ᠰᠢᠤᠢ ᠵᠦᠸᠧ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2025/4/23
        4 ᠰᠠᠷ᠎ᠠ ᠶᠢᠨ 16 ᠤ ᠡᠳᠦᠷ᠂ ᠬᠢᠩᠭᠠᠨ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠰᠢᠤᠢ ᠵᠦᠸᠧ ᠨᠠᠷ ᠠᠶᠢᠭᠦ᠋ᠸᠧ ᠬᠡᠷᠡᠭ ᠡᠷᠬᠢᠯᠡᠬᠦ ᠭᠠᠵᠠᠷ ᠤᠨ ᠸᠠᠨ ᠵᠢᠶᠠ ᠨᠡᠶᠢᠭᠡᠮ ᠲᠣᠭᠤᠷᠢᠭ᠂ ᠪᠸᠢ ᠠᠨ ᠭᠠᠴᠠᠭ᠎ᠠ ᠳᠤ ᠭᠦᠨᠵᠡᠭᠡᠶᠢᠷᠡᠨ ᠰᠢᠨᠵᠢᠯᠡᠨ ᠪᠠᠶᠢᠴᠠᠭᠠᠯᠳᠠ ᠬᠢᠵᠦ᠂ ᠨᠡᠶᠢᠭᠡᠮ ᠲᠣᠭᠤᠷᠢᠭ᠂ ᠭᠠᠴᠠᠭ᠎ᠠ ᠲᠣᠰᠬᠤᠨ ᠤ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠵᠤ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠪᠠᠶᠢᠭᠤᠯᠭ᠎ᠠ ᠶᠢᠨ ᠲᠣᠰᠬᠤᠨ ᠳᠤ ᠰᠠᠭᠤᠭ᠎ᠠ ᠺᠠᠳ᠋ᠷᠴᠤᠳ ᠢ ᠡᠷᠬᠢᠨ ᠦᠵᠡᠵᠦ᠂ ᠦᠨᠳᠦᠰᠦᠨ ᠱᠠᠲᠤᠨ ᠤ ᠺᠠᠳ᠋ᠷᠴᠤᠳ ᠠᠴᠠ ᠰᠠᠨᠠᠯ ᠰᠠᠨᠠᠭᠤᠯᠭ᠎ᠠ ᠬᠤᠷᠢᠶᠠᠪᠠ᠃        ᠰᠢᠤᠢ ᠵᠦᠸᠧ ᠴᠢᠬᠤᠯᠠᠴᠢᠯᠠᠭᠰᠠᠨ ᠨᠢ᠂ ᠨᠡᠶᠢᠭᠡᠮ ᠲᠣᠭᠤᠷᠢᠭ ᠡᠷᠡᠭᠦᠯ ᠬᠠᠮᠠᠭᠠᠯᠠᠯ ᠡᠷᠡᠭᠦᠯ ᠮᠡᠨᠳᠦ᠂ ᠭᠠᠯ ᠰᠡᠷᠭᠡᠶᠢᠯᠡᠵᠤ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠵᠡᠷᠭᠡ ᠲᠠᠯ᠎ᠠ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠲᠥᠯᠥᠭᠡᠯᠡᠭᠴᠢᠳ ᠤᠨ ᠤᠯᠠᠨ ᠲᠦᠮᠡᠨ ᠲᠠᠢ ᠬᠠᠷᠢᠯᠴᠠᠬᠤ᠂ ᠤᠯᠠᠨ ᠲᠦᠮᠡᠨ ᠳᠤ ᠦᠢᠯᠡᠴᠢᠯᠡᠬᠦ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠤᠯᠠᠨ ᠲᠦᠮᠡᠨ ᠳᠤ ᠦᠨᠡᠨᠬᠦ ᠪᠣᠳᠠᠲᠠᠢ ᠶᠠᠪᠤᠳᠠᠯ ᠬᠢᠵᠦ ᠥᠭᠬᠦ ᠬᠡᠷᠡᠭᠲᠡᠢ ᠃ ᠪᠸᠢ ᠠᠨ ᠭᠠᠴᠠᠭ᠎ᠠ ᠨᠢ ᠣᠷᠣᠰᠢᠨ ᠰᠠᠭᠤᠷᠢᠰᠢᠨ ᠠᠵᠢᠯ ᠦᠢᠯᠡᠰ ᠪᠤᠰᠬᠠᠬᠤ ᠳᠤ ᠲᠣᠬᠢᠷᠠᠮᠵᠢᠲᠠᠶ᠂ ᠦᠵᠡᠰᠭᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠳᠤ ᠠᠩᠬᠠᠷᠤᠯ ᠢᠶᠠᠨ ᠬᠠᠨᠳᠤᠭᠤᠯᠵᠤ᠂ ᠰᠢᠰᠲ᠋ᠧᠮ ᠲᠠᠢ ᠲᠥᠯᠥᠪᠵᠢᠭᠦᠯᠵᠦ᠂ ᠠᠵᠤ ᠦᠢᠯᠡᠰ ᠤᠨ ᠬᠥᠭᠵᠢᠯᠲᠡ᠂ ᠣᠷᠴᠢᠨ ᠲᠣᠭᠤᠷᠢᠨ ᠤ ᠴᠡᠭᠴᠡᠯᠡᠨ ᠵᠠᠰᠠᠯᠲᠠ ᠶᠢᠨ ᠲᠥᠷᠥᠯ ᠵᠦᠢᠯ ᠢ ᠢᠳᠡᠪᠬᠢᠲᠡᠶ ᠪᠠᠷ ᠰᠦᠪᠡᠭᠴᠢᠯᠡᠵᠦ᠂ ᠬᠤᠰᠢᠭᠤ᠂ ᠠᠶᠢᠮᠠᠭ ᠤᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ ᠣᠷᠣᠭᠤᠯᠬᠤ ᠪᠠᠷ ᠴᠢᠷᠮᠠᠶᠢᠵᠤ ᠂ ᠬᠥᠭᠵᠢᠯᠲᠡ ᠶᠢᠨ ᠳᠤᠲᠠᠭᠤᠳᠠᠯ ᠢ ᠬᠦᠴᠦᠯᠡᠨ ᠨᠥᠬᠦᠪᠥᠷᠢᠯᠡᠵᠦ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠂ ᠣᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠪᠠᠷ ᠴᠢᠷᠮᠠᠶᠢᠬᠤ ᠬᠡᠷᠡᠭᠲᠡᠶ ᠭᠡᠪᠡ᠃ ᠲᠡᠷᠡ ᠪᠠᠰᠠ ᠨᠡᠶᠢᠭᠡᠮ ᠲᠣᠭᠤᠷᠢᠭ ᠤᠨ ᠺᠠᠳ᠋ᠷ ᠪᠣᠯᠤᠨ ᠲᠣᠰᠬᠤᠨ ᠤ ᠺᠠᠳ᠋ᠷ ᠢ ᠴᠢᠷᠮᠠᠶᠢᠨ ᠰᠤᠷᠤᠯᠴᠠᠵᠤ᠂ ᠲᠡᠰᠪᠦᠷᠢ ᠬᠠᠲᠠᠭᠤᠵᠢᠯᠲᠠᠢ ᠲᠡᠮᠡᠴᠡᠬᠦ᠂ ᠭᠤᠶᠠᠴᠢ ᠦᠭᠡᠢ ᠵᠢᠳᠬᠦᠬᠦ ᠰᠤᠷᠲᠠᠯ ᠢ ᠤᠯᠠᠮᠵᠢᠯᠠᠨ ᠪᠠᠳᠠᠷᠠᠭᠤᠯᠵᠤ᠂ ᠦᠨᠳᠦᠰᠦᠨ ᠱᠠᠲᠤᠨ ᠤ ᠵᠠᠰᠠᠯᠲᠠ ᠳᠤ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠴᠤ᠂ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠣᠷᠢᠭᠵᠢᠭᠤᠯᠪᠠ᠃        ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠨᠠᠷᠢᠨ ᠪᠢᠴᠢᠭ ᠤᠨ ᠳᠠᠷᠤᠭ᠎ᠠ ᠠᠵᠢᠯᠯᠠᠭ᠎ᠠ ᠳᠤ ᠤᠷᠤᠯᠴᠠᠵᠠᠢ᠃ ︵ᠨᠢᠩᠵᠢᠨ ᠰᠦᠨ ᠶᠠ ᠨᠠᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号