| ᠲᠦᠷᠦᠬᠦᠭᠡᠨ᠂ ᠦᠬᠠᠨ ᠳᠤ ᠬᠤᠷᠠᠯᠳᠤᠭᠤᠯᠤᠭᠰᠠᠨ 2025 ᠣᠨ ᠤ ᠸᠠᠺᠼᠢᠨ ᠪᠣᠯᠤᠨ ᠡᠷᠡᠭᠦᠯ | ᠮᠡᠨᠳᠦ ᠶᠢᠨ ᠶᠡᠭᠡ ᠬᠤᠷᠠᠯ ᠠᠴᠠ ᠣᠶᠢᠯᠠᠭᠠᠭᠰᠠᠨ ᠢᠶᠠᠷ᠂ ᠮᠠᠨ ᠤ ᠤᠯᠤᠰ ᠤᠨ ᠣᠳᠣᠬᠠᠨ ᠳᠤ ᠰᠢᠶᠠᠩ ᠪᠠᠯᠭᠠᠰᠤ ︵ | ᠵᠡᠭᠡᠯᠢ ᠭᠤᠳᠤᠮᠵᠢ︶ ᠨᠢᠭᠡᠪᠦᠷᠢ ᠨᠠᠭᠠᠳᠤ ᠵᠠᠬ᠎ᠠ ᠳᠠᠭᠠᠨ ᠨᠢᠭᠡ ᠤᠷᠢᠳᠴᠢᠯᠠᠨ ᠰᠡᠷᠭᠡᠶᠢᠯᠡᠬᠦ ᠲᠠᠷᠢᠯᠭ᠎ᠠ ᠬᠢᠬᠦ | ᠨᠢᠭᠡᠴᠢ ᠲᠠᠢ ᠪᠠᠶᠢᠵᠤ᠂ ᠲᠠᠷᠢᠯᠭ᠎ᠠ ᠬᠢᠬᠦ ᠦᠢᠯᠡᠴᠢᠯᠡᠭᠡ ᠶᠢ ︽ᠬᠡᠷ ᠤᠨ ᠡᠭᠦᠳᠡᠨ︾ ᠳᠤ ᠬᠦᠷᠭᠡᠵᠦ ᠪᠠᠶᠢᠨ᠎ᠠ︔ | 1000 ᠲᠦᠮᠡ ᠭᠠᠷᠤᠶ ᠬᠥᠮᠦᠨ ᠨᠢᠭᠡᠨᠲᠡ ᠡᠯᠧᠺᠲᠷᠣᠨ ᠤᠷᠢᠳᠴᠢᠯᠠᠨ ᠰᠡᠷᠭᠡᠶᠢᠯᠡᠬᠦ ᠲᠠᠷᠢᠯᠭ᠎ᠠ ᠶᠢᠨ ᠦᠨᠡᠮᠯᠡᠯ | ᠭᠤᠶᠤᠴᠢᠯᠠᠨ ᠠᠪᠴᠤ ᠬᠡᠷᠡᠭᠯᠡᠨ᠂ ᠬᠤᠪᠢ ᠬᠥᠮᠦᠨ ᠤ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ ᠶᠢ | ᠬᠠᠮᠤᠷᠤᠭᠰᠠᠨ ᠪᠠᠶᠢᠨ᠎ᠠ᠃ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ᠂ ᠤᠯᠤᠰ ᠤᠨ | ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶ᠎ᠠ ᠶᠢᠨ ᠳᠠᠷᠤᠭ᠎ᠠ ᠱᠧᠨ ᠬᠤᠩ ᠪᠢᠩ᠂ ᠣᠳᠣᠬᠠᠨ ᠳᠤ᠂ | ᠮᠠᠨ ᠤ ᠤᠯᠤᠰ ᠨᠢᠭᠡᠨᠲᠡ ᠤᠯᠤᠰ᠂ ᠮᠤᠵᠢ᠂ ᠬᠤᠲᠠ᠂ ᠰᠢᠶᠠᠨ ᠳᠥᠷᠪᠡᠨ ᠱᠠᠲᠤᠨ ᠤ ᠡᠭᠡᠯᠢᠯᠡᠭᠡ ᠶᠢᠨ | ᠲᠥᠯᠥᠪᠵᠢᠭᠦᠯᠭᠡ ᠶᠢᠨ ᠬᠠᠮᠢᠶᠠᠷᠤᠯᠲᠠ ᠶᠢᠨ ᠰᠢᠰᠲ᠋ᠧᠮ᠂ ᠰᠢᠶᠠᠨ᠂ ᠰᠢᠶᠠᠩ᠂ ᠲᠣᠰᠬᠤᠨ ᠭᠤᠷᠪᠠᠨ ᠱᠠᠲᠤᠨ ᠤ | ᠤᠷᠢᠳᠴᠢᠯᠠᠨ ᠰᠡᠷᠭᠡᠶᠢᠯᠡᠬᠦ ᠲᠠᠷᠢᠯᠭ᠎ᠠ ᠶᠢᠨ ᠦᠢᠯᠡᠴᠢᠯᠡᠭᠡᠨ ᠤ ᠲᠤᠤᠷ ᠰᠦᠯᠵᠢᠶ᠎ᠡ ᠶᠢ ᠪᠠᠶᠢᠭᠤᠯᠵᠤ᠂ ᠣᠯᠠᠨ | ᠲᠦᠮᠡᠨ ᠤ ᠴᠠᠭ ᠲᠤᠬᠠᠶ ᠳᠤᠨᠢ ᠸᠠᠺᠼᠢᠨ ᠳᠠᠷᠢᠬᠤ ᠪᠠ ᠲᠥᠬᠦᠮ ᠦᠵᠡᠭᠦᠯᠬᠦ ᠶᠢ ᠦᠨᠡᠨᠬᠦ ᠪᠠᠲᠤᠯᠠᠵᠤ ᠪᠠᠶᠢᠨ᠎ᠠ᠃ | 2024 ᠣᠨ ᠤ ᠡᠴᠦᠰ ᠪᠣᠯᠲᠠᠯ᠎ᠠ᠂ ᠪᠥᠬᠦ ᠤᠯᠤᠰ ᠲᠤ ᠨᠡᠶᠢᠲᠡ 45.6 ᠲᠦᠮᠡᠨ ᠲᠤᠰᠬᠠᠶ ᠮᠡᠷᠭᠡᠵᠢᠯ ᠤᠨ | ᠠᠵᠢᠯᠲᠠᠨ ᠤᠷᠢᠳᠴᠢᠯᠠᠨ ᠰᠡᠷᠭᠡᠶᠢᠯᠡᠬᠦ ᠲᠠᠷᠢᠯᠭ᠎ᠠ ᠶᠢᠨ ᠠᠵᠢᠯ ᠬᠢᠵᠦ᠂ ᠤᠷᠢᠳᠴᠢᠯᠠᠨ ᠰᠡᠷᠭᠡᠶᠢᠯᠡᠬᠦ ᠲᠠᠷᠢᠯᠭ᠎ᠠ ᠶᠢᠨ | ᠡᠩᠨᠡᠭᠡ ᠶᠡᠷᠦᠩᠬᠡᠶ ᠳᠡᠭᠡᠨ ᠴᠢᠩᠭᠠᠷᠠᠵᠠᠢ ᠭᠡᠵᠦ ᠢᠯᠡᠳᠭᠡᠪᠡ᠃ | ︽ᠤᠯᠤᠰ ᠤᠨ ᠡᠭᠡᠯᠢᠯᠡᠭᠡ ᠶᠢᠨ ᠲᠥᠯᠥᠪᠵᠢᠭᠦᠯᠭᠡ ᠶᠢᠨ ᠠᠷᠭ᠎ᠠ ᠪᠣᠳᠣᠯᠭ᠎ᠠ ᠶᠢ ᠬᠥᠳᠡᠯᠦᠩᠭᠦᠶ ᠪᠠᠷ | ᠲᠣᠬᠢᠷᠠᠭᠤᠯᠤᠨ ᠰᠢᠯᠢᠳᠡᠭᠵᠢᠭᠦᠯᠬᠦ ᠪᠣᠯ ᠣᠳᠣᠬᠠᠨ ᠤ ᠪᠠ ᠬᠤᠶᠢᠰᠢᠳᠠ ᠶᠢᠨ ᠭᠤᠤᠯᠳᠠᠯᠭ᠎ᠠ ᠲᠠᠢ ᠠᠬᠢᠭᠤᠯᠬᠤ | ᠠᠵᠢᠯ ᠤᠨ ᠨᠢᠭᠡ ᠪᠣᠯᠤᠨ᠎ᠠ︾᠃ ᠱᠧᠨ ᠬᠤᠩ ᠪᠢᠩ᠂ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ | ᠲᠣᠪᠴᠢᠶ᠎ᠠ ᠶᠠᠭ ᠤᠯᠤᠰ ᠤᠨ ᠡᠭᠡᠯᠢᠯᠡᠭᠡ ᠶᠢᠨ ᠲᠥᠯᠥᠪᠵᠢᠭᠦᠯᠭᠡ ᠶᠢᠨ ᠲᠥᠷᠥ ᠶᠢᠨ ᠪᠣᠳᠣᠯᠭ᠎ᠠ ᠶᠢ ᠬᠥᠳᠡᠯᠦᠩᠭᠦᠶ ᠪᠠᠷ | ᠲᠣᠬᠢᠷᠠᠭᠤᠯᠬᠤ᠂ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠭᠡᠬᠦ ᠶᠢ ᠢᠳᠡᠪᠬᠢᠲᠡᠶ ᠰᠤᠳᠤᠯᠵᠤ᠂ ᠣᠯᠠᠨ | ᠲᠦᠮᠡᠨ ᠳᠤ ᠨᠠᠩ ᠴᠢᠨᠠᠷ ᠰᠠᠶᠢᠲᠠᠶ ᠲᠠᠷᠢᠯᠭ᠎ᠠ ᠶᠢᠨ ᠦᠢᠯᠡᠴᠢᠯᠡᠭᠡ ᠬᠦᠷᠲᠡᠭᠡᠵᠦ ᠪᠠᠶᠢᠨ᠎ᠠ ᠭᠡᠵᠦ ᠬᠡᠯᠡᠪᠡ᠃ ︵︽ | ᠦᠪᠦᠷ ᠮᠤᠩᠭᠤᠯ ᠤᠨ ᠡᠳᠦᠷ ᠤᠨ ᠰᠤᠨᠢᠨ︾ ᠠᠴᠠ ᠰᠢᠯᠵᠢᠬᠦᠯᠪᠡ︶ | | | | |