| 4 ᠰᠠᠷ᠎ᠠ ᠶᠢᠨ 15 ᠤ ᠡᠳᠦᠷ ᠠᠴᠠ 21 ᠤ ᠡᠳᠦᠷ ᠪᠣᠯ 31 ᠳ᠋ᠦ᠋ᠭᠡᠷ ᠬᠤᠭᠤᠴᠠᠭᠠᠨ ᠤ ︽ᠪᠥᠬᠦ | ᠤᠯᠤᠰ ᠤᠨ ᠬᠠᠪᠤᠳᠠᠷ ᠢ ᠰᠡᠷᠭᠡᠶᠢᠯᠡᠨ ᠵᠠᠰᠠᠬᠤ ᠤᠬᠠᠭᠤᠯᠭ᠎ᠠ ᠶᠢᠨ ᠭᠠᠷᠠᠭ︾ ᠪᠠᠶᠢᠵᠦ᠂ ᠡᠨᠡ ᠵᠢᠯ ᠤᠨ | ᠤᠬᠠᠭᠤᠯᠭ᠎ᠠ ᠶᠢᠨ ᠭᠠᠷᠠᠭ ᠤᠨ ᠭᠤᠤᠯ ᠰᠡᠳᠦᠪ ᠪᠣᠯ ︽ᠰᠢᠨᠵᠢᠯᠡᠬᠦ ᠤᠬᠠᠭᠠᠨᠴᠢ ᠪᠠᠷ ᠦᠮᠠᠨ ᠡᠪᠡᠳᠴᠢᠨ ᠢ | ᠰᠡᠷᠭᠡᠶᠢᠯᠡᠵᠦ ᠡᠷᠡᠬᠦᠯ ᠴᠢᠬᠢᠷᠠᠭ ᠠᠮᠢᠳᠤᠷᠠᠯ ᠢ ᠡᠳ᠋ᠯᠡᠬᠦ︾ ᠪᠣᠯᠤᠨ᠎ᠠ᠃ ᠤᠯᠠᠭᠠᠨᠬᠤᠲᠠ ᠶᠢᠨ ᠡᠮᠴᠢᠯᠡᠭᠡᠨ ᠤ | ᠬᠠᠮᠲᠤ ᠶᠢᠨ ᠴᠤᠬᠴᠠ ᠶᠢᠨ ᠶᠡᠷᠦᠩᠭᠡᠢ ᠡᠮᠨᠡᠯᠭᠡ ᠶᠢᠨ ᠬᠤᠷᠢᠶᠠᠨ ᠤ ᠾᠧ ᠫᠢᠩ ᠨᠡᠶᠢᠭᠡᠮ ᠲᠣᠭᠤᠷᠢᠭ ᠬᠤᠪᠢᠶᠠᠷᠢ | ᠬᠤᠷᠢᠶ᠎ᠠ ᠶᠢᠨ ᠬᠢᠨ ᠪᠦᠬᠦ ᠤᠯᠤᠰ ᠤᠨ ᠬᠠᠪᠤᠳᠠᠷ ᠢ ᠰᠡᠷᠭᠡᠶᠢᠯᠡᠨ ᠵᠠᠰᠠᠬᠤ ᠤᠬᠠᠭᠤᠯᠭ᠎ᠠ ᠶᠢᠨ ᠭᠠᠷᠠᠬ ᠤᠨ ᠭᠤᠤᠯ | ᠰᠡᠳᠦᠪ ᠤᠨ ᠲᠣᠭᠤᠷᠢᠨ ᠳᠤ ᠰᠢᠷᠢᠰ ᠤᠬᠠᠭᠤᠯᠭ᠎ᠠ ᠬᠦᠮᠦᠵᠢᠯ ᠤᠨ ᠠᠵᠢᠯᠯᠠᠭ᠎ᠠ ᠥᠷᠨᠢᠭᠦᠯᠵᠦ᠂ ᠥᠮᠡᠨ ᠡᠪᠡᠳᠴᠢᠨ ᠢ | ᠰᠡᠷᠭᠡᠶᠢᠯᠡᠨ ᠵᠠᠰᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ᠴᠢᠩᠭᠠᠳᠬᠠᠨ᠂ ᠬᠥᠮᠦᠨ ᠨᠢᠭᠡᠪᠦᠷᠢ | ᠥᠪᠡᠷ ᠤᠨ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ ᠪᠣᠯᠬᠤ ᠶᠢ ᠰᠠᠨᠠᠭᠠᠴᠢᠯᠠᠵᠤ᠂ ᠤᠯᠠᠨ ᠲᠦᠮᠡᠨ ᠤ | ᠥᠮᠡᠨ ᠡᠪᠡᠳᠴᠢᠨ ᠢ ᠰᠡᠷᠭᠡᠶᠢᠯᠡᠨ ᠵᠠᠰᠠᠬᠤ ᠤᠬᠠᠮᠰᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠠᠢ᠃ | ᠠᠵᠢᠯᠯᠠᠭ᠎ᠠ ᠶᠢᠨ ᠲᠤᠬᠠᠢ ᠶᠢᠨ ᠳᠠᠯᠠᠪᠤᠷ ᠲᠤ᠂ ᠡᠮᠴᠢ ᠰᠤᠪᠢᠯᠠᠭᠴᠢᠳ ᠥᠮᠡᠨ ᠡᠪᠡᠳᠴᠢᠨ ᠳᠤ | ᠨᠡᠷᠪᠡᠭᠳᠡᠬᠦ ᠠᠴᠠ ᠰᠡᠷᠭᠡᠶᠢᠯᠡᠬᠦ ᠪᠠ ᠥᠮᠡᠨ ᠡᠪᠡᠳᠴᠢᠨ ᠢ ᠡᠰᠡᠷᠭᠦᠴᠡᠬᠦ ᠡᠷᠡᠭᠦᠯ ᠮᠡᠨᠳᠦ ᠶᠢᠨ ᠮᠡᠳᠡᠯᠭᠡ ᠶᠢ ᠤᠬᠠᠭᠤᠯᠤᠨ | ᠲᠠᠶᠢᠯᠪᠤᠷᠢᠯᠠᠵᠤ᠂ ᠥᠮᠡᠨ ᠡᠪᠡᠳᠴᠢᠨ ᠢ ᠡᠷᠲᠡ ᠰᠡᠷᠭᠡᠶᠢᠯᠡᠬᠦ᠂ ᠰᠢᠭᠰᠢᠨ ᠪᠠᠶᠢᠴᠠᠭᠠᠬᠤ᠂ ᠡᠷᠲᠡ ᠣᠨᠣᠰᠢᠯᠠᠬᠤ ᠵᠢᠴᠢ | ᠵᠢᠷᠤᠮᠵᠢᠭᠤᠯᠤᠨ ᠵᠠᠰᠠᠬᠤ ᠶᠢᠨ ᠴᠢᠬᠤᠯᠠ ᠴᠢᠨᠠᠷ ᠢ ᠭᠤᠣᠯᠳᠠᠯᠭ᠎ᠠ ᠲᠠᠢ ᠴᠢᠬᠤᠯᠠᠴᠢᠯᠠᠪᠠ᠃ ᠠᠯᠪᠠᠨ ᠵᠢᠷᠤᠮ ᠤᠨ | ᠡᠮᠴᠢᠯᠡᠭᠡᠨ ᠤ ᠳᠤᠭᠤᠷᠢᠬ ᠲᠤ᠂ ᠡᠮᠴᠢ ᠰᠤᠪᠢᠯᠠᠭᠴᠢ ᠰᠠᠭᠤᠭᠠᠯᠢ ᠠᠷᠠᠳ ᠲᠤ ᠠᠯᠪᠠᠨ ᠵᠢᠷᠤᠮ ᠤᠨ ᠡᠮᠴᠢᠯᠡᠭᠡᠨ ᠤ | ᠪᠠᠶᠢᠴᠠᠭᠠᠯᠲᠠ ᠬᠢᠬᠦ᠂ ᠴᠢᠰᠤᠨ ᠳᠠᠷᠤᠯᠲᠠ ᠶᠢ ᠬᠡᠮᠵᠢᠬᠦ᠂ ᠴᠢᠰᠤᠨ ᠰᠢᠬᠢᠷ ᠢ ᠬᠡᠮᠵᠢᠬᠦ ᠵᠡᠷᠭᠡ ᠡᠷᠡᠭᠦᠯ ᠮᠡᠨᠳᠦ ᠶᠢᠨ | ᠦᠢᠯᠡᠴᠢᠯᠡᠭᠡ ᠬᠠᠩᠭᠠᠬᠤ ᠶᠢᠨ ᠬᠠᠮᠲᠤ ᠣᠯᠠᠨ ᠲᠦᠮᠡᠨ ᠤ ᠥᠮᠡᠨ ᠡᠪᠡᠳᠴᠢᠨ ᠢ ᠰᠡᠷᠭᠡᠶᠢᠯᠡᠨ ᠵᠠᠰᠠᠬᠤ ᠲᠤᠬᠠᠶ | ᠠᠰᠠᠭᠤᠯᠲᠠ ᠶᠢ ᠬᠦᠯᠢᠴᠡᠩᠭᠦᠶ ᠪᠠᠷ ᠬᠠᠷᠢᠭᠤᠯᠪᠠ᠃ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 50 ᠭᠠᠷᠤᠶ | ᠬᠥᠮᠦᠨ ᠠᠰᠢᠭ ᠭᠥᠷᠳᠡᠵᠦ᠂ ᠤᠬᠠᠭᠤᠯᠭ᠎ᠠ ᠶᠢᠨ ᠬᠠᠭᠤᠳᠠᠰᠤ ᠶᠢ 250 ᠭᠠᠷᠤᠶ ᠬᠤᠪᠢ ᠲᠠᠷᠬᠠᠭᠠᠵᠠᠶ᠃ ︵ᠬᠦᠤᠤ | ᠳ᠋ᠠᠨ︶ | |