| | 4 ᠳ᠋ᠦ᠋ᠭᠡᠷ ᠰᠠᠷ᠎ᠠ ᠶᠢᠨ 21 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ | ᠭᠡᠷ ᠰᠣᠨᠢᠨ ᠮᠡᠳᠡᠭᠡ ᠨᠡᠶᠢᠳᠡᠯᠡᠬᠦ ᠬᠤᠷᠠᠯ ᠬᠤᠷᠠᠯᠳᠤᠭᠤᠯᠵᠤ᠂ ︽ᠤᠶᠢᠯᠡᠴᠢᠯᠡᠭᠡᠨ ᠤ ᠤᠶᠢᠯᠡᠰ ᠤᠨ ᠨᠡᠭᠡᠭᠡᠯᠳᠡ ᠶᠢ | ᠦᠷᠭᠡᠳᠭᠡᠬᠦ ᠶᠡᠷᠤᠩᠬᠡᠶᠢᠯᠡᠭᠰᠡᠨ ᠲᠤᠷᠰᠢᠯᠳᠡ ᠶᠢᠨ ᠴᠡᠭ ᠤᠨ ᠠᠵᠢᠯ ᠢ ᠲᠦᠷᠭᠡᠳᠬᠡᠨ ᠠᠬᠢᠭᠤᠯᠬᠤ ᠲᠥᠰᠥᠯ︾ ᠤᠨ | ᠬᠤᠯᠪᠤᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ | ᠨᠢᠭᠡ ᠳᠤ᠂ ᠭᠤᠣᠯᠳᠠᠯᠭ᠎ᠠ ᠪᠣᠯᠬᠤ ᠠᠵᠢᠯ ᠤᠨ ᠬᠦᠷᠢᠶᠡᠨ ᠳᠠᠬᠢ ᠨᠡᠭᠡᠭᠡᠯᠲᠡ ᠶᠢ ᠠᠬᠢᠭᠤᠯᠤᠨ᠎ᠠ | ᠴᠠᠬᠢᠯᠭᠠᠨ ᠬᠤᠯᠪᠣᠭᠠᠨ ᠤ ᠬᠦᠷᠢᠶᠡᠨ ᠳᠤ᠂ ᠬᠡᠷᠡᠭᠯᠡᠯᠲᠡ ᠶᠢᠨ ᠳᠡᠯᠭᠡᠭᠦᠷ᠂ ᠢᠨᠲ᠋ᠧᠷ ᠰᠦᠯᠵᠢᠶᠡᠨ ᠳᠤ ᠵᠠᠯᠭᠠᠨ | ᠣᠷᠣᠭᠤᠯᠬᠤ ᠵᠡᠷᠭᠡ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠳᠤ ᠬᠤᠯᠪᠣᠭᠳᠠᠬᠤ ᠭᠠᠳᠠᠭᠠᠳᠤ ᠪᠡᠯᠡ ᠶᠢᠨ ᠡᠵᠡᠯᠡᠬᠦ | ᠰᠲ᠋ᠣᠺ ᠤᠨ ᠬᠠᠷᠢᠴᠠᠯ ᠤᠨ ᠬᠢᠵᠠᠭᠠᠷᠯᠠᠯ ᠢ ᠴᠤᠴᠠᠯᠬᠤ ᠵᠡᠷᠭᠡ ᠲᠤᠷᠰᠢᠯᠲᠠ ᠶᠢᠨ ᠴᠡᠭ ᠤᠨ ᠡᠭᠦᠷᠭᠡ ᠶᠢ ᠳᠤᠷᠠᠳᠪᠠ᠃ | ᠡᠮᠴᠢᠯᠡᠭᠡᠨ ᠤ ᠬᠦᠷᠢᠶᠡᠨ ᠳᠤ᠂ ᠭᠠᠳᠠᠭᠠᠳᠤ ᠶᠢᠨ ᠬᠠᠷᠢᠶᠠᠲᠤ ᠡᠮᠴᠢ ᠨᠠᠷ ᠤᠨ ᠡᠮᠴᠢᠯᠡᠭᠡᠨ ᠤ ᠭᠠᠵᠠᠷ | ᠪᠠᠶᠢᠭᠤᠯᠬᠤ ᠶᠢ ᠳᠡᠮᠵᠢᠬᠦ︔ ᠬᠢᠯᠢ ᠶᠢᠨ ᠭᠠᠳᠠᠨᠠᠬᠢ ᠡᠮᠴᠢᠯᠡᠭᠡᠨ ᠤ ᠲᠤᠰᠬᠠᠢ ᠮᠡᠷᠭᠡᠵᠢᠯᠲᠡᠨ ᠣᠬᠤᠷ ᠬᠤᠭᠤᠴᠠᠭ᠎ᠠ ᠪᠠᠷ ᠠᠵᠢᠯ | ᠡᠷᠬᠢᠯᠡᠬᠦ︔ ᠪᠡᠯᠡ ᠮᠥᠩᠭᠦ ᠬᠠᠨᠳᠢᠪᠯᠡᠬᠤ ᠠᠷᠭ᠎ᠠ ᠮᠠᠶ᠋ᠢᠭ ᠢᠶᠠᠷ ᠠᠰᠢᠭ ᠬᠤᠨᠵᠢᠪᠤᠷᠢ ᠶᠢᠨ ᠪᠤᠰᠤ ᠡᠮᠴᠢᠯᠡᠭᠡᠨ ᠤ ᠪᠠᠶᠢᠭᠤᠯᠤᠮᠵᠢ | ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠡᠷᠭᠢᠯᠡᠬᠦ ᠶᠢ ᠵᠥᠪᠰᠢᠶᠡᠷᠡᠬᠦ︔ ᠬᠤᠪᠣᠷ ᠲᠣᠬᠢᠶᠠᠯᠳᠤᠬᠤ ᠡᠪᠡᠳᠴᠢᠨ ᠤ | ᠡᠮ ᠤᠨ ᠵᠦᠢᠯ ᠢ ᠭᠠᠳᠠᠭᠠᠳᠤ ᠠᠴᠠ ᠣᠷᠣᠭᠤᠯᠬᠤ ᠶᠢ ᠰᠤᠭᠤᠴᠢᠨ ᠪᠠᠶᠢᠴᠠᠭᠠᠬᠤ ᠬᠡᠪ ᠵᠠᠭᠪᠤᠷ ᠢ ᠰᠦᠪᠡᠭᠴᠢᠯᠡᠨ | ᠰᠢᠯᠢᠳᠡᠭᠵᠢᠭᠦᠯᠬᠦ ᠵᠡᠷᠭᠡ ᠶᠢ ᠳᠤᠷᠠᠳᠪᠠ᠃ | ᠮᠥᠩᠭᠦᠨ ᠭᠦᠢᠯᠭᠡᠭᠡᠨ ᠤ ᠬᠦᠷᠢᠶᠡᠨ ᠳᠤ᠂ ᠤᠯᠠᠨ ᠤᠯᠤᠰ ᠤᠨ ᠪᠠᠲᠤᠯᠠᠨ ᠬᠠᠮᠢᠶᠠᠷᠬᠤ ᠲᠤᠬᠠᠶᠢᠯᠠᠭᠰᠠᠨ ᠠᠵᠢᠯ ᠢ | ᠰᠦᠪᠡᠭᠴᠢᠯᠡᠨ ᠬᠥᠭᠵᠢᠭᠦᠯᠬᠦ ᠶᠢ ᠳᠡᠮᠵᠢᠬᠦ︔ ᠢᠲᠡᠭᠡᠮᠵᠢ ᠶᠢᠨ ᠲᠠᠰ ᠲᠣᠭᠲᠠᠭᠠᠬᠤ ᠪᠠᠶᠢᠭᠤᠯᠤᠮᠵᠢ ᠨᠤᠭᠤᠳ ᠤᠨ ᠨᠣᠭᠤᠭᠠᠨ | ᠵᠢᠭᠡᠯᠡᠯᠭᠡ ᠶᠢᠨ ᠲᠡᠮᠳᠡᠭᠲᠦ ᠶᠢᠨ ᠲᠠᠰ ᠲᠣᠭᠲᠠᠭᠠᠬᠤ ᠦᠢᠯᠡᠴᠢᠯᠡᠭᠡ ᠥᠷᠨᠢᠭᠦᠯᠬᠦ ᠶᠢ ᠵᠣᠷᠢᠭᠵᠢᠭᠤᠯᠵᠤ᠂ ᠨᠥᠬᠦᠴᠡᠯ ᠳᠤ | ᠨᠡᠶᠢᠴᠡᠬᠦ ᠪᠡᠯᠡ ᠲᠣᠬᠢᠷᠠᠭᠤᠯᠭ᠎ᠠ ᠶᠢᠨ ᠲᠦᠷᠢᠶᠡᠰᠦᠯᠡᠯ ᠤᠨ ᠺᠣᠮᠫᠠᠨᠢ ᠨᠤᠭᠤᠳ ᠤᠨ ᠨᠣᠭᠤᠭᠠᠨ ᠵᠢᠭᠡᠯᠡᠯᠭᠡ ᠶᠢᠨ ᠲᠡᠮᠳᠡᠭᠲᠦ | ᠲᠠᠷᠬᠠᠭᠠᠬᠤ ᠶᠢ ᠳᠡᠮᠵᠢᠬᠦ ᠵᠡᠷᠭᠡ ᠶᠢ ᠳᠤᠷᠠᠳᠪᠠ᠃ | ᠠᠷᠠᠯᠵᠢᠶ᠎ᠠ ᠬᠤᠳᠠᠯᠳᠤᠭ᠎ᠠ ᠰᠣᠶᠣᠯ ᠵᠢᠭᠤᠯᠴᠢᠯᠠᠯ ᠤᠨ ᠬᠦᠷᠢᠶᠡᠨ ᠳᠤ᠂ ᠭᠠᠳᠠᠭᠠᠳᠤ ᠶᠢᠨ ᠬᠤᠳᠠᠯᠳᠤᠭᠠᠴᠢᠨ | ᠵᠢᠭᠤᠯᠴᠢᠯᠠᠯ ᠤᠨ ᠺᠣᠮᠫᠠᠨᠢ ᠳᠤ ᠪᠡᠯᠡ ᠣᠷᠣᠭᠤᠯᠤᠨ ᠬᠢᠯᠢ ᠠᠴᠠ ᠭᠠᠷᠴᠤ ᠵᠢᠭᠤᠯᠴᠢᠯᠠᠬᠤ ᠲᠤᠬᠠᠶᠢᠯᠠᠭᠰᠠᠨ ᠠᠵᠢᠯ | ᠡᠵᠡᠩᠨᠡᠬᠦ ᠶᠢ ᠨᠢ ᠵᠥᠪᠰᠢᠶᠡᠷᠡᠨ᠎ᠡ︔ ᠲᠢᠶᠠᠨᠵᠢᠨ ᠳᠤ ᠤᠯᠠᠮᠵᠢᠯᠠᠯᠲᠤ ᠰᠣᠩᠭᠤᠳᠠᠭ ᠮᠠᠰᠢᠨ ᠲᠡᠷᠭᠡᠨ ᠤ ᠭᠠᠶᠢᠯᠢ ᠪᠠᠲᠤᠯᠠᠬᠤ | ᠦᠵᠡᠭᠦᠯᠭᠡ ᠵᠢᠴᠢ ᠨᠠᠶᠢᠳᠠᠨ ᠬᠠᠮᠢᠶᠠᠷᠤᠭᠤᠯᠬᠤ ᠲᠤᠬᠠᠶᠢᠯᠠᠭᠰᠠᠨ ᠠᠵᠢᠯ ᠤᠨ ᠲᠤᠷᠰᠢᠯᠲᠠ ᠶᠢᠨ ᠴᠡᠭ ᠢ ᠳᠡᠮᠵᠢᠨ᠎ᠡ︔ | ᠬᠠᠶᠢᠨᠠᠨ ᠳᠤ ᠪᠥᠸᠧ ᠤᠤ ᠯᠧ ᠴᠧᠩ ᠤᠯᠠᠨ ᠤᠯᠤᠰ ᠤᠨ ᠡᠮᠴᠢᠯᠡᠭᠡᠨ ᠤ ᠵᠢᠭᠤᠯᠴᠢᠯᠠᠯ ᠤᠨ ᠤᠷᠢᠳ ᠢᠶᠠᠷ ᠬᠡᠷᠡᠭᠵᠢᠭᠦᠯᠬᠦ | ᠲᠣᠭᠤᠷᠢᠭ ᠲᠤ ᠣᠨᠴᠠᠭᠠᠢ ᠡᠮᠴᠢᠯᠡᠭᠡᠨ ᠤ ᠢᠳᠡᠭᠡᠨ ᠪᠠ ᠡᠷᠡᠭᠦᠯᠵᠢᠯ ᠤᠨ ᠢᠳᠡᠭᠡᠨ ᠢ ᠭᠠᠳᠠᠭᠠᠳᠤ ᠠᠴᠠ ᠣᠷᠣᠭᠤᠯᠵᠤ | ᠬᠡᠷᠡᠭᠯᠡᠬᠦ ᠶᠢ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠶᠢ ᠲᠡᠮᠵᠢᠨ᠎ᠠ᠃ | ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠤ᠂ ᠴᠢᠩᠭᠡᠯᠢᠭ ᠢ ᠲᠡᠯᠡᠶ ᠪᠠᠷ ᠠᠶᠠᠯᠠᠭᠤᠯᠬᠤ᠂ ᠰᠣᠯᠢᠯᠴᠠᠬᠤ᠂ | ᠬᠠᠮᠲᠤ ᠡᠳ᠋ᠯᠡᠬᠦ ᠵᠡᠷᠭᠡ ᠬᠠᠮᠲᠤᠷᠠᠯᠴᠠᠭ᠎ᠠ ᠥᠷᠨᠢᠭᠦᠯᠬᠦ ᠶᠢ ᠳᠡᠮᠵᠢᠵᠦ᠂ ︽ᠨᠢᠭᠡ ᠯᠡ ᠴᠢᠩᠭᠡᠯᠢᠭ ᠢᠶᠠᠷ ᠲᠡᠭᠡᠭᠡᠪᠦᠷᠢᠯᠡᠬᠦ︾ ᠶᠢ | ᠰᠦᠪᠡᠭᠴᠢᠯᠡᠨ᠎ᠡ︔ ᠰᠢᠨ᠎ᠡ ᠡᠨᠧᠷᠭᠢ ᠶᠢᠨ ᠪᠦᠲᠦᠨ ᠲᠡᠷᠭᠡ᠂ ᠬᠥᠳᠡᠯᠭᠡᠭᠴᠢ ᠬᠦᠴᠦᠨ ᠤ ᠴᠡᠨᠡᠭ ᠢ ᠭᠠᠳᠠᠭᠠᠳᠤ ᠳᠤ | ᠭᠠᠷᠭᠠᠬᠤ ᠶᠢ ᠳᠡᠮᠵᠢᠬᠦ ᠬᠤᠯᠪᠣᠭᠠᠯᠠᠨ ᠲᠡᠭᠡᠭᠡᠪᠦᠷᠢᠯᠡᠬᠦ ᠰᠢᠨ᠎ᠡ ᠬᠡᠪ ᠵᠠᠭᠪᠤᠷ ᠵᠡᠷᠭᠡ ᠶᠢ ᠰᠦᠪᠡᠭᠴᠢᠯᠡᠨ᠎ᠡ᠃ | ᠡᠭᠦᠨ ᠠᠴᠠ ᠭᠠᠳᠠᠨ᠎ᠠ᠂ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠰᠢᠨ᠎ᠡ ᠪᠠᠶᠢᠳᠠᠯ ᠤᠨ ᠬᠥᠭᠵᠢᠯᠲᠡ ᠶᠢ | ᠡᠷᠴᠢᠮᠯᠡᠬᠦ᠂ ᠴᠢᠯᠦᠭᠡᠵᠢᠯ ᠳᠥᠭᠦᠮᠴᠢᠯᠡᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠪᠠᠰᠠ ᠣᠯᠠᠨ | ᠵᠦᠢᠯ ᠤᠨ ᠲᠤᠷᠰᠢᠯᠲᠠ ᠶᠢᠨ ᠴᠡᠭ ᠤᠨ ᠡᠭᠦᠷᠭᠡ ᠶᠢ ᠳᠤᠷᠠᠳᠪᠠ᠃ | ᠬᠤᠶᠠᠷ ᠲᠤ᠂ ᠬᠦᠴᠦᠨ ᠵᠦᠢᠯ ᠤᠨ ᠪᠠᠲᠤᠯᠠᠭ᠎ᠠ ᠶᠢ ᠲᠡᠭᠦᠯᠳᠡᠷᠵᠢᠭᠦᠯᠬᠦ ᠲᠠᠯ᠎ᠠ ᠪᠠᠷ᠂ ᠬᠢᠯᠢ ᠪᠠᠷ ᠥᠩᠭᠡᠷᠡᠬᠦ ᠳᠤ | ᠸᠢᠰᠠᠯᠠᠬᠤ ᠠᠴᠠ ᠬᠡᠯᠲᠦᠷᠢᠭᠦᠯᠬᠦ᠂ ᠡᠭᠦᠷᠢᠳᠡ ᠰᠠᠭᠤᠷᠢᠰᠢᠬᠤ᠂ ᠲᠣᠭᠠᠴᠠᠭ᠎ᠠ ᠬᠢᠬᠦ ᠳᠤ ᠲᠥᠬᠦᠮ ᠦᠵᠡᠭᠦᠯᠬᠦ᠂ ᠠᠵᠢᠯ | ᠡᠷᠭᠢᠯᠡᠬᠦ ᠬᠢᠷᠢ ᠬᠡᠮ ᠢ ᠮᠡᠳᠡᠷᠡᠬᠦ ᠵᠡᠷᠭᠡ ᠲᠠᠯ᠎ᠠ ᠪᠠᠷ ᠲᠤᠷᠰᠢᠯᠲᠠ ᠶᠢᠨ ᠴᠡᠭ ᠤᠨ ᠡᠭᠦᠷᠭᠡ ᠶᠢ ᠳᠤᠷᠠᠳᠪᠠ︔ ᠭᠠᠳᠠᠭᠠᠳᠤ ᠳᠤ | ᠬᠤᠯᠪᠣᠭᠳᠠᠬᠤ ᠬᠥᠨᠳᠡᠯᠡᠨ ᠤ ᠲᠠᠰᠤᠯᠤᠯᠳᠠ᠂ ᠬᠠᠤᠯᠢᠴᠢ ᠶᠢᠨ ᠠᠵᠢᠯ ᠡᠷᠬᠢᠯᠡᠬᠦ᠂ ᠤᠯᠠᠨ ᠤᠯᠤᠰ ᠤᠨ ᠬᠠᠤᠯᠢ ᠴᠠᠭᠠᠵᠠ ᠶᠢᠨ | ᠬᠠᠮᠲᠤᠷᠠᠯᠴᠠᠭ᠎ᠠ᠂ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠪᠠ ᠬᠠᠤᠯᠢ ᠬᠡᠷᠡᠭᠵᠢᠭᠦᠯᠦᠯᠲᠡ᠂ ᠴᠢᠳᠠᠪᠤᠷᠢᠲᠠᠨ | ᠬᠥᠮᠥᠵᠢᠭᠦᠯᠦᠨ ᠪᠣᠯᠪᠠᠰᠤᠷᠠᠭᠤᠯᠬᠤ ᠵᠡᠷᠭᠡ ᠶᠢᠨ ᠲᠣᠭᠤᠷᠢᠨ ᠳᠤ᠂ ᠬᠠᠤᠯᠢᠵᠢᠯ ᠤᠨ ᠪᠠᠲᠤᠯᠠᠭ᠎ᠠ ᠶᠢ ᠴᠢᠩᠭᠠᠳᠬᠠᠵᠤ᠂ | ᠭᠠᠳᠠᠭᠠᠳᠤ ᠳᠤ ᠬᠤᠯᠪᠣᠭᠳᠠᠬᠤ ᠬᠠᠤᠯᠢ ᠴᠠᠭᠠᠵᠠ ᠶᠢᠨ ᠲᠤᠬᠠᠶᠢᠯᠠᠭᠰᠠᠨ ᠠᠵᠢᠯ ᠢ ᠡᠮᠬᠢ ᠵᠢᠷᠤᠮ ᠲᠠᠢ ᠪᠠᠷ ᠥᠷᠨᠢᠭᠦᠯᠦᠨ᠎ᠡ᠃ | ᠭᠤᠷᠪᠠ ᠳᠤ᠂ ᠳᠦᠷᠢᠮ ᠪᠠ ᠵᠢᠷᠤᠮᠵᠢᠯ ᠢ ᠬᠠᠷᠢᠯᠴᠠᠨ ᠨᠡᠪᠲᠡᠷᠡᠯᠴᠡᠭᠦᠯᠵᠦ ᠬᠠᠷᠢᠯᠴᠠᠨ ᠪᠠᠭᠲᠠᠭᠠᠬᠤ ᠶᠢ | ᠠᠬᠢᠭᠤᠯᠬᠤ ᠲᠠᠯ᠎ᠠ ᠪᠠᠷ᠂ ᠳ᠋ᠠᠶᠢᠲ᠋ᠠ ᠶᠢ ᠬᠢᠯᠢ ᠠᠯᠤᠰᠯᠠᠨ ᠰᠢᠯᠵᠢᠭᠦᠯᠬᠦ᠂ ᠪᠠᠷᠢᠮᠵᠢᠶ᠎ᠠ ᠲᠣᠭᠲᠠᠭᠠᠬᠤ᠂ ᠮᠡᠳᠡᠯᠭᠡ ᠥᠮᠴᠢᠯᠡᠬᠦ | ᠡᠷᠬᠡ᠂ ᠬᠤᠳᠠᠯᠳᠤᠭᠠᠨ ᠳᠤ ᠬᠡᠷᠡᠭᠯᠡᠬᠦ ᠨᠢᠭᠤᠴᠠ ᠺᠣᠳ᠋ ᠵᠡᠷᠭᠡ ᠴᠢᠬᠤᠯᠠ ᠲᠤᠬᠠᠶᠢᠯᠠᠭᠰᠠᠨ ᠠᠵᠢᠯ ᠤᠨ ᠬᠦᠷᠢᠶᠡᠨ ᠳᠠᠬᠢ | ᠦᠨᠳᠦᠰᠦᠨ ᠵᠢᠷᠤᠮᠵᠢᠯ ᠢ ᠳᠠᠰᠤᠷᠠᠯᠳᠠ ᠦᠭᠡᠢ ᠲᠡᠭᠦᠯᠳᠡᠷᠵᠢᠭᠦᠯᠦᠨ᠎ᠡ︔ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ᠂ | ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠬᠠᠮᠢᠶᠠᠷᠤᠯᠲᠠ᠂ ᠬᠢᠯᠢ ᠠᠯᠤᠰᠯᠠᠭᠰᠠᠨ ᠡᠳ᠋ ᠪᠠᠷᠠᠭ᠎ᠠ ᠶᠢ ᠬᠤᠯᠪᠤᠭᠠᠯᠠᠨ | ᠲᠡᠭᠡᠭᠡᠪᠦᠷᠢᠯᠡᠬᠦ᠂ ᠪᠠᠶᠢᠴᠠᠭᠠᠨ ᠰᠢᠨᠵᠢᠬᠦ ᠪᠠᠶᠢᠭᠤᠯᠤᠮᠵᠢ ᠶᠢᠨ ᠬᠢᠷᠢ ᠬᠡᠮ᠂ ᠳ᠋ᠢᠭᠢᠲ ᠪᠡᠶ᠎ᠡ ᠬᠡᠮ᠂ ᠡᠯᠧᠺᠲᠷᠤᠨ ᠪᠠᠷᠢᠮᠲᠠ ᠵᠡᠷᠭᠡ | ᠬᠦᠷᠢᠶᠡᠨ ᠳᠠᠬᠢ ᠬᠢᠯᠢ ᠶᠢᠨ ᠳᠣᠲᠣᠨ᠎ᠠ ᠭᠠᠳᠠᠨᠠᠬᠢ ᠬᠠᠮᠢᠶᠠᠷᠤᠯᠲᠠ ᠶᠢᠨ ᠵᠢᠷᠤᠮᠵᠢᠯ ᠢ ᠬᠠᠷᠢᠯᠴᠠᠨ ᠨᠡᠪᠲᠡᠷᠡᠯᠴᠡᠭᠦᠯᠵᠦ | ᠬᠠᠷᠢᠯᠴᠠᠨ ᠪᠠᠭᠲᠠᠭᠠᠬᠤ ᠶᠢ ᠠᠬᠢᠭᠤᠯᠬᠤ ᠵᠡᠷᠭᠡ ᠪᠣᠯᠣᠨ᠎ᠠ᠃ | ᠳᠥᠷᠪᠡ ᠳᠤ᠂ ᠲᠦᠭᠰᠢᠭᠦᠷᠢ ᠶᠢ ᠰᠡᠷᠭᠡᠶᠢᠯᠡᠨ ᠡᠵᠡᠮᠳᠡᠵᠦ ᠬᠠᠮᠵᠢᠯᠴᠠᠨ ᠬᠢᠨᠠᠨ ᠬᠠᠮᠢᠶᠠᠷᠬᠤ ᠲᠣᠭᠲᠠᠯᠴᠠᠭᠠᠨ ᠤ | ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ᠂ ᠡᠪᠳᠡᠬᠦ ᠪᠠ ᠪᠠᠶᠢᠭᠤᠯᠬᠤ ᠶᠢ ᠵᠡᠷᠭᠡ ᠪᠠᠷ ᠠᠳᠬᠤᠬᠤ᠂ ᠤᠷᠢᠳ ᠢᠶᠠᠷ | ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠬᠤ᠂ ᠭᠤᠣᠯᠳᠠᠯᠭ᠎ᠠ ᠪᠣᠯᠬᠤ ᠠᠵᠤ ᠦᠢᠯᠡᠰ ᠤᠨ ᠨᠡᠭᠡᠭᠡᠯᠲᠡ ᠶᠢᠨ | ᠬᠡᠷᠡᠭᠵᠢᠭᠦᠯᠬᠦ ᠲᠥᠰᠥᠯ ᠪᠠ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠶᠢ ᠲᠣᠭᠲᠠᠭᠠᠨ ᠲᠡᠭᠦᠯᠳᠡᠷᠵᠢᠭᠦᠯᠵᠦ᠂ ᠡᠮᠬᠢ | ᠵᠢᠷᠤᠮ ᠲᠠᠢ ᠪᠠᠷ ᠬᠡᠷᠡᠭᠵᠢᠭᠦᠯᠬᠦ ᠶᠢ ᠠᠬᠢᠭᠤᠯᠤᠨ᠎ᠠ᠃ | | |