| | ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 21 ᠤ ᠴᠠᠬᠢᠯᠭᠠᠨ ᠮᠡᠳᠡᠭᠡ 4 ᠰᠠᠷ᠎ᠠ ᠶᠢᠨ 19 ᠤ | ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠦᠯᠢᠰ · ᠺᠯᠣᠲ᠋ᠧᠯ · ᠣᠣᠯᠢᠵᠢ · ᠡᠸ᠋ᠨᠭᠦ᠋ᠢᠮᠠ ᠳᠤ ᠴᠠᠬᠢᠯᠭᠠᠨ ᠴᠢᠮᠡᠭᠡ | ᠶᠠᠪᠤᠭᠤᠯᠵᠤ᠂ ᠲᠡᠭᠦᠨ ᠤ ᠪᠦᠭᠦᠳᠡ ᠨᠠᠶᠢᠷᠠᠮᠳᠠᠬᠤ ᠭᠠᠪᠤᠨ ᠤᠯᠤᠰ ᠤᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠳᠤ ᠪᠠᠶᠠᠷ | ᠬᠦᠷᠭᠡᠪᠡ᠃ | ᠰᠢ ᠶᠢᠨ ᠫᠢᠩ᠂ ᠳᠤᠮᠳᠠᠳᠤ ᠤᠯᠤᠰ ᠪᠣᠯᠣᠨ ᠭᠠᠪᠤᠨ ᠤᠯᠠᠮᠵᠢᠯᠠᠯᠲᠤ ᠨᠥᠬᠦᠷᠰᠡᠭ ᠬᠠᠷᠢᠴᠠᠭ᠎ᠠ ᠲᠠᠢ ᠶᠤᠮ᠃ | ᠣᠶᠢᠷ᠎ᠠ ᠶᠢᠨ ᠵᠢᠯ ᠠᠴᠠ᠂ ᠬᠤᠶᠠᠷ ᠤᠯᠤᠰ ᠤᠨ ᠤᠯᠤᠰ ᠲᠥᠷᠥ ᠶᠢᠨ ᠢᠲᠡᠭᠡᠯᠴᠡᠭᠡ ᠦᠷᠭᠦᠯᠵᠢᠯᠡᠨ ᠭᠦᠨᠵᠡᠭᠡᠶᠢᠷᠡᠵᠦ᠂ ᠡᠯ᠎ᠡ | ᠬᠦᠷᠢᠶᠡᠨ ᠤ ᠬᠠᠮᠲᠤᠷᠠᠯᠴᠠᠭ᠎ᠠ ᠡᠯᠪᠡᠭ ᠦᠷ᠎ᠡ ᠪᠦᠲᠦᠭᠡᠯ ᠣᠯᠵᠤ᠂ ᠲᠣᠰ ᠲᠣᠰ ᠤᠨ ᠭᠤᠣᠯᠯᠠᠭᠴᠢ ᠠᠰᠢᠭ ᠲᠤᠰᠠ ᠪᠣᠯᠣᠨ | ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠡᠷᠡᠰ ᠳᠡᠮᠵᠢᠯᠴᠡᠪᠡ᠃ ᠪᠢ ᠳᠤᠮᠳᠠᠳᠤ ᠤᠯᠤᠰ ᠭᠠᠪᠤᠨ ᠤ | ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠰᠢᠨ᠎ᠡ ᠪᠠᠷ ᠰᠣᠩᠭᠤᠭᠳᠠᠭᠰᠠᠨ | ᠶᠡᠷᠦᠩᠬᠡᠶᠢᠯᠡᠭᠴᠢ ᠡᠸ᠋ᠨᠭᠦ᠋ᠢᠮᠠ ᠲᠠᠢ ᠬᠠᠮᠲᠤ ᠪᠠᠷ ᠴᠢᠷᠮᠠᠶᠢᠵᠤ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ | ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ ᠬᠤᠷᠠᠯ ᠤᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠬᠤ ᠪᠠᠷ ᠠᠵᠠ | ᠲᠣᠬᠢᠶᠠᠯ ᠪᠣᠯᠭᠠᠵᠤ᠂ ᠬᠤᠶᠠᠷ ᠤᠯᠤᠰ ᠤᠨ ᠪᠥᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ | ᠬᠠᠷᠢᠯᠴᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ | ᠰᠠᠶᠢᠲᠤᠷ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃ | |