ᠮᠠᠨ ᠤ ᠤᠷᠤᠨ 1.46 ᠲᠦᠮᠡᠠ ᠡᠮ ᠡᠮᠨᠡᠯᠭᠡ ᠶᠢᠨ ᠳᠠᠭᠠᠳᠬᠠᠯ ᠤᠨ ᠵᠤᠭᠤᠰᠤᠨ ᠪᠤᠬᠴᠦ ᠶᠢᠨ ᠲᠠᠩᠰᠠᠨ ᠡᠷᠦᠬᠡ ᠶᠢ ᠨᠡᠭᠡᠭᠡᠪᠡ
ᠨᠡᠶᠢᠲᠡᠯᠡᠭᠰᠡᠨ ᠴᠠᠭ᠄
2025/4/23
        ᠣᠲᠣᠬᠠᠨ ᠪᠣᠯᠲᠠᠯ᠎ᠠ ᠮᠠᠨ ᠤ ᠤᠷᠤᠨ ᠨᠢᠭᠡᠨᠲᠡ 1.46 ᠲᠦᠮᠡᠨ ᠡᠮ ᠡᠮᠨᠡᠯᠬᠡ ᠶᠢᠨ ᠳᠠᠭᠠᠳᠬᠠᠯ ᠤᠨ ᠵᠤᠭᠤᠰᠤᠨ ᠪᠤᠬᠴᠦ ᠶᠢᠨ ᠲᠠᠩᠰᠠᠨ ᠡᠷᠦᠬᠡ ᠶᠢ ᠨᠡᠭᠡᠭᠡᠵᠦ᠂ ᠨᠡᠶᠢᠲᠡ 2610 ᠬᠤᠪᠢ ᠲᠠᠩᠰᠠ ᠰᠢᠯᠵᠢᠬᠦᠯᠵᠤ᠂ ᠰᠢᠯᠵᠢᠬᠦᠯᠦᠭᠰᠠᠨ ᠵᠤᠭᠤᠰ ᠤᠨ ᠲᠤᠭ᠎ᠠ ᠨᠢ 161 ᠲᠦᠮᠡᠨ ᠲᠥᠭᠦᠷᠢᠭ ᠲᠤ ᠬᠦᠷᠪᠡ᠃ ᠡᠭᠦᠨ ᠳᠤ ᠣᠷᠣᠨ ᠤ ᠳᠣᠲᠣᠷ᠎ᠠ ᠰᠢᠯᠵᠢᠭᠦᠯᠦᠨ ᠭᠠᠷᠭᠠᠭᠰᠠᠨ ᠨᠢ 2245 ᠬᠤᠪᠢ ᠪᠠᠶᠢᠵᠤ᠂ ᠲᠠᠩᠰᠠ ᠰᠢᠯᠵᠢᠭᠦᠯᠦᠭᠰᠡᠨ ᠵᠣᠭᠤᠰ ᠤᠨ ᠲᠤᠭ᠎ᠠ ᠨᠢ 138.4 ᠲᠦᠮᠡᠨ ᠲᠥᠭᠦᠷᠢᠭ ᠪᠣᠯᠤᠨ᠎ᠠ︔ ᠮᠤᠵᠢ ᠠᠯᠤᠰᠯᠠᠨ 259 ᠬᠤᠪᠢ ᠰᠢᠯᠵᠢᠭᠦᠯᠦᠨ ᠭᠠᠷᠭᠠᠵᠤ᠂ ᠲᠠᠩᠰᠠ ᠰᠢᠯᠵᠢᠭᠦᠯᠦᠭᠰᠡᠨ ᠵᠣᠭᠤᠰ ᠤᠨ ᠲᠤᠭ᠎ᠠ 17.4 ᠲᠦᠮᠡᠨ ᠲᠥᠭᠦᠷᠢᠭ ᠲᠤ ᠬᠦᠷᠴᠡᠶ᠃ ᠮᠤᠵᠢ ᠶᠢᠨ ᠭᠠᠳᠠᠨ᠎ᠠ ᠠᠴᠠ 106 ᠬᠤᠪᠢ ᠰᠢᠯᠵᠢᠬᠦᠯᠤᠨ ᠤᠷᠤᠭᠤᠯᠵᠦ᠂ ᠲᠠᠩᠰᠠ ᠰᠢᠯᠵᠢᠭᠦᠯᠦᠭᠰᠡᠨ ᠵᠣᠭᠤᠰ ᠤᠨ ᠲᠤᠭ᠎ᠠ ᠨᠢ 5.2 ᠲᠦᠮᠡᠨ ᠲᠥᠭᠦᠷᠢᠭ ᠪᠣᠯᠤᠨ᠎ᠠ᠃ ᠡᠨᠡ ᠨᠢ ᠮᠠᠨ ᠤ ᠤᠷᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡ ︽ᠬᠡᠷ ᠪᠦᠯᠢ ᠪᠠᠷ ᠢᠶᠠᠨ ᠬᠠᠷᠢᠯᠴᠠᠨ ᠬᠠᠪᠰᠤᠷᠤᠯᠴᠠᠵᠤ᠂ ᠮᠤᠵᠢ ᠠᠯᠤᠰᠯᠠᠨ ᠬᠠᠮᠲᠤ ᠪᠠᠷ ᠡᠳ᠋ᠯᠡᠬᠦ︾ ᠰᠢᠨ᠎ᠡ ᠱᠠᠲᠤᠨ ᠳᠤ ᠤᠷᠤᠭᠰᠠᠨ ᠢ ᠬᠠᠷᠠᠭᠤᠯᠵᠤ ᠪᠠᠶᠢᠨ᠎ᠠ᠃        ᠣᠶᠢᠯᠠᠭᠠᠭᠰᠠᠨ ᠢᠶᠠᠷ᠂ ᠡᠭᠦᠳᠡᠨ ᠡᠮᠨᠡᠯᠭᠡ ᠳᠤ ᠬᠠᠷᠢᠯᠴᠠᠨ ᠲᠤᠰᠠᠯᠠᠬᠤ ᠪᠠᠲᠤᠯᠠᠭ᠎ᠠ ᠶᠢᠨ ᠲᠦᠷᠢᠮ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠪᠠᠯᠠ ᠮᠥᠩᠭᠦ ᠶᠢᠨ ᠬᠡᠷᠡᠭᠯᠡᠬᠦ ᠬᠡᠪᠴᠢᠶ᠎ᠡ ᠶᠢ ᠥᠷᠭᠡᠳᠭᠡᠨ᠂ ᠪᠥᠬᠦ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢ ᠮᠤᠵᠢ ᠠᠯᠤᠰᠯᠠᠨ ᠬᠠᠷᠢᠯᠴᠠᠨ ᠲᠠᠳᠬᠦᠬᠦ ᠶᠢ ᠠᠬᠢᠭᠤᠯᠬᠤ ᠶᠢᠨ ᠲᠥᠯᠥᠭᠡ ᠤᠯᠤᠰ ᠤᠨ ᠡᠮᠴᠢᠯᠡᠬᠡᠨ ᠤ ᠪᠠᠲᠤᠯᠠᠭ᠎ᠠ ᠶᠢᠨ ᠲᠣᠪᠴᠢᠶ᠎ᠠ 2024 ᠣᠨ ᠤ 7 ᠰᠠᠷ᠎ᠠ ᠳᠤ ︽ᠡᠮ ᠡᠮᠨᠡᠯᠭᠡ ᠶᠢᠨ ᠳᠠᠭᠠᠳᠬᠠᠯ ᠤᠨ ᠵᠤᠭᠤᠰᠤᠨ ᠪᠤᠬᠴᠦ ᠶᠢᠨ ᠲᠤᠷᠰᠢᠯᠲᠠ ᠶᠢᠨ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ᠪᠠᠭᠤᠯᠭᠠᠵᠤ᠂ ᠥᠪᠡᠷᠲᠡᠭᠡᠨ ᠵᠠᠰᠠᠬᠤ ᠣᠷᠣᠨ ᠤ ᠡᠮᠴᠢᠯᠡᠬᠡᠨ ᠤ ᠪᠠᠲᠤᠯᠠᠭ᠎ᠠ ᠶᠢᠨ ᠲᠣᠪᠴᠢᠶ᠎ᠠ ᠤᠷᠢᠳ ᠢᠶᠠᠷ ᠬᠡᠷᠡᠭᠵᠢᠭᠦᠯᠬᠦ᠂ ᠠᠯᠬᠤᠮ ᠬᠤᠪᠢᠶᠠᠨ ᠠᠬᠢᠭᠤᠯᠬᠤ ᠠᠷᠭ᠎ᠠ ᠮᠠᠶ᠋ᠢᠭ ᠢᠶᠠᠷ ᠡᠮ ᠡᠮᠨᠡᠯᠭᠡ ᠶᠢᠨ ᠳᠠᠭᠠᠳᠬᠠᠯ ᠤᠨ ᠵᠣᠭᠤᠰᠣᠨ ᠪᠤᠬᠴᠦ ᠶᠢᠨ ᠪᠠᠶᠢᠭᠤᠯᠤᠯᠲᠠ ᠶᠢ ᠥᠷᠨᠢᠭᠦᠯᠵᠦ᠂ ᠣᠷᠳᠣᠰ ᠬᠤᠲᠠ ᠵᠢᠴᠢ ᠪᠠᠶᠠᠨᠨᠠᠭᠤᠷ ᠬᠤᠲᠠ ᠶᠢ ᠭᠠᠷᠭᠠᠪᠠᠯ᠂ ᠪᠤᠰᠤᠳ 13 ᠨᠢᠭᠡᠳᠦᠯᠲᠡᠶ ᠲᠥᠯᠥᠪᠯᠡᠬᠦ ᠣᠷᠣᠨ ᠳᠤ ᠴᠥᠮ ᠡᠮ ᠡᠮᠨᠡᠯᠭᠡ ᠶᠢᠨ ᠳᠠᠭᠠᠳᠬᠠᠯ ᠤᠨ ᠵᠣᠭᠤᠰᠣᠨ ᠪᠤᠬᠴᠦ ᠶᠢ ᠨᠡᠪᠲᠡᠷᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠵᠣᠭᠤᠰᠣᠨ ᠪᠤᠬᠴᠦ ᠪᠠᠷ ᠮᠤᠵᠢ ᠠᠯᠤᠰᠯᠠᠨ ᠣᠶᠢᠷ᠎ᠠ ᠲᠥᠷᠥᠯ ᠰᠠᠳᠤᠨ ᠳᠠᠭᠠᠨ ᠬᠠᠮᠲᠤ ᠪᠠᠷ ᠲᠤᠰᠠᠯᠠᠬᠤ ᠲᠠᠩᠰᠠ ᠰᠢᠯᠵᠢᠭᠦᠯᠵᠦ ᠪᠣᠯᠤᠨ᠎ᠠ᠃ ᠣᠳᠣᠬᠠᠨ ᠳᠤ᠂ ᠪᠥᠬᠦ ᠤᠯᠤᠰ ᠲᠤ ᠨᠡᠶᠢᠲᠡ 15 ᠮᠤᠵᠢ ᠬᠤᠲᠠ ᠥᠪᠡᠷᠲᠡᠭᠡᠨ ᠵᠠᠰᠠᠬᠤ ᠣᠷᠣᠨ ᠡᠮ ᠡᠮᠨᠡᠯᠭᠡ ᠶᠢᠨ ᠳᠠᠭᠠᠳᠬᠠᠯ ᠤᠨ ᠵᠣᠭᠤᠰᠣᠨ ᠪᠤᠬᠴᠦ ᠶᠢ ᠨᠡᠬᠡᠬᠡᠵᠤ ᠪᠤᠢ᠃ ᠮᠠᠨ ᠤ ᠤᠷᠤᠨ ᠨᠢᠭᠡᠳᠦᠯᠲᠡᠶ ᠲᠥᠯᠥᠪᠯᠡᠬᠦ ᠣᠷᠣᠨ ᠤ ᠲᠤᠭ᠎ᠠ᠂ ᠡᠮ ᠡᠮᠨᠡᠯᠭᠡ ᠶᠢᠨ ᠳᠠᠭᠠᠳᠬᠠᠯ ᠤᠨ ᠵᠣᠭᠤᠰᠣᠨ ᠪᠤᠬᠴᠦ ᠢᠢᠨ ᠲᠠᠩᠰᠠᠨ ᠡᠷᠦᠬᠡ ᠶᠢ ᠨᠡᠭᠡᠭᠡᠭᠰᠡᠨ ᠬᠥᠮᠦᠨ ᠤ ᠲᠤᠭ᠎ᠠ᠂ ᠣᠷᠣᠨ ᠤ ᠳᠣᠲᠣᠨ᠎ᠠ ᠭᠠᠳᠠᠨᠠᠬᠢ ᠲᠠᠩᠰᠠ ᠰᠢᠯᠵᠢᠭᠦᠯᠦᠭᠰᠡᠨ ᠲᠤᠭ᠎ᠠ ᠴᠥᠮ ᠡᠮᠦᠨ᠎ᠡ ᠡᠩᠨᠡᠭᠡᠨ ᠳᠤ ᠣᠷᠣᠪᠠ᠃           ︵ᠳᠤᠰ ᠪᠤᠯᠤᠩ ᠤᠨ ᠡᠭᠡ ᠪᠢᠴᠢᠭ ᠢ ︽ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ︾ ᠠᠴᠠ ᠰᠢᠯᠵᠢᠬᠦᠯᠪᠡ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号