| ᠣᠶᠢᠷ᠎ᠠ ᠳᠤ ᠮᠠᠨ ᠤ ᠤᠷᠤᠨ ︽︿ᠤᠮᠠᠷᠠᠲᠤ ᠬᠢᠯᠢ ᠶᠢ ᠮᠠᠨᠳᠤᠭᠤᠯᠬᠤ﹀ ᠦᠢᠯᠡᠰ ᠪᠤᠰᠬᠠᠬᠤ | ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠳᠡᠮᠵᠢᠬᠦ ᠲᠤᠬᠠᠢ | ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠨᠤᠲᠤᠭ ᠲᠠᠭᠠᠨ | ᠪᠤᠴᠠᠭᠰᠠᠨ ᠬᠥᠯᠥᠰᠦᠨ ᠲᠠᠷᠢᠶᠠᠴᠢᠳ᠂ ᠴᠡᠷᠢᠭ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠬᠦᠮᠦᠰ ᠲᠤ | ᠠᠩᠬᠠᠷᠤᠯ ᠢᠶᠠᠨ ᠲᠥᠪᠯᠡᠷᠡᠭᠦᠯᠵᠦ᠂ 7 ᠵᠦᠢᠯ ᠤᠨ ᠦᠢᠯᠡᠰ ᠪᠤᠰᠬᠠᠬᠤ ᠦᠢᠯᠡᠴᠢᠯᠡᠭᠡ ᠶᠢ ᠬᠡᠷᠡᠭᠵᠢᠭᠦᠯᠦᠨ᠂ ︽ | ᠦᠢᠯᠡᠰ ᠪᠤᠰᠬᠠᠬᠤ ᠪᠣᠯᠪᠠᠰᠤᠷᠠᠯ᠂ ᠦᠢᠯᠡᠰ ᠪᠤᠰᠬᠠᠬᠤ ᠦᠢᠯᠡᠴᠢᠯᠡᠭᠡ᠂ ᠦᠢᠯᠡᠰ ᠪᠤᠰᠬᠠᠬᠤ ᠨᠡᠪᠴᠢᠭᠦᠯᠦᠯᠲᠡ᠂ | ᠦᠢᠯᠡᠰ ᠪᠤᠰᠬᠠᠬᠤ ᠠᠵᠢᠯᠯᠠᠭ᠎ᠠ︾ ᠶᠢᠨ ᠳᠥᠷᠪᠡᠨ ᠡᠭᠦᠳᠦᠯᠲᠡ ᠶᠢᠨ ᠬᠤᠯᠪᠤᠭᠠᠯᠠᠨ ᠳᠡᠮᠵᠢᠬᠦ ᠰᠢᠰᠲ᠋ᠧᠮ ᠢ ᠪᠥᠬᠦ | ᠬᠦᠴᠦᠨ ᠢᠶᠠᠷ ᠢᠶᠠᠨ ᠪᠠᠶᠢᠭᠤᠯᠵᠤ᠂ ᠦᠢᠯᠡᠰ ᠪᠤᠰᠬᠠᠬᠤ ᠠᠮᠢᠵᠢᠷᠠᠯ ᠤᠨ ᠬᠦᠴᠦᠨ ᠢ ᠪᠥᠬᠦ ᠲᠠᠯ᠎ᠠ ᠪᠠᠷ ᠬᠥᠭᠵᠢᠭᠡᠨ᠂ | ᠴᠢᠨᠠᠷ ᠰᠠᠶᠢᠲᠠᠢ ᠠᠵᠢᠯ ᠣᠯᠭᠤᠯᠲᠠ ᠳᠤ ᠬᠦᠴᠦᠨ ᠨᠡᠮᠡᠷᠢᠯᠡᠨ᠎ᠡ ᠭᠡᠵᠦ ᠲᠣᠳᠣᠷᠬᠠᠢ ᠲᠣᠭᠲᠠᠭᠠᠪᠠ᠃ ᠠᠵᠢᠯᠯᠠᠭ᠎ᠠ ᠨᠢ | 12 ᠰᠠᠷ᠎ᠠ ᠶᠢᠨ ᠰᠡᠭᠦᠯᠴᠢ ᠪᠣᠯᠲᠠᠯ᠎ᠠ ᠦᠷᠭᠦᠯᠵᠢᠯᠡᠨ᠎ᠡ᠃ | ᠣᠶᠢᠯᠠᠭᠠᠭᠰᠠᠨ ᠢᠶᠠᠷ᠂ 7 ᠵᠦᠢᠯ ᠤᠨ ᠦᠢᠯᠡᠰ ᠪᠤᠰᠬᠠᠬᠤ ᠦᠢᠯᠡᠴᠢᠯᠡᠭᠡ ᠨᠢ ᠲᠣᠰ ᠲᠤᠰ | ᠤᠬᠠᠭᠤᠯᠭ᠎ᠠ ᠶᠢᠨ ᠵᠢᠭᠰᠠᠭᠠᠯ ᠪᠠᠶᠢᠭᠤᠯᠬᠤ᠂ ᠦᠢᠯᠡᠰ ᠪᠤᠰᠬᠠᠬᠤ ᠶᠢ ᠵᠢᠯᠤᠭᠤᠳᠬᠤ ᠲᠤᠰᠬᠠᠢ ᠮᠡᠷᠭᠡᠵᠢᠯᠲᠡᠨ | ᠲᠣᠭᠤᠷᠢᠨ ᠣᠨᠣᠰᠢᠯᠠᠯᠲᠠ᠂ ︽ᠰᠠᠶᠢᠨ ᠡᠬᠢ ᠰᠤᠷᠪᠤᠯᠵᠢ ᠠᠴᠠ ᠰᠠᠶᠢᠨ ᠦᠢᠯᠡᠰ ᠪᠤᠰᠬᠠᠬᠤ︾ ᠡᠬᠢ ᠪᠠᠶᠠᠯᠢᠭ ᠤᠨ | ᠵᠣᠯᠭᠠᠭᠤᠯᠤᠯᠲᠠ᠂ ︽ᠵᠢᠭᠡᠯᠡᠯᠭᠡ ᠪᠠᠷ ᠦᠢᠯᠡᠰ ᠪᠤᠰᠬᠠᠬᠤ ᠶᠢ ᠳᠡᠮᠵᠢᠬᠦ︾ ᠰᠢᠷᠢᠰ ᠠᠵᠢᠯᠯᠠᠭ᠎ᠠ᠂ ᠦᠢᠯᠡᠰ ᠪᠤᠰᠬᠠᠬᠤ | ᠲᠥᠷᠥᠯ ᠵᠦᠢᠯ ᠤᠨ ᠦᠵᠡᠭᠦᠯᠦᠯᠲᠡ᠂ ᠦᠢᠯᠡᠰ ᠪᠤᠰᠬᠠᠬᠤ ᠪᠣᠯᠪᠠᠰᠤᠷᠠᠯ ᠤᠨ ᠪᠠᠭᠰᠢ ᠶᠢᠨ ᠡᠩᠨᠡᠭᠡᠨ ᠤ ᠰᠣᠯᠢᠯᠴᠠᠭ᠎ᠠ᠂ | ᠣᠷᠣᠨ ᠪᠦᠰᠡ ᠶᠢᠨ ᠦᠢᠯᠡᠰ ᠪᠤᠰᠬᠠᠬᠤ ᠬᠤᠯᠪᠣᠭᠠᠯᠠᠯ ᠢ ᠴᠤᠬᠴᠠᠯᠠᠬᠤ ᠵᠡᠷᠭᠡ ᠪᠣᠯᠣᠨ᠎ᠠ᠃ ᠪᠣᠳᠠᠲᠠᠢ ᠪᠠᠷ ᠬᠡᠯᠡᠪᠡᠯ᠄ | ᠤᠬᠤᠷ ᠸᠢᠳᠢᠤ᠋᠂ ᠬᠠᠮ ᠵᠠᠭᠤᠴᠢᠯᠠᠭᠤᠷ ᠵᠡᠷᠭᠡ ᠰᠢᠨ᠎ᠡ ᠶᠢ ᠡᠭᠦᠳᠬᠦ ᠬᠡᠯᠪᠡᠷᠢ ᠶᠢ ᠠᠰᠢᠭᠯᠠᠨ ᠲᠥᠷᠥ ᠶᠢᠨ | ᠪᠣᠳᠣᠯᠭ᠎ᠠ ᠶᠢᠨ ᠮᠡᠳᠡᠭᠡ ᠵᠠᠩᠭᠢ ᠶᠢ ᠨᠠᠩ ᠠᠮᠢᠳᠤᠯᠢᠭ ᠲᠥᠬᠦᠮ ᠠᠷᠭ᠎ᠠ ᠮᠠᠶ᠋ᠢᠭ ᠢᠶᠠᠷ ᠦᠢᠯᠡᠰ ᠪᠤᠰᠬᠠᠬᠴᠢᠳ ᠲᠤ | ᠭᠦᠷᠭᠡᠵᠦ᠂ ᠲᠥᠷᠥ ᠶᠢᠨ ᠪᠣᠳᠣᠯᠭ᠎ᠠ ᠶᠢ ᠣᠶᠢᠯᠠᠭᠠᠬᠤ ᠬᠡᠮᠵᠢᠶ᠎ᠡ ᠪᠠ ᠬᠠᠮᠤᠷᠬᠤ ᠬᠡᠪᠴᠢᠶ᠎ᠡ ᠶᠢ ᠪᠦᠲᠦᠮᠵᠢᠲᠡᠶ | ᠳᠡᠭᠡᠭᠰᠢᠯᠡᠭᠦᠯᠦᠨ᠎ᠡ︔ 12 ᠠᠶᠢᠮᠠᠭ ᠬᠤᠲᠠ ᠳᠤ ᠦᠢᠯᠡᠰ ᠪᠤᠰᠬᠠᠬᠤ ᠲᠤᠰᠬᠠᠢ ᠮᠡᠷᠭᠡᠵᠢᠯᠲᠡᠨ ᠢ ᠭᠦᠨᠵᠡᠭᠡᠶᠢᠷᠡᠭᠦᠯᠦᠨ | ︽ᠠᠰ ᠠᠰ ᠲᠤᠨᠢ︾ ᠭᠦᠨᠵᠡᠭᠡᠢ ᠬᠠᠪᠰᠤᠷᠤᠨ ᠲᠡᠳᠬᠦᠬᠦ ᠠᠵᠢᠯ ᠥᠷᠨᠢᠭᠦᠯᠵᠦ᠂ ᠦᠢᠯᠡᠰ ᠪᠤᠰᠬᠠᠬᠴᠢᠳ ᠲᠤ | ᠨᠢᠭᠤᠷᠳᠠᠭᠰᠠᠨ᠂ ᠬᠠᠨᠳᠤᠯᠭᠠᠲᠤ ᠴᠢᠨᠠᠷᠲᠠᠢ ᠲᠤᠰᠬᠠᠢ ᠵᠢᠯᠣᠭᠤᠳᠤᠯᠭ᠎ᠠ ᠬᠠᠩᠭᠠᠨ᠎ᠠ︔ ᠦᠢᠯᠡᠰ ᠪᠤᠰᠬᠠᠬᠴᠢᠳ ᠤᠨ | ᠲᠠᠯᠠᠪᠤᠷ ᠭᠠᠵᠠᠷ᠂ ᠪᠡᠯᠡ ᠮᠥᠩᠭᠦ᠂ ᠵᠠᠬ᠎ᠠ ᠳᠡᠯᠭᠡᠭᠦᠷ ᠵᠡᠷᠭᠡ ᠲᠠᠯ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠶ | ᠵᠣᠯᠭᠠᠭᠤᠯᠵᠤ᠂ ᠡᠯ᠎ᠡ ᠵᠦᠢᠯ ᠤᠨ ᠦᠢᠯᠡᠰ ᠪᠤᠰᠬᠠᠬᠤ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠤᠨ | ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠠᠬᠢᠭᠤᠯᠤᠨ᠎ᠠ︔ ᠵᠢᠭᠡᠯᠡᠭᠦ ᠵᠢᠭᠡᠯᠡᠯᠭᠡ ᠶᠢᠨ ᠱᠠᠭᠠᠷᠳᠠᠯᠭ᠎ᠠ ᠶᠢ | ᠳᠣᠷᠣᠭᠰᠢᠯᠠᠭᠤᠯᠬᠤ᠂ ᠢᠲᠡᠭᠡᠮᠵᠢ ᠶᠢᠨ ᠵᠢᠭᠡᠯᠡᠯᠭᠡ ᠣᠯᠭᠤᠬᠤ ᠲᠤᠭ᠎ᠠ ᠬᠡᠮᠵᠢᠶ᠎ᠡ ᠶᠢ ᠳᠡᠭᠡᠭᠰᠢᠯᠡᠭᠦᠯᠬᠦ᠂ ᠪᠠᠩᠬᠢ ᠠᠵᠤ | ᠠᠬᠤᠶᠢᠯᠠᠯ ᠢ ᠵᠣᠯᠭᠠᠭᠤᠯᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠵᠡᠷᠭᠡ ᠠᠷᠭ᠎ᠠ | ᠬᠡᠮᠵᠢᠶ᠎ᠡ ᠪᠠᠷ ᠳᠠᠮᠵᠢᠭᠤᠯᠤᠨ᠂ ᠦᠢᠯᠡᠰ ᠪᠤᠰᠬᠠᠬᠴᠢᠳ ᠲᠤ ᠪᠡᠯᠡ ᠮᠥᠩᠭᠦ ᠶᠢᠨ ᠥᠮᠥᠭ ᠲᠦᠰᠢᠭ ᠬᠠᠩᠭᠠᠨ᠎ᠠ︔ | ᠲᠥᠷᠥᠯ ᠵᠦᠢᠯ ᠢ ᠬᠥᠷᠥᠩᠭᠡ᠂ ᠵᠠᠬ᠎ᠠ ᠳᠡᠯᠭᠡᠭᠦᠷ ᠯᠦᠭᠡ ᠭᠦᠨᠴᠡ ᠲᠠᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠵᠤ᠂ | ᠠᠵᠤ ᠦᠢᠯᠡᠰ ᠤᠨ ᠰᠢᠨ᠎ᠡ ᠶᠢ ᠡᠭᠦᠳᠦᠨ ᠲᠠᠰ ᠳᠡᠪᠰᠢᠬᠦ ᠶᠢ ᠠᠬᠢᠭᠤᠯᠤᠨ᠎ᠠ︔ ᠵᠡᠭᠦᠨ ᠪᠠᠷᠠᠭᠤᠨ ᠬᠡᠰᠡᠭ ᠤᠨ ᠭᠠᠵᠠᠷ | ᠣᠷᠣᠨ ᠳᠤ ᠦᠢᠯᠡᠰ ᠪᠤᠰᠬᠠᠬᠤ ᠪᠣᠯᠪᠠᠰᠤᠷᠠᠯ ᠤᠨ ᠪᠠᠭᠰᠢ ᠶᠢᠨ ᠡᠩᠨᠡᠭᠡᠨ ᠤ ᠰᠣᠯᠢᠯᠴᠠᠭᠠᠨ ᠤ ᠠᠵᠢᠯᠯᠠᠭ᠎ᠠ ᠶᠢ | ᠥᠷᠨᠢᠭᠦᠯᠵᠦ᠂ ᠲᠤᠰᠬᠠᠶᠢᠵᠢᠭᠰᠠᠨ᠂ ᠥᠨᠳᠥᠷ ᠬᠢᠷᠢ ᠲᠦᠪᠰᠢᠨ ᠲᠠᠢ ᠮᠢᠩᠭᠠᠨ ᠪᠠᠭᠰᠢ ᠶᠢᠨ ᠡᠩᠨᠡᠭᠡ ᠶᠢ | ᠪᠤᠶᠢᠵᠢᠭᠤᠯᠤᠨ᠎ᠠ︔ ᠡᠯ᠎ᠡ ᠭᠠᠵᠠᠷ ᠤᠨ ᠦᠢᠯᠡᠰ ᠪᠤᠰᠬᠠᠬᠤ ᠡᠬᠢ ᠪᠠᠶᠠᠯᠢᠭ ᠢ ᠬᠠᠮᠲᠤᠪᠠᠷ ᠭᠥᠷᠳᠡᠬᠦ ᠪᠠ | ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠶᠢ ᠠᠬᠢᠭᠤᠯᠵᠤ᠂ ︽ᠨᠢᠭᠡ ᠭᠠᠵᠠᠷ ᠲᠤ ᠨᠢᠭᠡ ᠣᠨᠴᠠᠯᠢᠬᠳᠤ︾ | ᠦᠢᠯᠡᠰ ᠪᠤᠰᠬᠠᠬᠤ ᠲᠦᠷᠦᠯ ᠲᠡᠮᠳᠡᠭ ᠢ ᠪᠣᠶ ᠪᠣᠯᠭᠠᠨ᠎ᠠ᠃ | | | | |