᠶᠠᠷ ᠢᠶᠠᠨ᠂ | ᠨᠢᠭᠡ ᠤᠳᠠᠭᠠᠨ ᠤ ᠲᠥᠪ ᠴᠢᠩᠭ᠎ᠠ ᠨᠠᠮᠴᠢ ᠴᠢᠨᠠᠷ ᠤᠨ ᠪᠣᠯᠪᠠᠰᠤᠷᠠᠯ ᠢ ᠬᠦᠯᠢᠶᠡᠵᠦ᠂ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ | ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠢ ᠤᠯᠠᠮ ᠴᠢᠨᠠᠭᠰᠢᠳᠠ ᠴᠢᠩᠭᠠᠳᠬᠠᠪᠠ᠃ | ᠨᠣᠮ ᠤᠩᠰᠢᠬᠤ ᠠᠩᠬᠢ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ | ᠪᠠ ᠦᠢᠯᠡ ᠠᠵᠢᠯᠯᠠᠭ᠎ᠠ ᠪᠠᠨ ᠰᠤᠷᠤᠯᠴᠠᠯᠭ᠎ᠠ ᠬᠥᠮᠦᠵᠢᠯ ᠳᠡᠭᠡᠷ᠎ᠡ ᠨᠢᠭᠡᠳᠬᠡᠵᠦ᠂ ᠵᠠᠯᠠᠭᠤ ᠺᠠᠳ᠋ᠷᠴᠤᠳ ᠤᠨ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠴᠢᠨᠠᠷ ᠢ ᠭᠦᠢᠴᠡᠳ ᠲᠠᠨᠢᠬᠤ ᠬᠡᠷᠡᠭᠲᠡᠢ᠃ | ᠬᠤᠳᠠ ᠶᠢᠨ ᠨᠠᠮ ᠤᠨ ᠬᠤᠷᠢᠶᠠᠨ ᠤ ᠵᠠᠯᠠᠭᠤ ᠺᠠᠳ᠋ᠷᠴᠤᠳ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ | ᠰᠠᠨᠠᠭ᠎ᠠ ᠵᠣᠷᠢᠯᠲᠠ ᠶᠢ ᠭᠦᠨᠵᠡᠭᠡᠢ ᠣᠶᠢᠯᠠᠭᠠᠵᠤ᠂ ︽ᠬᠤᠳᠠ ᠶᠢᠨ ᠨᠠᠮ ᠤᠨ ᠬᠤᠷᠢᠶᠠᠨ ᠤ ᠬᠠᠮᠢᠶᠠᠷᠤᠯᠲᠠ ᠶᠢᠨ | ᠰᠠᠯᠠᠭᠠᠨ ᠲᠡᠰ ᠤᠨ ᠵᠠᠯᠠᠭᠤ ᠺᠠᠳ᠋ᠷᠴᠤᠳ ᠤᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠤᠬᠢᠷᠠᠭᠤᠯᠤᠯᠳᠠ︾ | ᠶᠣᠰᠣᠭᠠᠷ᠂ ᠲᠥᠪᠯᠡᠷᠡᠭᠦᠯᠦᠨ ᠪᠣᠯᠪᠠᠰᠤᠷᠠᠭᠤᠯᠬᠤ᠂ ᠰᠤᠳᠤᠯᠤᠨ ᠶᠠᠷᠢᠯᠴᠠᠵᠤ ᠰᠣᠯᠢᠯᠴᠠᠬᠤ᠂ ᠭᠤᠣᠯ ᠰᠡᠳᠦᠪᠲᠦ | ᠨᠠᠮ ᠤᠨ ᠡᠳᠦᠷᠯᠢᠭ᠂ ᠲᠤᠰᠬᠠᠢ ᠰᠡᠳᠦᠪᠲᠦ ᠨᠠᠮ ᠤᠨ ᠬᠢᠴᠢᠶᠡᠯ ᠵᠡᠷᠭᠡ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ | ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠵᠠᠩᠭᠢᠯᠠᠭ᠎ᠠ ᠶᠢᠨ | ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠤᠯᠴᠠᠬᠤ ᠳᠠᠭᠠᠨ ᠶᠠᠰᠤ ᠴᠢᠨᠠᠷ ᠲᠠᠢ᠂ ᠪᠠᠶᠢᠴᠠᠭᠠᠬᠤ | ᠡᠷᠴᠢᠮ ᠲᠠᠢ᠂ ᠰᠠᠶᠢᠵᠢᠷᠠᠭᠤᠯᠬᠤ ᠦᠷ᠎ᠡ ᠪᠦᠲᠦᠮᠵᠢ ᠲᠠᠢ ᠪᠠᠶᠢᠬᠤ ᠶᠢ ᠪᠡᠶᠡᠯᠡᠭᠦᠯᠵᠦ᠂ ᠲᠥᠪ ᠤᠨ ᠨᠠᠢᠮᠠᠨ ᠲᠣᠭᠲᠠᠭᠠᠯ | ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠪᠠᠷ ᠴᠠᠭ ᠢᠮᠠᠭᠲᠠ ᠯᠠᠪᠯᠠᠯᠲᠠ ᠪᠣᠯᠭᠠᠨ ᠦᠭᠡ ᠶᠠᠷᠢᠶ᠎ᠠ | ᠦᠢᠯᠡ ᠠᠵᠢᠯᠯᠠᠭ᠎ᠠ ᠪᠠᠨ ᠵᠠᠯᠠᠷᠠᠭᠤᠯᠵᠤ᠂ ᠰᠤᠷᠤᠯᠴᠠᠯᠭ᠎ᠠ ᠬᠥᠮᠦᠵᠢᠯ ᠢ ᠭᠤᠣᠯ ᠡᠭᠦᠷᠭᠡ ᠪᠠᠨ ᠪᠡᠶᠡᠯᠡᠭᠦᠯᠬᠦ ᠲᠠᠢ | ᠤᠶᠠᠯᠳᠤᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠯᠠᠭᠠᠨᠬᠤᠲᠠ ᠶᠢᠨ ᠰᠢᠨ᠎ᠡ | ᠬᠠᠭᠤᠳᠠᠰᠤ ᠶᠢ ᠠᠬᠢᠭᠤᠯᠬᠤ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ | ᠴᠢᠬᠤᠯᠠᠴᠢᠯᠠᠵᠠᠢ᠃ | | | |