ᠳᠤᠮᠳᠠᠳᠤ ᠶᠢᠨ ᠦᠨᠳᠦᠰᠦᠲᠡᠨ ᠨᠢᠭᠡ ᠭᠡᠷ ᠪᠦᠯᠢ ᠮᠡᠲᠦ ᠳᠣᠲᠤᠨᠤ — ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠴᠤᠬᠴᠠᠯᠠᠵᠤ ᠬᠢᠨᠭ᠍ᠭᠠᠨ ᠤ ᠰᠢᠨ᠎ᠠ ᠬᠠᠭᠤᠳᠠᠰᠦ ᠶᠢ ᠪᠢᠴᠢᠭᠯᠡᠨᠡᠮ
ᠨᠡᠶᠢᠲᠡᠯᠡᠭᠰᠡᠨ ᠴᠠᠭ᠄
2025/4/23
        ● ᠰᠤᠷᠪᠤᠯᠵᠢᠯᠠᠭᠴᠢ ᠰᠡᠷᠬᠦᠯᠡᠩ        ᠬᠢᠨᠭ᠍ᠭᠠᠨ ᠠᠶᠢᠮᠠᠭ ᠨᠢ ᠨᠠᠮ ᠤᠨ ᠤᠳᠤᠷᠢᠳᠤᠯᠭ᠎ᠠ ᠲᠤᠤᠷ᠎ᠠ ᠦᠪᠦᠷ ᠮᠤᠩᠭᠤᠯ ᠤᠨ ᠦᠪᠡᠷᠳᠡᠬᠡᠨ ᠵᠠᠰᠠᠬᠤ ᠵᠠᠰᠠᠭ ᠤᠨ ᠤᠷᠳᠤᠨ ᠮᠡᠨᠳᠦᠯᠡᠭᠰᠡᠨ ᠭᠠᠵᠠᠷ ᠪᠠ ᠨᠠᠮ ᠤᠨ ᠦᠨᠳᠦᠰᠦᠳᠡᠨ ᠤ ᠤᠷᠤᠨ ᠤ ᠦᠪᠡᠷᠳᠡᠬᠡᠨ ᠵᠠᠰᠠᠬᠤ ᠲᠦᠷᠦ ᠶᠢᠨ ᠪᠤᠳᠤᠯᠭ᠎ᠠ ᠶᠢ ᠬᠠᠮᠤᠭ ᠡᠷᠳᠡ ᠦᠢᠯᠡᠳᠦᠯᠬᠡᠵᠢᠬᠦᠯᠦᠭᠰᠡᠨ ᠭᠠᠵᠠᠷ ᠪᠤᠯᠤᠬᠰᠠᠨ ᠤ ᠬᠤᠪᠢ ᠳᠤ᠂ ᠬᠦᠨ ᠵᠤᠵᠠᠭᠠᠨ ᠬᠤᠪᠢᠰᠬᠠᠯᠳᠤ ᠤᠳᠤᠮᠰᠢᠯ ᠪᠠ ᠢᠷᠠᠭᠤ ᠠᠯᠳᠠᠷᠳᠤ ᠦᠨᠳᠦᠰᠦᠳᠡᠨ ᠤ ᠪᠦᠯᠬᠦᠮᠳᠡᠯ ᠤᠨ ᠤᠯᠠᠮᠵᠢᠯᠠᠯ ᠲᠠᠢ ᠶᠤᠮ᠃ ᠤᠶᠢᠷ᠎ᠠ ᠶᠢᠨ ᠬᠡᠳᠦᠨ ᠵᠢᠯ ᠠᠴᠠ ᠨᠠᠭᠠᠰᠢ᠂ ᠪᠦᠬᠦ ᠠᠶᠢᠮᠠᠭ ᠤᠨ ᠰᠤᠷᠳᠠᠯ ᠤᠬᠠᠭᠤᠯᠭ᠎ᠠ ᠦᠵᠡᠯ ᠰᠠᠨᠠᠭ᠎ᠠ ᠰᠤᠶᠤᠯ ᠤᠨ ᠹᠷᠤᠨᠲ ︽ᠨᠢᠬᠡ ᠭᠤᠤᠯ ᠰᠢᠵᠢᠮ ᠢ ᠲᠤᠭᠤᠰᠢᠯᠠᠭᠤᠯᠬᠤ᠂ ᠬᠤᠶᠠᠷ ᠲᠤᠮᠤ ᠶᠠᠪᠤᠳᠠᠯ ᠢ ᠰᠠᠶᠢᠳᠦᠷ ᠬᠢᠬᠦ᠂ ᠮᠤᠩᠭᠤᠯ ᠮᠤᠷᠢᠨ ᠤ ᠵᠤᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠨᠡᠬᠡᠬᠡᠵᠦ ᠲᠤᠮᠳᠠ ᠲᠦᠪᠰᠢᠨ ᠳᠤ ᠤᠷᠤᠬᠤ︾ ᠬᠠᠷᠠᠯᠳᠠ ᠱᠠᠭᠠᠷᠳᠠᠯᠭ᠎ᠠ ᠶᠢᠨ ᠲᠤᠭᠤᠷᠢᠨ ᠳᠤ᠂ ᠬᠤᠪᠢᠰᠬᠠᠯᠳᠤ ᠤᠳᠤᠮᠰᠢᠯ ᠢ ᠵᠠᠯᠭᠠᠮᠵᠢᠯᠠᠨ᠂ ᠤᠮᠠᠷᠠᠳᠤ ᠬᠢᠯᠢ ᠶᠢᠨ ᠰᠤᠶᠤᠯ ᠢ ᠪᠠᠳᠠᠷᠠᠭᠤᠯᠤᠨ᠂ ᠡᠯ᠎ᠡ ᠦᠨᠳᠦᠰᠦᠳᠡᠨ ᠤ ᠤᠯᠠᠨ ᠲᠦᠮᠡᠨ ᠤ ᠬᠠᠮᠳᠤ ᠶᠢᠨ ᠤᠶᠤᠨ ᠤ ᠬᠡᠷ ᠤᠷᠤᠨ ᠢᠶᠠᠨ ᠪᠦᠳᠦᠬᠡᠨ ᠪᠠᠶᠢᠭᠤᠯᠵᠦ᠂ ︽ᠬᠤᠶᠠᠷ ᠤᠷᠤᠨ ᠨᠢᠬᠡ ᠴᠤᠩᠬᠤᠪᠴᠢ︾ ᠶᠢ ᠲᠤᠷᠰᠢᠨ ᠪᠠᠶᠢᠭᠤᠯᠬᠤ ᠳᠤ ᠪᠠᠳᠦ ᠴᠢᠩᠭ᠎ᠠ ᠦᠵᠡᠯ ᠰᠠᠨᠠᠭᠠᠨ ᠤ ᠪᠠᠳᠦᠯᠠᠭ᠎ᠠ᠂ ᠤᠶᠤᠨ ᠤ ᠬᠦᠴᠦᠨ᠂ ᠠᠰᠢᠬᠳᠠᠢ ᠰᠤᠶᠤᠯ ᠤᠨ ᠨᠦᠬᠦᠴᠡᠯ ᠬᠠᠨᠭ᠍ᠭᠠᠬᠤ ᠶᠢ ᠠᠬᠢᠭᠤᠯᠵᠠᠢ᠃        ᠬᠤᠪᠢᠰᠬᠠᠯᠳᠤ ᠠᠭᠤᠯᠤᠬᠳᠠᠬᠤᠨ ᠢ ᠪᠠᠶᠠᠯᠢᠬᠵᠢᠭᠤᠯᠤᠨ ᠬᠤᠪᠢᠰᠬᠠᠯᠳᠤ ᠵᠤᠷᠢᠭ ᠰᠠᠨᠠᠭ᠎ᠠ ᠶᠢ ᠪᠠᠳᠠᠷᠠᠭᠤᠯᠪᠠ        ᠪᠦᠳᠦᠮᠵᠢᠳᠡᠢ ᠲᠡᠪᠴᠡᠩ ᠤᠨ ᠠᠴᠢᠶᠠᠯᠠᠬᠴᠢ ᠪᠠᠶᠢᠭᠤᠯᠬᠤ ᠪᠠᠷ ᠭᠠᠷᠳᠠᠴᠠ ᠪᠤᠯᠭᠠᠵᠦ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠤᠶᠤᠨ ᠤ ᠬᠡᠷ ᠤᠷᠤᠨ ᠢ ᠭᠤᠶᠢᠪᠢᠰᠢ ᠦᠬᠡᠢ ᠴᠤᠬᠴᠠᠯᠠᠵᠦ᠂ ᠡᠯ᠎ᠡ ᠦᠨᠳᠦᠰᠦᠳᠡᠨ ᠤ ᠤᠯᠠᠨ ᠲᠦᠮᠡᠨ ᠰᠡᠳᠬᠢᠯ ᠢᠶᠠᠨ ᠨᠢᠬᠳᠠᠷᠠᠭᠤᠯᠤᠨ᠂ ᠬᠠᠷᠢᠯᠴᠠᠨ ᠲᠦᠰᠢᠯᠴᠡᠬᠦ ᠶᠢ ᠠᠬᠢᠭᠤᠯᠵᠠᠢ᠃ ᠨᠢᠬᠡ ᠳᠤ᠂ ᠤᠮᠠᠷᠠᠳᠤ ᠬᠢᠯᠢ ᠶᠢᠨ ᠬᠤᠪᠢᠰᠬᠠᠯᠳᠤ ᠰᠤᠶᠤᠯ ᠤᠨ ᠰᠤᠳᠤᠯᠭᠠᠨ ᠤ ᠰᠠᠭᠤᠷᠢᠨ ᠭᠠᠵᠠᠷ ᠢ ᠦᠷᠬᠦᠯᠵᠢᠯᠡᠨ ᠪᠠᠬᠢᠵᠢᠭᠦᠯᠵᠠᠢ᠃ ᠬᠢᠨᠭ᠍ᠭᠠᠨ ᠠᠶᠢᠮᠠᠭ ᠤᠨ ᠬᠤᠪᠢᠰᠬᠠᠯᠳᠤ ᠰᠤᠶᠤᠯ ᠤᠨ ᠡᠬᠢ ᠪᠠᠶᠠᠯᠢᠭ ᠢ ᠠᠭᠤᠳᠠᠯᠵᠦ᠂ ︽ᠬᠢᠨᠭ᠍ᠭᠠᠨ ᠤ ᠬᠤᠪᠢᠰᠬᠠᠯᠳᠤ ᠦᠯᠢᠬᠡᠷ ᠤᠨ ᠡᠮᠬᠢᠳᠬᠡᠯ︾ ︽ᠨᠠᠮ ᠤᠨ ᠠᠴᠢ ᠳᠤ ᠲᠠᠯᠠᠷᠬᠠᠨ ᠨᠠᠮ ᠤᠨ ᠦᠬᠡ ᠶᠢ ᠰᠤᠨᠤᠰᠴᠦ ᠨᠠᠮ ᠢᠶᠠᠨ ᠲᠠᠭᠠᠨ ᠤᠷᠤᠬᠰᠢᠯᠠᠶ᠎ᠠ᠄ ᠦᠪᠦᠷ ᠮᠤᠩᠭᠤᠯ ︿ᠵᠢᠱᠢᠶᠡᠴᠢ ᠦᠪᠡᠷᠳᠡᠬᠡᠨ ᠵᠠᠰᠠᠬᠤ ᠤᠷᠤᠨ﹀ ᠤ ᠡᠷᠬᠢᠮ ᠲᠡᠭᠡᠳᠤ ᠢᠷᠠᠭᠤ ᠠᠯᠳᠠᠷ ᠢ ᠬᠦᠷᠳᠡᠭᠰᠡᠨ ᠪᠦᠭᠡᠳ ᠤᠷᠳᠤ ᠬᠤᠭᠤᠴᠠᠭ᠎ᠠ ᠪᠠᠷ ᠬᠠᠮᠠᠭᠠᠯᠠᠬᠤ ᠲᠤᠬᠠᠢ ᠲᠡᠤᠬᠡᠳᠤ ᠰᠤᠳᠤᠯᠭᠠᠨ︾ ᠵᠡᠷᠭᠡ ᠬᠤᠪᠢᠰᠬᠠᠯᠳᠤ ᠰᠤᠳᠤᠯᠤᠨ ᠰᠤᠷᠤᠯᠴᠠᠬᠤ ᠮᠠᠲ᠋ᠧᠷᠢᠶᠠᠯ ᠢ ᠲᠤᠭᠤᠷᠪᠢᠨ ᠪᠢᠴᠢᠵᠦ᠂ ︽ᠬᠤᠶᠠᠷ ᠤᠷᠤᠨ ᠨᠢᠬᠡ ᠴᠤᠩᠬᠤᠪᠴᠢ︾ ᠶᠢᠨ ᠲᠤᠷᠰᠢᠯᠳᠠ ᠶᠢᠨ ᠦᠢᠯᠡᠳᠦᠯᠬᠡ ᠶᠢᠨ ᠬᠢᠴᠢᠶᠡᠯ ᠤᠨ ᠰᠤᠳᠤᠯᠭᠠᠨ ᠤ ᠰᠢᠨ᠎ᠠ ᠶᠢ ᠡᠬᠦᠳᠴᠦ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠬᠤ ᠤᠨᠤᠯ ᠤᠨ ᠰᠤᠳᠤᠯᠭᠠᠨ ᠤ ᠰᠡᠳᠤᠪ ᠢ ᠨᠡᠶᠢᠳᠡ 37 ᠲᠦᠷᠦᠯ ᠢ ᠰᠢᠨ᠎ᠡ ᠪᠠᠷ ᠨᠡᠬᠡᠬᠡᠵᠦ᠂ ᠦᠪᠦᠷ ᠮᠤᠩᠭᠤᠯ ᠤᠨ ᠬᠤᠪᠢᠰᠬᠠᠯᠳᠤ ᠰᠤᠶᠤᠯ ᠤᠨ ᠰᠤᠳᠤᠯᠭᠠᠨ ᠳᠤ ᠤᠨᠤᠯ ᠵᠦᠢ ᠶᠢᠨ ᠲᠤᠯᠭᠠᠭᠤᠷᠢᠯᠠᠯ ᠬᠠᠨᠭ᠍ᠭᠠᠵᠠᠢ᠃ ᠬᠤᠶᠠᠷ ᠲᠤ᠂ ᠪᠦᠬᠦ ᠤᠷᠤᠨ ᠤ ᠠᠩᠬᠠᠳᠠᠬᠴᠢ ᠮᠤᠩᠭᠤᠯ ᠮᠤᠷᠢᠨ ᠤ ᠭᠤᠤᠯ ᠰᠡᠳᠤᠪᠳᠤ ᠬᠢᠴᠢᠶᠡᠯ ᠤᠨ ᠲᠠᠩᠬᠢᠮ ᠢ ᠦᠷᠬᠦᠯᠵᠢᠯᠡᠨ ᠰᠠᠶᠢᠳᠦᠷ ᠠᠰᠢᠬᠯᠠᠵᠠᠢ᠃ ᠮᠤᠩᠭᠤᠯ ᠮᠤᠷᠢᠨ ᠤ ᠵᠤᠷᠢᠭ ᠰᠠᠨᠠᠭ᠎ᠠ ᠶᠢ ᠪᠠᠳᠠᠷᠠᠭᠤᠯᠬᠤ ᠪᠠᠷ ᠭᠤᠤᠯᠳᠠᠯᠭ᠎ᠠ ᠪᠤᠯᠭᠠᠵᠦ᠂ ᠪᠡᠶᠡᠴᠢᠯᠡᠨ ᠤᠶᠢᠯᠠᠭᠠᠬᠤ ᠮᠠᠶ᠋ᠢᠭ ᠤᠨ ᠤᠬᠠᠭᠤᠯᠭ᠎ᠠ ᠬᠦᠮᠦᠵᠢᠯ ᠤᠨ ᠠᠵᠢᠯᠯᠠᠭ᠎ᠠ ᠦᠷᠨᠢᠬᠦᠯᠵᠦ᠂ ᠤᠷᠢᠳ ᠬᠤᠵᠢᠳ 2 ᠲᠦᠮᠡ ᠭᠠᠷᠦᠢ ᠨᠠᠮ ᠤᠨ ᠬᠡᠰᠢᠬᠦᠨ ᠺᠠᠳ᠋ᠷ ᠢ ᠪᠤᠯᠪᠠᠰᠤᠷᠠᠨ ᠬᠦᠮᠦᠵᠢᠬᠦᠯᠵᠡᠢ᠃ ᠠᠶᠢᠮᠠᠭ᠂ ᠬᠤᠰᠢᠭᠤ᠂ ︵ᠰᠤᠮᠤ︶ ᠰᠢᠶᠠᠩ ᠪᠠᠯᠭᠠᠰᠦ ᠪᠠ ᠭᠠᠴᠠᠭ᠎ᠠ ᠲᠤᠰᠬᠤᠨ ᠲᠦᠷᠪᠡᠨ ᠱᠠᠳᠦᠨ ᠤ ᠱᠦᠵᠢ ᠨᠠᠮ ᠤᠨ ᠬᠢᠴᠢᠶᠡᠯ ᠲᠠᠶᠢᠯᠪᠦᠷᠢᠯᠠᠬᠤ ᠠᠵᠢᠯᠯᠠᠭ᠎ᠠ ᠵᠤᠬᠢᠶᠠᠨ ᠪᠠᠶᠢᠭᠤᠯᠤᠨ ᠦᠷᠨᠢᠬᠦᠯᠵᠦ᠂ ᠮᠤᠩᠭᠤᠯ ᠮᠤᠷᠢᠨ ᠤ ᠭᠤᠤᠯ ᠰᠡᠳᠤᠪᠳᠤ ᠬᠢᠴᠢᠶᠡᠯ ᠤᠨ ᠲᠠᠩᠬᠢᠮ ᠤᠨ ᠰᠤᠷᠤᠯᠴᠠᠯᠭ᠎ᠠ ᠶᠢᠨ ᠦᠷ᠎ᠡ ᠪᠦᠳᠦᠬᠡᠯ ᠢᠶᠠᠷ ᠭᠤᠤᠯᠳᠠᠯᠭ᠎ᠠ ᠪᠤᠯᠭᠠᠵᠦ᠂ 7 ᠲᠦᠮᠡ ᠭᠠᠷᠦᠢ ᠨᠠᠮ ᠤᠨ ᠬᠡᠰᠢᠬᠦᠨ ᠺᠠᠳ᠋ᠷ ᠨᠠᠷ ᠲᠤ ᠬᠠᠨᠳᠤᠭᠤᠯᠤᠨ᠂ ᠬᠤᠪᠢᠰᠬᠠᠯᠳᠤ ᠤᠯᠠᠮᠵᠢᠯᠠᠯ ᠢ ᠪᠠᠳᠠᠷᠠᠭᠤᠯᠬᠤ ᠳᠤ ︽ᠲᠠᠭᠠᠭᠤᠯᠤᠬᠴᠢ︾ ᠶᠢ ᠬᠦᠮᠦᠵᠢᠬᠦᠯᠵᠡᠢ᠃ ᠭᠤᠷᠪᠠ ᠳᠤ᠂ ︽ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠲᠠᠩᠬᠢᠮ︾ ᠢ ᠦᠷᠬᠦᠯᠵᠢᠯᠡᠨ ᠰᠠᠶᠢᠳᠦᠷ ᠪᠠᠶᠢᠭᠤᠯᠪᠠ᠃ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠬᠤ ᠶᠢ ᠰᠤᠷᠭᠠᠭᠤᠯᠢ ᠶᠢᠨ ᠮᠤᠷᠠᠯ ᠬᠦᠮᠦᠵᠢᠯ ᠪᠠ ᠦᠵᠡᠯ ᠰᠠᠨᠠᠭ᠎ᠠ ᠤᠯᠤᠰ ᠲᠦᠷᠦ ᠶᠢᠨ ᠬᠦᠮᠦᠵᠢᠯ ᠤᠨ ᠵᠢᠭᠠᠨ ᠰᠤᠷᠭᠠᠯᠳᠠ ᠶᠢᠨ ᠲᠦᠯᠦᠪᠯᠡᠭᠡ ᠳᠤ ᠤᠷᠤᠭᠤᠯᠵᠦ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠬᠤ ᠮᠤᠷᠠᠯ ᠬᠦᠮᠦᠵᠢᠯ ᠦᠵᠡᠯ ᠰᠠᠨᠠᠭᠠᠨ ᠤ ᠬᠢᠴᠢᠶᠡᠯ ᠲᠤᠬᠢᠷᠠᠭᠤᠯᠵᠦ᠂ ᠰᠤᠷᠭᠠᠭᠤᠯᠢ ᠶᠢᠨ ᠬᠦᠷᠢᠶᠡᠨ ᠤ ᠦᠵᠡᠯ ᠰᠠᠨᠠᠭ᠎ᠠ ᠤᠯᠤᠰ ᠲᠦᠷᠦ ᠶᠢᠨ ᠦᠵᠡᠭᠳᠡᠯᠳᠤ ᠵᠦᠴᠦᠬᠡ ᠶᠢᠨ ᠤᠷᠤᠯᠳᠤᠭᠠᠨ᠂ ᠤᠮᠠᠷᠠᠳᠤ ᠬᠢᠯᠢ ᠶᠢᠨ ᠬᠤᠪᠢᠰᠬᠠᠯᠳᠤ ᠰᠤᠶᠤᠯ ᠤᠨ ᠶᠠᠷᠢᠶᠠᠨ ᠤ ᠲᠡᠪᠴᠡᠩ ᠵᠡᠷᠭᠡ 10 ᠭᠠᠷᠦᠢ ᠭᠤᠤᠯ ᠰᠡᠳᠤᠪᠳᠤ ᠦᠢᠯᠡᠳᠦᠯᠬᠡ ᠶᠢᠨ ᠠᠵᠢᠯᠯᠠᠭ᠎ᠠ ᠡᠷᠬᠢᠯᠡᠵᠡᠢ᠃ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠬᠤ ᠶᠢ ᠰᠤᠷᠭᠠᠭᠤᠯᠢ ᠶᠢᠨ ᠬᠦᠷᠢᠶ᠎ᠡ᠂ ᠵᠢᠭᠠᠬᠤ ᠮᠠᠲ᠋ᠧᠷᠢᠶᠠᠯ ᠂ ᠬᠢᠴᠢᠶᠡᠯ ᠤᠨ ᠲᠠᠩᠬᠢᠮ ᠳᠤ ᠤᠷᠤᠭᠤᠯᠵᠦ᠂ ᠪᠢᠴᠢᠬᠠᠨ ᠬᠤᠪᠢᠰᠬᠠᠯᠳᠤ ᠤᠬᠠᠭᠤᠯᠭ᠎ᠠ ᠶᠢᠨ ᠪᠦᠯᠬᠦᠮ ᠢ ᠵᠤᠬᠢᠶᠠᠨ ᠪᠠᠶᠢᠭᠤᠯᠤᠨ ᠤᠬᠠᠭᠤᠯᠭ᠎ᠠ ᠦᠷᠨᠢᠬᠦᠯᠵᠦ᠂ ︽ᠵᠢᠷᠭᠤᠭᠠᠨ ᠦᠬᠦᠯᠡᠪᠦᠷᠢ ᠶᠢᠨ ᠪᠤᠳᠠᠳᠤ ᠶᠠᠪᠤᠳᠠᠯ ᠪᠠ ᠶᠤᠰᠤ ᠤᠴᠢᠷ︾ ᠢ ᠠᠮᠢᠳᠤᠯᠢᠭ ᠢᠶᠠᠷ ᠦᠬᠦᠯᠡᠵᠦ᠂ ᠶᠡᠭᠡ ᠰᠤᠷᠭᠠᠭᠤᠯᠢ ᠲᠤᠮᠳᠠᠳᠤ ᠰᠤᠷᠭᠠᠭᠤᠯᠢ ᠪᠠᠭ᠎ᠠ ᠰᠤᠷᠭᠠᠭᠤᠯᠢ ᠶᠢᠨ 16 ᠲᠦᠮᠡ ᠭᠠᠷᠦᠢ ᠬᠦᠮᠦᠨ ᠢ ᠪᠦᠷᠬᠦᠵᠡᠢ᠃        ᠵᠢᠬᠰᠠᠭᠠᠯ ᠤᠨ ᠭᠠᠵᠠᠷ ᠤᠨ ᠠᠴᠢᠶᠠᠯᠠᠬᠴᠢ ᠶᠢ ᠪᠠᠳᠦᠵᠢᠭᠤᠯᠵᠦ ᠠᠵᠢᠯᠯᠠᠭ᠎ᠠ ᠶᠢᠨ ᠠᠭᠤᠯᠭ᠎ᠠ ᠶᠢ ᠪᠠᠶᠠᠯᠢᠬᠵᠢᠭᠤᠯᠪᠠ        ᠬᠢᠨᠭ᠍ᠭᠠᠨ ᠠᠶᠢᠮᠠᠭ ︽ᠠᠭᠤᠰᠤᠯᠴᠠᠯ︾ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠨ ᠡᠯ᠎ᠡ ᠦᠨᠳᠦᠰᠦᠳᠡᠨ ᠤ ᠤᠯᠠᠨ ᠲᠦᠮᠡᠨ ᠤ ᠡᠶ᠎ᠡ ᠨᠠᠶᠢᠷᠳᠠᠢ ᠬᠦᠭᠵᠢᠯᠳᠡ ᠶᠢ ᠠᠬᠢᠭᠤᠯᠵᠦ᠂ ᠬᠤᠪᠢᠰᠬᠠᠯᠳᠤ ᠰᠤᠶᠤᠯ ᠤᠨ ᠤᠯᠠᠮᠵᠢᠯᠠᠯ ᠢ ᠪᠠᠳᠠᠷᠠᠭᠤᠯᠬᠤ ᠪᠤᠯᠤᠨ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠬᠤ ᠤᠬᠠᠭᠤᠯᠭ᠎ᠠ ᠬᠦᠮᠦᠵᠢᠯ ᠤᠨ ᠠᠵᠢᠯᠯᠠᠭ᠎ᠠ ᠶᠢ ᠬᠠᠷᠢᠯᠴᠠᠨ ᠤᠶᠠᠯᠳᠤᠭᠤᠯᠵᠦ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠬᠤ ︽ᠠᠷᠪᠠᠨ ᠨᠢᠬᠡ︾ ᠬᠤᠪᠢᠰᠬᠠᠯᠳᠤ ᠭᠤᠤᠯ ᠰᠡᠳᠤᠪᠳᠤ ᠰᠢᠷᠢᠰ ᠠᠵᠢᠯᠯᠠᠭ᠎ᠠ ᠵᠤᠬᠢᠶᠠᠨ ᠪᠠᠶᠢᠭᠤᠯᠵᠦ᠂ ᠡᠯ᠎ᠡ ᠦᠨᠳᠦᠰᠦᠳᠡᠨ ᠤ ᠤᠯᠠᠨ ᠲᠦᠮᠡᠨ ︽ᠰᠤᠷᠤᠯᠴᠠᠬᠤ ᠦᠵᠡᠬᠦ ᠰᠤᠨᠤᠰᠴᠦ ᠠᠶᠢᠯᠴᠢᠯᠠᠬᠤ︾ ᠶᠠᠪᠤᠴᠠ ᠳᠤ ︽ᠵᠢᠷᠭᠤᠭᠠᠨ ᠦᠬᠦᠯᠡᠪᠦᠷᠢ ᠶᠢᠨ ᠪᠤᠳᠠᠳᠤ ᠶᠠᠪᠤᠳᠠᠯ ᠪᠠ ᠶᠤᠰᠤ ᠤᠴᠢᠷ︾ ᠢ ᠬᠦᠨᠵᠡᠬᠡᠢ ᠤᠶᠢᠯᠠᠭᠠᠬᠤ ᠶᠢ ᠠᠬᠢᠭᠤᠯᠵᠠᠢ᠃ ︽ᠨᠢᠬᠡ ᠤᠷᠳᠤᠨ ᠭᠤᠷᠪᠠᠨ ᠪᠠᠭᠤᠷᠢ ︾᠂ ᠬᠢᠨᠭ᠍ᠭᠠᠨ ᠤ ᠰᠢᠨ᠎ᠠ ᠡᠬᠦᠳᠦᠯᠳᠡ ᠪᠠ ᠡᠯ᠎ᠡ ᠭᠠᠵᠠᠷ ᠲᠤ ᠨᠢᠬᠡᠨᠳᠡ ᠪᠠᠶᠢᠭᠤᠯᠤᠬᠰᠠᠨ ᠪᠤᠳᠠᠰ ᠤᠨ ᠪᠤᠰᠤ ᠰᠤᠶᠤᠯ ᠤᠨ ᠦᠪ ᠤᠨ ᠤᠷᠳᠤᠨ᠂ ᠠᠷᠠᠳ ᠤᠨ ᠵᠠᠩ ᠦᠢᠯᠡ ᠶᠢᠨ ᠤᠷᠳᠤᠨ᠂ ᠭᠠᠴᠠᠭ᠎ᠠ ᠲᠤᠰᠬᠤᠨ ᠤ ᠲᠡᠤᠬᠡ ᠶᠢᠨ ᠤᠷᠳᠤᠨ᠂ ᠲᠤᠷᠠᠰᠬᠠᠯ ᠤᠨ ᠤᠷᠳᠤᠨ ᠵᠡᠷᠭᠡ ᠦᠨᠳᠦᠰᠦᠨ ᠱᠠᠳᠦᠨ ᠤ ᠰᠤᠶᠤᠯ ᠤᠨ ᠲᠠᠯᠠᠪᠦᠷ ᠤᠷᠳᠤᠨ ᠢ ᠪᠦᠷᠢᠮᠦᠰᠦᠨ ᠠᠰᠢᠬᠯᠠᠵᠦ᠂ ᠡᠯ᠎ᠡ ᠲᠦᠷᠦᠯ ᠤᠨ ᠦᠵᠡᠭᠳᠡᠯᠳᠤ ᠮᠠᠶ᠋ᠢᠭ ᠤᠨ ᠤᠯᠠᠨ ᠲᠦᠮᠡᠨ ᠤ ᠠᠵᠢᠯᠯᠠᠭ᠎ᠠ ᠦᠷᠨᠢᠬᠦᠯᠵᠦ᠂ ᠤᠷᠤᠯᠴᠠᠬᠴᠢ ᠳᠤ ᠬᠤᠪᠢᠰᠬᠠᠯᠳᠤ ᠰᠤᠶᠤᠯ ᠤᠨ ᠬᠦᠮᠦᠵᠢᠯ ᠤᠨ ᠤᠶᠢᠯᠠᠭᠠᠯᠳᠠ ᠤᠯᠭᠤᠵᠦ᠂ 20 ᠭᠠᠷᠦᠢ ᠲᠦᠮᠡᠨ ᠺᠠᠳ᠋ᠷ ᠤᠯᠠᠨ ᠲᠦᠮᠡᠨ ᠤᠷᠤᠯᠴᠠᠵᠠᠢ᠃ ︽ᠬᠤᠪᠢᠰᠬᠠᠯᠳᠤ +︾ ᠨᠦᠯᠦᠬᠡᠯᠡᠯ ᠢ ᠲᠠᠰᠦᠷᠠᠯᠳᠠ ᠦᠬᠡᠢ ᠶᠡᠬᠡᠰᠬᠡᠵᠦ᠂ ᠠᠶᠢᠮᠠᠭ ᠤᠨ ᠲᠤᠳᠤᠷ᠎ᠠ ᠬᠠᠳᠠᠭᠠᠯᠠᠬᠳᠠᠵᠦ ᠪᠠᠶᠢᠭ᠎ᠠ 8 ᠬᠤᠪᠢᠰᠬᠠᠯᠳᠤ ᠬᠠᠭᠤᠴᠢᠨ ᠪᠠᠭᠤᠷᠢ ᠶᠢᠨ ᠲᠤᠭᠤᠷᠢᠨ ᠳᠤ᠂ ᠰᠦᠯᠵᠢᠶᠡᠨ ᠲᠡᠭᠡᠷ᠎ᠡ AR ᠪᠤᠳᠠᠳᠤ ᠦᠵᠡᠭᠳᠡᠯᠳᠤ ᠬᠤᠪᠢᠰᠬᠠᠯᠳᠤ ᠰᠤᠶᠤᠯ ᠤᠨ ᠮᠦᠽᠸᠢ ᠶᠢ ᠲᠤᠬᠢᠷᠠᠭᠤᠯᠵᠦ᠂ ︽ᠭᠤᠷᠪᠠᠨ ᠮᠢᠩᠭᠠᠨ ᠦᠨᠦᠴᠢᠨ ᠬᠡᠤᠬᠡᠳ ᠢ ᠦᠷᠡᠴᠢᠯᠡᠨ ᠲᠡᠵᠢᠭᠡᠭᠰᠡᠨ︾ ᠵᠡᠷᠭᠡ 10 ᠭᠠᠷᠦᠢ ᠪᠤᠳᠠᠳᠤ ᠦᠵᠡᠭᠳᠡᠯᠳᠤ ᠬᠢᠯᠪᠡᠭᠡᠨ ᠵᠦᠴᠦᠬᠡ ᠵᠤᠬᠢᠶᠠᠨ ᠦᠢᠯᠡᠳᠴᠤ᠂ ᠤᠯᠤᠰ ᠢᠶᠠᠨ ᠬᠠᠶᠢᠷᠠᠯᠠᠬᠤ ᠱᠤᠭᠤᠮ᠂ ᠪᠦᠯᠬᠦᠮᠳᠡᠯ ᠤᠨ ᠱᠤᠭᠤᠮ᠂ ᠠᠴᠢ ᠡᠨᠡᠷᠢᠯ ᠤᠨ ᠱᠤᠭᠤᠮ᠂ ᠡᠷᠡᠯᠭᠡᠭᠯᠡᠨ ᠤᠷᠤᠬᠰᠢᠯᠠᠬᠤ ᠱᠤᠭᠤᠮ᠂ ᠪᠤᠯᠪᠠᠰᠦᠨ ᠱᠤᠭᠤᠮ ᠵᠡᠷᠭᠡ 5 ᠵᠤᠷᠪᠤᠰ ᠭᠤᠤᠯ ᠰᠡᠳᠤᠪᠳᠤ ᠰᠤᠶᠤᠯ ᠵᠢᠭᠤᠯᠴᠢᠯᠠᠯ ᠤᠨ ᠵᠠᠮ ᠱᠤᠭᠤᠮ ᠢ ᠰᠢᠨ᠎ᠡ ᠪᠠᠷ ᠪᠦᠷᠢᠨᠰᠢᠬᠦᠯᠵᠦ᠂ ᠡᠯ᠎ᠡ ᠦᠨᠳᠦᠰᠦᠳᠡᠨ ᠤ ᠤᠯᠠᠨ ᠲᠦᠮᠡᠨ ᠤ ᠵᠢᠭᠤᠯᠴᠢᠯᠠᠬᠤ ᠶᠠᠪᠤᠴᠠ ᠳᠤ ᠬᠤᠪᠢᠰᠬᠠᠯᠳᠤ ᠰᠤᠶᠤᠯ ᠢ ᠮᠡᠳᠡᠷᠡᠵᠦ᠂ ᠰᠤᠯᠢᠯᠴᠠᠭ᠎ᠠ ᠠᠭᠤᠰᠤᠯᠴᠠᠯ ᠢ ᠠᠬᠢᠭᠤᠯᠵᠠᠢ᠃ 2024 ᠤᠨ ᠠᠴᠠ ᠨᠠᠭᠠᠰᠢ᠂ ᠪᠦᠬᠦ ᠠᠶᠢᠮᠠᠭ ᠤᠨ ᠡᠯ᠎ᠡ ᠭᠠᠵᠠᠷ ᠨᠡᠶᠢᠳᠡ 2560 ᠲᠦᠮᠡᠨ ᠬᠦᠮᠦᠨ ︵ᠤᠳᠠᠭ᠎ᠠ︶ ᠵᠢᠭᠤᠯᠴᠢᠯᠠᠬᠴᠢ ᠬᠦᠯᠢᠶᠡᠨ ᠠᠪᠴᠦ᠂ ᠵᠢᠭᠤᠯᠴᠢᠯᠠᠯ ᠤᠨ ᠤᠷᠤᠯᠭ᠎ᠠ ᠨᠢ 240 ᠳ᠋ᠦ᠋ᠩᠰᠢᠭᠤᠷ ᠲᠦᠬᠦᠷᠢᠭ ᠲᠤ ᠲᠤᠯᠵᠠᠢ᠃ ᠤᠯᠠᠨ ᠲᠦᠮᠡᠨ ᠢᠶᠠᠷ ᠭᠤᠤᠯᠯᠠᠬᠰᠠᠨ᠂ ᠤᠯᠠᠨ ᠲᠦᠮᠡᠨ ᠤᠷᠤᠯᠴᠠᠬᠰᠠᠨ᠂ ᠤᠯᠠᠨ ᠲᠦᠮᠡᠨ ᠤ ᠬᠦᠮᠦᠵᠢᠯ ᠢ ᠴᠢᠬᠤᠯᠠᠴᠢᠯᠠᠬᠰᠠᠨ ᠭᠤᠤᠯ ᠰᠡᠳᠤᠪᠳᠤ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠬᠦᠯᠵᠦ᠂ ᠬᠤᠪᠢᠰᠬᠠᠯᠳᠤ ᠲᠠᠭᠤᠤ ᠶᠢ ︽ᠲᠤᠯᠤᠭ᠎ᠠ ᠬᠦᠷᠬᠡᠬᠦ ︾ ᠠᠵᠢᠯᠯᠠᠭ᠎ᠠ ᠶᠢ ᠵᠠᠭᠤ ᠭᠠᠷᠦᠢ ᠲᠠᠯᠠᠪᠦᠷ ᠦᠷᠨᠢᠬᠦᠯᠵᠦ᠂ ᠤᠷᠠᠨ ᠰᠠᠶᠢᠬᠠᠨ ᠤ ᠲᠤᠬᠯᠠᠯᠳᠠ᠂ ︽ᠠᠨᠠᠷ ᠤᠨ ᠦᠷ᠎ᠡ ᠪᠠᠷ ᠬᠠᠮᠳᠤ ᠶᠢᠨ ᠬᠦᠰᠡᠯ ᠵᠡᠬᠦᠳᠤ ᠪᠠᠨ ᠲᠡᠷᠬᠡᠯᠰᠢᠬᠦᠯᠦᠶ᠎ᠡ︾ ᠰᠢᠷᠢᠰ ᠠᠵᠢᠯᠯᠠᠭ᠎ᠠ ᠶᠢ 3000 ᠭᠠᠷᠦᠢ ᠲᠠᠯᠠᠪᠦᠷ ︵ᠤᠳᠠᠭ᠎ᠠ︶ ᠦᠷᠨᠢᠬᠦᠯᠵᠦ᠂ ᠴᠠᠭᠠᠨ ᠰᠠᠷ᠎ᠠ ᠶᠢᠨ ᠠᠷᠪᠠᠨ ᠲᠠᠪᠦᠨ ᠤ ᠲᠡᠷᠬᠡᠯ ᠪᠠᠶᠠᠷ ᠤᠨ ᠪᠤᠳᠠᠰ ᠤᠨ ᠪᠤᠰᠤ ᠰᠤᠶᠤᠯ ᠤᠨ ᠦᠪ ᠤᠨ ᠵᠠᠬ᠎ᠠ᠂ ᠲᠠᠯ᠎ᠠ ᠨᠤᠳᠤᠭ ᠤᠨ ᠮᠠᠯᠵᠢᠬᠤ ᠴᠤᠬᠯᠠᠷᠠᠯ᠂ ᠨᠠᠭᠠᠳᠦᠮ ᠤᠨ ᠵᠠᠬ᠎ᠠ ᠵᠡᠷᠭᠡ ᠤᠨᠴᠠᠯᠢᠬᠳᠤ ᠰᠤᠶᠤᠯ ᠤᠨ ᠵᠠᠬ᠎ᠠ ᠶᠢ 20 ᠭᠠᠷᠦᠢ ᠰᠢᠨ᠎ᠡ ᠪᠠᠷ ᠡᠬᠦᠳᠴᠦ᠂ ᠡᠯ᠎ᠡ ᠦᠨᠳᠦᠰᠦᠳᠡᠨ ᠤ ᠤᠯᠠᠨ ᠲᠦᠮᠡᠨ ᠠᠵᠢᠯᠯᠠᠭ᠎ᠠ ᠳᠤ ᠤᠷᠤᠯᠴᠠᠬᠤ ᠪᠠᠷ ᠲᠠᠮᠵᠢᠵᠦ ᠬᠤᠭᠤᠷᠤᠨᠳᠤ ᠪᠠᠨ ᠨᠦᠬᠦᠷᠯᠡᠯ ᠢᠶᠠᠨ ᠵᠤᠵᠠᠭᠠᠳᠬᠠᠵᠦ᠂ ᠶᠠᠪᠤᠯᠴᠠᠭ᠎ᠠ ᠶᠢᠨ ᠲᠤᠮᠳᠠ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠬᠤ ᠶᠢ ᠠᠬᠢᠭᠤᠯᠵᠦ ᠴᠢᠳᠠᠭᠰᠠᠨ ᠪᠠᠶᠢᠨ᠎ᠠ᠃        ᠭᠤᠤᠯ ᠰᠢᠵᠢᠮ ᠢ ᠦᠢᠯᠡᠳᠦᠯᠬᠡᠵᠢᠬᠦᠯᠵᠦ ᠰᠢᠨ᠎ᠠ ᠠᠷᠭ᠎ᠠ ᠠᠪᠴᠠᠯ ᠢ ᠡᠬᠦᠳᠪᠡ        ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠠᠵᠢᠯ ᠦᠢᠯᠡᠰ ᠤᠨ ᠰᠠᠭᠤᠷᠢ ᠴᠢᠨᠠᠷᠳᠠᠢ ᠪᠠᠶᠢᠷᠢ ᠰᠠᠭᠤᠷᠢ ᠶᠢ ᠭᠤᠶᠢᠪᠢᠰᠢ ᠦᠬᠡᠢ ᠪᠠᠷᠢᠮᠳᠠᠯᠠᠵᠦ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠬᠤ ᠶᠢ ᠦᠷᠬᠦᠯᠵᠢᠯᠡᠨ ᠤᠬᠠᠭᠤᠯᠵᠦ᠂ ᠡᠯ᠎ᠡ ᠦᠨᠳᠦᠰᠦᠳᠡᠨ ᠤ ᠤᠯᠠᠨ ᠲᠦᠮᠡᠨ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠬᠤ ᠶᠢ ᠠᠬᠢᠭᠤᠯᠵᠦ ᠪᠤᠢ᠃ ᠨᠢᠬᠡ ᠳᠤ᠂ ᠰᠢᠯᠢᠳᠡᠭ ᠲᠦᠷᠢ ᠲᠦᠷᠬᠦ ᠪᠠᠷ ᠬᠦᠴᠦᠨ ᠢᠶᠠᠨ ᠨᠢᠬᠳᠠᠷᠠᠭᠤᠯᠤᠨ᠎ᠠ᠃ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠬᠤ᠂ ᠪᠦᠯᠬᠦᠮᠳᠡᠨ ᠲᠡᠮᠡᠴᠡᠭᠰᠡᠨ ᠰᠤᠶᠤᠯ ᠤᠨ ᠲᠡᠮᠳᠡᠭ ᠢ ᠪᠤᠢ ᠪᠤᠯᠭᠠᠵᠦ᠂ ᠤᠯᠠᠨ ᠡᠰᠢᠵᠢᠭᠰᠡᠨ ᠨᠢᠬᠡ ᠴᠤᠬᠴᠠ ᠶᠢᠨ ᠠᠭᠤᠯᠤᠬᠳᠠᠬᠤᠨ ᠲᠠᠢ ᠤᠷᠤᠨ ᠪᠦᠰᠡ ᠶᠢᠨ ᠨᠡᠷᠡᠳᠤ ᠲᠡᠮᠳᠡᠭ ᠤᠨ ᠲᠦᠷᠢ ᠲᠦᠷᠬᠦ ᠶᠢ ᠢᠯᠡᠷᠡᠬᠦᠯᠦᠭᠰᠡᠨ ︽ᠬᠢᠨᠭ᠍ᠭᠠᠨ ᠲᠠᠪᠠᠭᠠᠨ ᠳᠠᠬᠢ ᠬᠢᠨᠭ᠍ᠭᠠᠨ ᠠᠶᠢᠮᠠᠭ︾ ᠬᠡᠬᠦ ᠤᠷᠤᠨ ᠪᠦᠰᠡ ᠶᠢᠨ ᠨᠡᠷᠡᠳᠤ ᠲᠡᠮᠳᠡᠭ ᠢ ᠨᠡᠶᠢᠳᠡᠯᠡᠵᠦ᠂ ᠬᠦᠮᠦᠰ ᠤᠨ ᠰᠡᠳᠬᠢᠯ ᠢ ᠨᠢᠬᠳᠠᠷᠠᠭᠤᠯᠵᠦ᠂ ᠲᠦᠷᠢ ᠲᠦᠷᠬᠦ ᠪᠠᠨ ᠱᠤᠭᠤᠬᠤ ᠶᠢ ᠬᠦᠴᠦᠳᠠᠢ ᠠᠬᠢᠭᠤᠯᠪᠠ᠃ ᠲᠦᠷᠢ ᠲᠦᠷᠬᠦ ᠤᠯᠠᠨ ᠲᠦᠮᠡᠨ ᠤ ᠲᠤᠮᠳᠠ ᠠᠴᠠ ᠢᠷᠡᠵᠦ᠂ ᠦᠷ᠎ᠡ ᠠᠰᠢᠭ ᠢ ᠨᠢ ᠤᠯᠠᠨ ᠲᠦᠮᠡᠨ ᠳᠤ ᠡᠳ᠋ᠯᠡᠬᠦᠯᠬᠦ ᠶᠢ ᠪᠠᠷᠢᠮᠳᠠᠯᠠᠵᠦ᠂ ᠤᠷᠤᠨ ᠪᠦᠰᠡ ᠶᠢᠨ ᠨᠡᠷᠡᠳᠤ ᠲᠡᠮᠳᠡᠭ ᠤᠨ ᠲᠦᠷᠢ ᠲᠦᠷᠬᠦ ᠶᠢ ᠦᠵᠡᠮᠵᠢ ᠶᠢᠨ ᠤᠷᠤᠨ᠂ ᠦᠢᠯᠡᠳᠬᠦᠨ ᠤ ᠪᠤᠭᠤᠳᠠᠯ ᠪᠠ ᠡᠯ᠎ᠡ ᠲᠦᠷᠦᠯ ᠤᠨ ᠠᠮᠢᠳᠦᠷᠠᠯ ᠤᠨ ᠲᠠᠯᠠᠪᠦᠷ ᠲᠤ ᠠᠭᠤᠰᠤᠯᠴᠠᠭᠤᠯᠵᠦ᠂ ᠡᠨᠡ ᠨᠢ ᠤᠯᠠᠨ ᠲᠦᠮᠡᠨ ᠤ ᠦᠢᠯᠡᠳᠪᠦᠷᠢᠯᠡᠯ ᠠᠮᠢᠳᠦᠷᠠᠯ ᠲᠤᠮᠳᠠ ᠠᠭᠤᠰᠤᠯᠴᠠᠬᠤᠯᠬᠤ ᠴᠢᠬᠤᠯᠠ ᠪᠦᠷᠢᠯᠳᠦᠬᠦᠨ ᠬᠡᠰᠡᠭ ᠪᠤᠯᠵᠠᠢ᠃ ᠤᠳᠤ ᠪᠤᠯᠳᠠᠯ᠎ᠠ᠂ ᠲᠦᠷᠢ ᠲᠦᠷᠬᠦ ᠶᠢᠨ ᠨᠡᠷᠡᠳᠤ ᠲᠡᠮᠳᠡᠭ ᠨᠢ ᠨᠢᠬᠡᠨᠳᠡ ᠠᠶᠢᠮᠠᠭ ᠤᠨ ᠲᠤᠳᠤᠷᠠᠬᠢ ᠭᠤᠤᠯᠳᠠᠯᠭ᠎ᠠ ᠲᠠᠢ ᠤᠷᠤᠨ ᠪᠦᠰᠡ ᠶᠢ ᠪᠦᠬᠦᠨ ᠢ ᠪᠦᠷᠬᠦᠵᠦ᠂ ᠰᠤᠳᠤᠯᠤᠨ ᠪᠦᠳᠦᠭᠡᠭᠰᠡᠨ 60 ᠭᠠᠷᠦᠢ ᠬᠢᠨᠭ᠍ᠭᠠᠨ ᠤ ᠰᠠᠶᠢᠨ ᠪᠠᠷᠠᠭ᠎ᠠ ᠨᠢ ᠵᠢᠭᠤᠯᠴᠢᠯᠠᠯ ᠤᠨ ᠵᠠᠬ᠎ᠠ ᠲᠡᠯᠬᠡᠬᠦᠷ ᠤᠨ ᠲᠠᠭᠠᠰᠢᠶᠠᠯ ᠢ ᠤᠯᠵᠦ᠂ ᠬᠢᠨᠭ᠍ᠭᠠᠨ ᠠᠶᠢᠮᠠᠭ ᠤᠨ ᠲᠤᠳᠤᠷᠭ᠎ᠠ ᠵᠡᠷᠬᠡ ︽ᠬᠢᠨᠭ᠍ᠭᠠᠨ ᠠᠴᠠ ᠢᠷᠡᠯᠳᠡ ᠲᠠᠢ︾ ᠲᠠᠷᠢᠶᠠᠯᠠᠩ ᠤᠨ ᠪᠦᠳᠦᠭᠡᠭᠳᠡᠬᠦᠨ ᠮᠠᠯ ᠤᠨ ᠠᠰᠢᠬ ᠰᠢᠮ᠎ᠠ 32 ᠤᠯᠤᠰ ᠪᠠ ᠭᠠᠵᠠᠷ ᠤᠷᠤᠨ ᠢᠶᠠᠷ ᠪᠤᠷᠤᠯᠠᠭᠤᠯᠤᠬᠳᠠᠬᠤ ᠪᠤᠯᠪᠠ᠃ ᠬᠤᠶᠠᠷ ᠲᠤ᠂ ᠬᠦᠮᠦᠯᠢᠭ ᠠᠵᠢᠯᠯᠠᠭ᠎ᠠ ᠪᠠᠷ ᠰᠤᠯᠢᠯᠴᠠᠭ᠎ᠠ ᠶᠢ ᠠᠬᠢᠭᠤᠯᠵᠠᠢ᠃ ᠬᠢᠨᠭ᠍ᠭᠠᠨ ᠠᠶᠢᠮᠠᠭ ᠪᠡᠬᠡᠵᠢᠩ ᠬᠤᠳᠠ᠂ ᠬᠢᠷᠢᠨ ᠮᠤᠵᠢ ᠶᠢᠨ ᠴᠠᠩᠴᠦ᠋ᠨ ᠬᠤᠳᠠ᠂ ᠭᠤᠸᠠᠩᠰᠢ ᠶᠢᠨ ᠵᠤᠸᠠᠩ ᠦᠨᠳᠦᠰᠦᠳᠡᠨ ᠤ ᠦᠪᠡᠷᠳᠡᠬᠡᠨ ᠵᠠᠰᠠᠬᠤ ᠤᠷᠤᠨ ᠤ ᠬᠦᠢᠯᠢᠨ ᠬᠤᠳᠠ ᠵᠡᠷᠭᠡ ᠭᠠᠵᠠᠷ ᠤᠷᠤᠨ ᠲᠠᠢ ᠰᠤᠯᠢᠯᠴᠠᠭᠠᠨ ᠤ ᠲᠤᠬᠳᠠᠴᠠ ᠪᠠᠶᠢᠭᠤᠯᠵᠦ᠂ ᠬᠤᠪᠸᠢ ᠮᠤᠵᠢ ᠶᠢᠨ ᠢ ᠴᠠᠩ ᠬᠤᠳᠠ ᠲᠠᠢ ᠬᠠᠮᠳᠤᠷᠠᠨ ︽ᠬᠤᠪᠸᠢ ᠦᠪᠦᠷ ᠮᠤᠩᠭᠤᠯ — ᠴᠠᠢ ᠶᠢᠨ ᠰᠤᠶᠤᠯ ᠡᠷᠡᠬᠦᠯ ᠮᠡᠨᠳᠤ ᠶᠢ ᠤᠮᠠᠷᠠᠳᠤ ᠬᠢᠯᠢ ᠳᠤ ᠬᠦᠷᠬᠡᠬᠦ︾ ᠠᠵᠢᠯᠯᠠᠭ᠎ᠠ ᠦᠷᠨᠢᠬᠦᠯᠵᠦ᠂ ︽ᠲᠠᠯ᠎ᠠ ᠨᠤᠳᠤᠭ ᠪᠡᠬᠡᠵᠢᠩ ᠲᠠᠢ ᠰᠡᠳᠬᠢᠯ ᠵᠢᠷᠦᠬᠡ ᠪᠠᠨ ᠬᠤᠯᠪᠤᠶ᠎ᠠ︾ ︽ᠲᠤᠮᠳᠠᠳᠤ ᠪᠠᠨ ᠬᠠᠶᠢᠷᠠᠯᠠᠵᠦ ᠬᠢᠯᠢ ᠬᠢᠵᠠᠭᠠᠷ ᠢᠶᠠᠷ ᠠᠶᠠᠯᠠᠶ᠎ᠠ︾ ᠵᠡᠷᠭᠡ ᠤᠨᠴᠠᠯᠢᠬᠳᠤ ᠨᠡᠷᠡᠳᠤ ᠲᠡᠮᠳᠡᠭ ᠢ ᠪᠤᠢ ᠪᠤᠯᠭᠠᠵᠦ᠂ ᠭᠤᠸᠠᠩᠳᠦ᠋ᠩ ᠮᠤᠵᠢ ᠶᠢᠨ ᠹᠦᠱᠠᠨ ᠬᠤᠳᠠ ᠲᠠᠢ ᠴᠢᠨᠠᠷ ᠰᠠᠶᠢᠳᠠᠢ ᠬᠦᠭᠵᠢᠯᠳᠡ ᠶᠢᠨ ᠨᠦᠬᠦᠷᠰᠡᠭ ᠬᠤᠳᠠ ᠶᠢᠨ ᠬᠠᠮᠵᠢᠯᠴᠠᠭ᠎ᠠ ᠪᠠᠶᠢᠭᠤᠯᠵᠦ᠂ ᠬᠦᠬᠡᠬᠤᠳᠠ ᠳᠤ ︽ᠨᠠᠮ ᠤᠨ ᠠᠴᠢ ᠳᠤ ᠲᠠᠯᠠᠷᠬᠠᠨ ᠨᠠᠮ ᠢᠶᠠᠨ ᠲᠠᠭᠠᠨ ᠤᠷᠤᠬᠰᠢᠯᠠᠶ᠎ᠠ︾ ᠭᠤᠤᠯ ᠰᠡᠳᠤᠪᠳᠤ ᠬᠠᠮ ᠦᠵᠡᠬᠦᠯᠬᠡ ᠡᠷᠬᠢᠯᠡᠵᠦ᠂ ᠡᠯ᠎ᠡ ᠦᠨᠳᠦᠰᠦᠳᠡᠨ ᠤ ᠤᠯᠠᠨ ᠲᠦᠮᠡᠨ ᠤ ᠤᠷᠤᠨ ᠪᠦᠰᠡ ᠠᠯᠦᠰᠯᠠᠬᠰᠠᠨ᠂ ᠪᠦᠬᠦ ᠲᠠᠯ᠎ᠠ ᠶᠢᠨ ᠰᠤᠯᠢᠯᠴᠠᠭ᠎ᠠ ᠶᠢ ᠠᠬᠢᠭᠤᠯᠵᠠᠢ᠃ ᠡᠬᠦᠨ ᠳᠤ᠂ 2024 ᠤᠨ ᠳᠤ ᠲᠠᠭᠠᠭᠠᠴᠢᠯᠠᠨ ᠡᠷᠬᠢᠯᠡᠭᠰᠡᠨ ︽ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠨ ᠲᠤᠮᠳᠠᠳᠤ ᠶᠢᠨ ᠦᠨᠳᠦᠰᠦᠳᠡᠨ ᠨᠢᠬᠡ ᠬᠡᠷ ᠪᠦᠯᠢ ᠮᠡᠳᠤ ᠲᠤᠳᠤᠨᠤ︾ ᠭᠤᠤᠯ ᠰᠡᠳᠤᠪᠳᠤ ᠰᠤᠷᠪᠤᠯᠵᠢᠯᠠᠭ᠎ᠠ ᠶᠢᠨ ᠠᠵᠢᠯᠯᠠᠭ᠎ᠠ ᠨᠢ 70 ᠭᠠᠷᠦᠢ ᠮᠤᠵᠢ ᠶᠢᠨ ᠬᠤᠳᠠ ᠶᠢᠨ ᠲᠡᠰ ᠤᠨ ᠵᠠᠭᠤᠴᠢᠯᠠᠭᠤᠷ ᠤᠨ ᠠᠩᠬᠠᠷᠦᠯ ᠢ ᠲᠠᠳᠠᠵᠦ᠂ 500 ᠭᠠᠷᠦᠢ ᠲᠦᠪ ᠤᠨ ᠪᠠ ᠤᠷᠤᠨ ᠨᠤᠳᠤᠭ ᠤᠨ ᠭᠤᠤᠯ ᠪᠤᠯᠬᠤ ᠵᠠᠭᠤᠴᠢᠯᠠᠭᠤᠷ ᠬᠠᠮᠢᠶ᠎ᠠ ᠪᠦᠬᠦᠢ ᠮᠡᠳᠡᠬᠡᠯᠡᠯ ᠢ ᠰᠢᠯᠵᠢᠬᠦᠯᠦᠨ ᠨᠡᠶᠢᠳᠡᠯᠡᠵᠦ᠂ ᠪᠦᠬᠦ ᠰᠦᠯᠵᠢᠶᠡᠨ ᠤ ᠠᠩᠬᠠᠷᠦᠯ ᠢ 1 ᠳ᠋ᠦ᠋ᠩᠰᠢᠭᠤᠷ + ᠲᠤᠯᠵᠠᠢ᠃
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号