ᠥᠪᠥᠷ ᠮᠣᠩᠭᠤᠯ ᠤᠨ 2025 ᠣᠨ ᠤ ᠬᠡᠪᠯᠡᠯ ᠤᠨ ᠡᠷᠬᠡ ᠶᠢᠨ ᠤᠬᠠᠭᠤᠯᠭ᠎ᠠ ᠶᠢᠨ ᠭᠠᠷᠠᠭ ᠤᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠤᠯᠠᠭᠠᠨᠬᠤᠲᠠ ᠳᠤ ᠦᠪᠡᠳᠡᠭᠰᠢ ᠶᠡᠭᠡ ᠪᠠᠷ ᠡᠬᠢᠯᠡᠪᠡ
ᠨᠡᠶᠢᠲᠡᠯᠡᠭᠰᠡᠨ ᠴᠠᠭ᠄
2025/4/23
         4 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠭᠤᠣᠯᠯᠠᠨ ᠡᠷᠭᠢᠯᠡᠵᠦ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠤᠯᠠᠭᠠᠨᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠳᠠᠭᠠᠭᠠᠴᠢᠯᠠᠨ ᠡᠷᠭᠢᠯᠡᠭᠰᠡᠨ ︽ᠥᠪᠥᠷ ᠮᠣᠩᠭᠤᠯ ᠤᠨ 2025 ᠣᠨ ᠤ ᠬᠡᠪᠯᠡᠯ ᠤᠨ ᠡᠷᠬᠡ ᠶᠢᠨ ᠤᠬᠠᠭᠤᠯᠭ᠎ᠠ ᠶᠢᠨ ᠭᠠᠷᠠᠭ ᠤᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ︾ ᠤᠯᠠᠭᠠᠨᠬᠤᠲᠠ ᠶᠢᠨ ᠬᠢᠩᠭᠠᠨ ᠰᠢᠨ᠎ᠡ ᠶᠢ ᠡᠭᠦᠳᠬᠦ· ᠳᠡᠯᠭᠡᠨ ᠦᠵᠡᠭᠦᠯᠵᠦ ᠪᠡᠶᠡᠴᠢᠯᠡᠨ ᠣᠶᠢᠯᠠᠭᠠᠬᠤ ᠲᠥᠪ ᠲᠤ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠲᠢᠶᠠᠨ ᠷᠦᠢ ᠬᠤᠸᠠ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠶᠠᠨ ᠮᠢᠨ ᠵᠢᠴᠢ ᠥᠪᠡᠷᠲᠡᠭᠡᠨ ᠵᠠᠰᠠᠬᠤ ᠣᠷᠣᠨ᠂ ᠠᠶᠢᠮᠠᠭ᠂ ᠡᠯ᠎ᠡ ᠬᠤᠰᠢᠭᠤ ᠰᠢᠶᠠᠨ ᠬᠤᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠰᠣᠶᠣᠯ ᠤᠨ ᠡᠭᠦᠳᠦᠯᠲᠡ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ᠂ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠠᠵᠢᠯᠯᠠᠭ᠎ᠠ ᠳᠤ ᠣᠷᠣᠯᠴᠠᠵᠠᠶ᠃
1.png
2.jpg
       ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ ᠰᠣᠶᠣᠯ ᠤᠨ ᠠᠵᠤ ᠠᠬᠤᠶᠢᠯᠠᠯ ᠤᠨ ᠲᠥᠯᠥᠭᠡᠯᠡᠭᠴᠢ ᠲᠠᠶᠢᠰᠠᠨ ᠳᠤ ᠭᠠᠷᠴᠤ ︽ᠬᠢᠩᠭᠠᠨ ᠠᠶᠢᠮᠠᠭ ᠤᠨ ᠬᠡᠪᠯᠡᠯ ᠤᠨ ᠡᠷᠬᠡ ᠶᠢ ᠬᠠᠮᠠᠭᠠᠯᠠᠬᠤ ᠬᠤᠯᠪᠣᠭᠠᠨ ᠤ ᠰᠠᠨᠠᠭᠠᠴᠢᠯᠠᠭ᠎ᠠ ᠶᠢᠨ ᠪᠢᠴᠢᠭ︾ ᠲᠤ ᠭᠠᠷ ᠤᠨ ᠦᠰᠦᠭ ᠵᠢᠷᠤᠭᠰᠠᠨ ᠨᠢ ᠬᠡᠪᠯᠡᠯ ᠤᠨ ᠡᠷᠬᠡ ᠶᠢᠨ ᠵᠦᠶ ᠵᠣᠬᠢᠰᠲᠠᠶ ᠡᠷᠬᠡ ᠣᠯᠭᠤᠯᠲᠠ ᠪᠠ ᠠᠷᠠᠯᠵᠢᠶ᠎ᠠ ᠶᠢ ᠠᠬᠢᠭᠤᠯᠬᠤ᠂ ᠬᠡᠪᠯᠡᠯ ᠤᠨ ᠡᠷᠬᠡ ᠶᠢᠨ ᠠᠵᠤ ᠦᠢᠯᠡᠰ ᠤᠨ ᠬᠥᠭᠵᠢᠯ ᠴᠡᠴᠡᠭᠯᠡᠯ ᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠭᠦᠨ ᠤ ᠬᠠᠮᠲᠤ᠂ ︽ᠥᠪᠥᠷ ᠮᠣᠩᠭᠤᠯ ᠤᠨ ᠬᠡᠪᠯᠡᠯ ᠤᠨ ᠡᠷᠬᠡ ᠶᠢ ᠬᠠᠮᠠᠭᠠᠯᠠᠬᠤ ᠤᠮᠠᠷᠠᠲᠤ ᠬᠢᠯᠢ ᠶᠢᠨ ᠠᠵᠢᠯᠯᠠᠭ᠎ᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ︾ ᠵᠢᠩᠬᠢᠨᠢ ᠪᠠᠷ ᠲᠤᠭ ᠣᠯᠭᠤᠵᠤ ᠪᠠᠶᠢᠭᠤᠯᠤᠭᠳᠠᠭᠰᠠᠨ ᠨᠢ ᠥᠪᠥᠷ ᠮᠣᠩᠭᠤᠯ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯᠯᠠᠭᠴᠢ᠂ ᠨᠡᠶᠢᠲᠡ ᠶᠢᠨ ᠠᠰᠠᠷᠠᠮᠵᠢ ᠶᠢᠨ ᠬᠠᠤᠯᠢᠴᠢ ᠵᠡᠷᠭᠡ ᠬᠦᠴᠦᠨ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠦᠨᠳᠦᠰᠦᠨ ᠱᠠᠲᠤᠨ ᠳᠤ ᠭᠦᠨᠵᠡᠭᠡᠶᠢᠷᠡᠨ ᠬᠡᠪᠯᠡᠯ ᠤᠨ ᠡᠷᠬᠡ ᠶᠢᠨ ᠴᠢᠳᠠᠪᠤᠷᠢ ᠣᠯᠭᠤᠬᠤ ᠠᠵᠢᠯᠯᠠᠭ᠎ᠠ ᠶᠢ ᠥᠷᠨᠢᠭᠦᠯᠵᠦ᠂ ᠣᠷᠣᠨ ᠪᠦᠰᠡ ᠶᠢᠨ ᠰᠣᠶᠣᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠪᠠᠲᠤ ᠴᠢᠩᠭ᠎ᠠ ᠪᠠᠲᠤᠯᠠᠭ᠎ᠠ ᠨᠡᠮᠡᠷᠢᠯᠡᠭᠰᠡᠨ ᠢ ᠬᠠᠷᠠᠭᠤᠯᠵᠤ ᠪᠠᠶᠢᠨ᠎ᠠ᠃
3.jpg
       ᠲᠣᠰ ᠤᠳᠠᠭᠠᠨ ᠤ ᠠᠵᠢᠯᠯᠠᠭ᠎ᠠ ᠨᠢ ︽ᠣᠶᠤᠨᠴᠢ ᠪᠠᠷ ᠰᠢᠨ᠎ᠡ ᠶᠢ ᠡᠭᠦᠳᠬᠦ · ᠰᠠᠬᠢᠨ ᠬᠠᠮᠠᠭᠠᠯᠠᠬᠤ · ᠬᠠᠮᠲᠤ ᠪᠠᠷ ᠣᠷᠣᠰᠢᠬᠤ︾ ᠪᠠᠷ ᠭᠤᠤᠯ ᠰᠡᠳᠦᠪ ᠪᠣᠯᠭᠠᠵᠤ᠂ ᠬᠡᠪᠯᠡᠯ ᠤᠨ ᠡᠷᠬᠡ ᠵᠢᠴᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠥᠪᠯᠡᠯᠭᠡ ᠥᠭᠬᠦ ᠭᠠᠵᠠᠷ᠂ ᠥᠪᠥᠷ ᠮᠣᠩᠭᠤᠯ ᠤᠨ ᠬᠡᠪᠯᠡᠯ ᠤᠨ ᠡᠷᠬᠡ ᠶᠢᠨ ᠦᠢᠯᠡᠰ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠢᠨ ᠦᠵᠡᠭᠦᠯᠦᠯᠭᠡ᠂ ᠰᠢᠯᠢᠳᠡᠭ ᠬᠡᠪᠯᠡᠯ ᠤᠨ ᠡᠷᠬᠡ ᠶᠢᠨ ᠪᠦᠲᠦᠭᠡᠯ ᠤᠨ ᠦᠵᠡᠰᠬᠦᠯᠡᠩ ᠵᠢᠴᠢ ︽ᠬᠡᠪᠯᠡᠯ ᠤᠨ ᠡᠷᠬᠡ ᠶᠢᠨ ᠠᠵᠢᠯᠯᠠᠭ᠎ᠠ ᠪᠠᠷ ᠬᠦᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠳᠤ ᠡᠨᠧᠷᠭᠢ ᠣᠯᠭᠤᠬᠤ︾ ᠬᠤᠪᠢᠶᠠᠯᠴᠠᠨ ᠶᠠᠷᠢᠯᠴᠠᠬᠤ ᠠᠵᠢᠯᠯᠠᠭ᠎ᠠ ᠵᠡᠷᠭᠡ ᠲᠣᠭᠤᠷᠢᠭ ᠲᠣᠬᠢᠷᠠᠭᠤᠯᠵᠤ᠂ ᠲᠤᠬᠠᠶ ᠶᠢᠨ ᠲᠠᠯᠠᠪᠤᠷ ᠤᠨ ᠵᠣᠴᠢᠳ ᠲᠤ AI ᠰᠣᠯᠢᠵᠤ ᠠᠴᠢᠶᠠᠯᠠᠬᠤ ᠰᠢᠰᠲ᠋ᠧᠮ᠂ ᠬᠤᠪᠢᠰᠬᠠᠯᠲᠤ ᠰᠣᠶᠣᠯ ᠤᠨ ᠲᠣᠭᠠᠴᠢᠯᠠᠭᠰᠠᠨ ᠣᠶᠢᠯᠠᠭᠠᠯᠲᠠ ᠵᠡᠷᠭᠡ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠮᠡᠳᠡᠷᠡᠭᠦᠯᠵᠦ᠂ ᠬᠡᠪᠯᠡᠯ ᠤᠨ ᠡᠷᠬᠡ ᠶᠢᠨ ᠬᠠᠮᠠᠭᠠᠯᠠᠯᠲᠠ ᠪᠠ ᠰᠢᠨᠵᠢᠯᠡᠭᠡ ᠮᠡᠷᠭᠡᠵᠢᠯ ᠤᠨ ᠭᠦᠨᠵᠡᠭᠡᠢ ᠠᠭᠤᠰᠤᠯᠴᠠᠯ ᠤᠨ ᠷᠢᠳᠢ ᠰᠢᠳᠢ ᠶᠢ ᠣᠶᠢᠯᠠᠭᠠᠭᠤᠯᠵᠤ᠂ ᠬᠡᠪᠯᠡᠯ ᠤᠨ ᠡᠷᠬᠡ ᠶᠢᠨ ᠬᠠᠮᠠᠭᠠᠯᠠᠯᠲᠠ ᠶᠢ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢᠨ ᠭᠤᠤᠯ ᠬᠥᠳᠡᠯᠭᠡᠬᠦ ᠬᠦᠴᠦᠨ ᠪᠣᠯᠭᠠᠵᠤ᠂ ᠰᠣᠶᠣᠯ ᠤᠨ ᠠᠵᠤ ᠦᠢᠯᠡᠰ ᠤᠨ ᠬᠥᠭᠵᠢᠯ ᠴᠡᠴᠡᠭᠯᠡᠯ ᠪᠠ ᠮᠡᠳᠡᠯᠭᠡ ᠶᠢᠨ ᠠᠵᠤ ᠠᠬᠤᠶ ᠶᠢᠨ ᠬᠥᠭᠵᠢᠯ ᠴᠡᠴᠡᠭᠯᠡᠯ ᠳᠤ ᠬᠦᠴᠦᠨ ᠨᠡᠮᠡᠷᠢᠯᠡᠪᠡ᠃
5.jpg
       ᠲᠤᠬᠠᠢ ᠶᠢᠨ ᠲᠠᠯᠠᠪᠠᠢ ᠳᠤ ᠪᠠᠰᠠ ︽2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠪᠯᠡᠯ ᠤᠨ ᠡᠷᠬᠡ ᠶᠢᠨ ᠳᠠᠩᠰᠠᠯᠠᠯᠲᠠ ᠶᠢᠨ ᠲᠤᠭ᠎ᠠ ᠪᠠᠷᠢᠮᠲᠠ ᠶᠢᠨ ᠮᠡᠳᠡᠭᠦᠯᠦᠯᠲᠡ︾᠂ ︽2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠨᠳᠥᠷ ᠥᠷᠲᠡᠭᠲᠦ ᠬᠡᠪᠯᠡᠯ ᠤᠨ ᠡᠷᠬᠡ ᠶᠢᠨ ᠪᠦᠲᠦᠭᠡᠯ︾᠂ ︽2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠪᠯᠡᠯ ᠤᠨ ᠡᠷᠬᠡ ᠶᠢᠨ ᠤᠬᠠᠭᠤᠯᠭ᠎ᠠ ᠶᠢᠨ ᠭᠠᠷᠠᠭ ᠤᠨ ᠭᠤᠣᠯ ᠰᠡᠳᠦᠪᠲᠦ ᠤᠬᠠᠭᠤᠯᠭ᠎ᠠ ᠶᠢᠨ ᠹᠢᠯᠢᠮ︾᠂ ︽2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠪᠯᠡᠯ ᠤᠨ ᠡᠷᠬᠡ ᠶᠢᠨ ᠤᠬᠠᠭᠤᠯᠭ᠎ᠠ ᠶᠢᠨ ᠨᠡᠶᠢᠲᠡ ᠶᠢᠨ ᠠᠰᠠᠷᠠᠮᠵᠢ ᠶᠢᠨ ᠵᠠᠷᠯᠠᠯ︾ ᠪᠠ ᠰᠢᠷᠢᠰ ᠣᠬᠤᠷ ᠸᠢᠳᠢᠣ᠋ ᠶᠢ ᠨᠡᠶᠢᠲᠡᠯᠡᠪᠡ᠃
6.jpg
       ︽ᠪᠢᠳᠡ ᠣᠯᠠᠨ ᠡᠰᠢᠲᠦ ᠠᠵᠢᠯᠯᠠᠭ᠎ᠠ ᠶᠢᠨ ᠬᠡᠯᠪᠡᠷᠢ ᠶᠢ ᠪᠠᠶᠠᠯᠢᠭᠵᠢᠭᠤᠯᠬᠤ ᠪᠠᠷ ᠳᠠᠮᠵᠢᠨ᠂ ᠬᠡᠪᠯᠡᠯ ᠤᠨ ᠡᠷᠬᠡ ᠶᠢ ᠬᠠᠮᠠᠭᠠᠯᠠᠬᠤ ᠣᠶᠢᠯᠠᠭᠠᠭᠳᠠᠬᠤᠨ ᠢ ᠰᠣᠶᠣᠯ ᠤᠨ ᠣᠶᠢᠯᠠᠭᠠᠯᠲᠠ ᠪᠠ ᠮᠡᠳᠡᠯᠭᠡ ᠶᠢᠨ ᠦᠢᠯᠡᠴᠢᠯᠡᠭᠡ ᠳᠤ ᠠᠭᠤᠰᠬᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠪᠣᠯ ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠠᠮᠢᠨ ᠰᠤᠳᠠᠰᠤ ᠮᠦᠨ ᠬᠡᠬᠦ ᠣᠶᠢᠯᠠᠭᠠᠭᠳᠠᠬᠤᠨ ᠢ ᠳᠠᠮᠵᠢᠭᠤᠯᠵᠠᠢ᠃ ᠲᠡᠷᠡ ᠨᠢ ᠵᠣᠬᠢᠶᠠᠨ ᠪᠦᠲᠦᠭᠡᠭᠴᠢ ᠶᠢᠨ ᠬᠠᠤᠯᠢ ᠶᠣᠰᠣᠨ ᠤ ᠡᠷᠬᠡ ᠠᠰᠢᠭ ᠲᠠᠢ ᠬᠤᠯᠪᠣᠭᠳᠠᠬᠤ ᠪᠠᠷ ᠪᠠᠷᠠᠬᠤ ᠦᠭᠡᠢ ᠨᠡᠩ ᠴᠤ ᠨᠡᠶᠢᠭᠡᠮ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ ᠦᠢᠯᠡᠰ ᠤᠨ ᠳᠡᠰ ᠳᠡᠪᠰᠢᠬᠦ ᠶᠢ ᠠᠬᠢᠭᠤᠯᠬᠤ ᠵᠠᠩᠭᠢᠯᠠᠭ᠎ᠠ ᠶᠢᠨ ᠲᠤᠯᠭᠠᠭᠤᠷᠢᠯᠠᠯ ᠪᠣᠯᠤᠨ᠎ᠠ︾᠃ ᠤᠯᠠᠭᠠᠨᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠵᠠᠩ ᠽᠢ ᠼᠦᠩ ᠠᠴᠠ᠂ ᠲᠠᠷᠠᠭᠠᠴᠢ ᠶᠢᠨ ᠠᠯᠬᠤᠮ ᠳᠤ᠂ ᠤᠯᠠᠭᠠᠨᠬᠤᠲᠠ ᠦᠢᠯᠡᠴᠢᠯᠡᠭᠡᠨ ᠤ ᠰᠢᠰᠲ᠋ᠧᠮ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠨᠠᠩ ᠪᠦᠷᠢᠨ ᠲᠡᠭᠦᠯᠳᠡᠷ ᠲᠥᠷᠥ ᠶᠢᠨ ᠪᠣᠳᠣᠯᠭ᠎ᠠ ᠪᠠ ᠦᠢᠯᠡᠳᠦᠯᠭᠡ ᠪᠠᠷ ᠰᠣᠶᠣᠯ ᠤᠨ ᠪᠦᠲᠦᠭᠡᠯᠴᠢ ᠠᠵᠤ ᠦᠢᠯᠡᠰ ᠤᠨ ᠬᠥᠭᠵᠢᠯᠲᠡ ᠪᠠ ᠮᠡᠳᠡᠯᠭᠡ ᠶᠢᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠪᠠᠲᠤᠯᠠᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢ ᠬᠦᠨᠳᠦᠳᠬᠡᠬᠦ ᠶᠢ ᠪᠥᠬᠦ ᠨᠡᠶᠢᠭᠡᠮ ᠤᠨ ᠬᠠᠮᠲᠤ ᠶᠢᠨ ᠲᠠᠨᠢᠯᠲᠠ ᠪᠠ ᠠᠵᠢᠯᠯᠠᠭ᠎ᠠ ᠪᠣᠯᠭᠠᠨ᠎ᠠ ᠭᠡᠵᠦ ᠢᠯᠡᠷᠬᠡᠶᠢᠯᠡᠵᠡᠢ᠃      
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号