ᠲᠠᠷᠢᠶᠠᠯᠠᠩ ᠤᠨ ᠤᠰᠦ ᠠᠷᠪᠢᠯᠡᠵᠦ ᠦᠷ᠎ᠠ ᠠᠰᠢᠭ ᠢ ᠨᠡᠮᠡᠭᠳᠡᠭᠦᠯᠬᠦ ︽ᠰᠠᠶᠢᠨ ᠵᠤᠷ︾
ᠨᠡᠶᠢᠲᠡᠯᠡᠭᠰᠡᠨ ᠴᠠᠭ᠄
2025/4/24
        — ᠮᠠᠨ ᠤ ᠠᠶᠢᠮᠠᠭ ᠦᠨᠳᠦᠷ ᠦᠷ᠎ᠠ ᠠᠰᠢᠭᠳᠦ ᠤᠰᠦ ᠠᠷᠪᠢᠯᠠᠬᠤ ᠳᠠᠷᠢᠶᠠᠯᠠᠩ ᠢ ᠬᠦᠭᠵᠢᠬᠦᠯᠵᠦ ᠪᠠᠶᠢᠭ᠎ᠠ ᠳᠤᠬᠠᠢ ᠳᠡᠮᠳᠡᠭᠯᠡᠯ        ᠤᠶᠢᠷ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠲᠠᠷᠢᠶᠠᠴᠢᠨ ᠤ ᠲᠤᠰᠬᠠᠶ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠶᠢᠨ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠬᠤ ᠲᠥᠷᠥᠯ ᠵᠦᠢᠯ ᠤᠨ ᠲᠠᠷᠢᠶᠠᠨ ᠳᠤ᠂ ᠬᠤᠷᠰᠢᠶ᠎ᠠ ᠶᠢᠨ ᠬᠡᠷᠡᠭ ᠡᠷᠬᠢᠯᠡᠭᠴᠢᠳ ᠤᠨ ᠳᠠᠷᠤᠭ᠎ᠠ ᠭᠦᠸᠧ ᠱᠤᠸᠠᠩ ᠴᠢᠦᠸᠠᠨ ᠭᠠᠷ ᠤᠲᠠᠰᠤ ᠪᠠᠷ ᠢᠶᠠᠨ ᠬᠥᠷᠥᠰᠥᠨ ᠤ ᠴᠢᠭᠢᠭ ᠤᠨ ᠪᠠᠶᠢᠳᠠᠯ ᠢ ᠬᠡᠮᠵᠢᠵᠦ ᠶᠠᠭᠠᠷᠠᠯᠳᠤᠵᠦ ᠪᠠᠶᠢᠯ᠎ᠠ᠃ ︽ᠡᠰᠢ ᠰᠦᠷᠡᠯ ᠢ ᠲᠠᠷᠢᠶᠠᠨ ᠳᠤ ᠣᠷᠣᠭᠤᠯᠤᠭᠰᠠᠨ ᠤ ᠳᠠᠷᠠᠭ᠎ᠠ᠂ ᠬᠥᠷᠥᠰᠥ ᠰᠢᠷᠣᠶ ᠶᠢᠨ ᠥᠩᠭᠡᠨ ᠳᠠᠪᠬᠤᠷᠭ᠎ᠠ ᠶᠢᠨ ᠤᠰᠤ ᠠᠭᠤᠯᠬᠤ ᠨᠣᠷᠮ᠎ᠠ ᠨᠢ ᠤᠯᠠᠮᠵᠢᠯᠠᠯᠲᠤ ᠲᠠᠷᠢᠶᠠᠯᠠᠭ᠎ᠠ ᠠᠴᠠ 15% ᠥᠨᠳᠥᠷ ᠪᠣᠯᠵᠤ᠂ ᠬᠤᠶᠠᠷ ᠤᠳᠠᠭᠠᠨ ᠤ ᠬᠠᠪᠤᠷ ᠤᠨ ᠲᠠᠷᠢᠶᠠᠯᠠᠭ᠎ᠠ ᠶᠢᠨ ᠤᠰᠤᠯᠠᠯᠲᠠ ᠶᠢ ᠪᠠᠭᠠᠰᠬᠠᠵᠤ ᠪᠣᠯᠤᠨ᠎ᠠ︾ ᠭᠡᠵᠦ ᠭᠦᠸᠧ ᠱᠤᠸᠠᠩ ᠴᠢᠦᠸᠠᠨ ᠲᠠᠨᠢᠯᠴᠠᠭᠤᠯᠵᠦ ᠪᠠᠶᠢᠯ᠎ᠠ᠃ ᠳᠡᠷᠡ ᠵᠠᠯᠭᠠᠭᠠᠳ ︽ᠬᠢᠩᠭᠠᠨ ᠠᠶᠢᠮᠠᠭ ᠤᠨ ᠬᠡᠷᠡᠭᠵᠢᠭᠦᠯᠵᠦ ᠪᠠᠶᠢᠭ᠎ᠠ ︿ᠭᠠᠵᠠᠷ ᠤᠷᠪᠠᠭᠤᠯᠬᠤ ᠥᠬᠡᠶ᠂ ᠡᠰᠢ ᠰᠦᠷᠡᠯ ᠰᠢᠲᠠᠭᠠᠬᠤ ᠥᠬᠡᠶ᠂ ᠬᠤᠶᠠᠭ ᠳᠤᠭᠤᠯᠠᠭ᠎ᠠ ᠦᠯᠡᠳᠡᠭᠡᠬᠦ﹀ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠶᠢᠨ ᠵᠠᠭᠪᠤᠷ ᠠᠴᠠ ᠪᠣᠯᠤᠭᠰᠠᠨ ᠰᠢᠭᠤᠳ ᠬᠤᠪᠢᠷᠠᠯᠲᠠ — ᠡᠰᠢ ᠰᠦᠷᠡᠯ ᠤᠨ ᠪᠦᠷᠬᠦᠴᠡ ᠪᠠᠷ ᠳᠡᠮᠵᠢᠨ ᠤᠰᠤᠨ ᠤ ᠠᠭᠤᠷᠰᠢᠯᠲᠠ ᠶᠢ ᠪᠠᠭᠠᠰᠬᠠᠵᠤ᠂ ᠬᠠᠭᠠᠯᠪᠤᠷᠢᠯᠠᠬᠤ ᠥᠬᠡᠶ ᠪᠠᠷ ᠳᠠᠷᠢᠬᠤ ᠪᠦᠲᠦᠴᠡ ᠶᠢ ᠪᠠᠲᠤᠯᠠᠨ᠂ ᠤᠰᠤ ᠬᠤᠷᠠᠭᠤᠯᠵᠤ ᠴᠢᠬᠢᠭ ᠢ ᠬᠠᠮᠠᠭᠠᠯᠠᠨ᠂ ᠤᠰᠤ ᠶᠢ ᠠᠷᠪᠢᠯᠠᠵᠤ ᠤᠨᠠᠯᠲᠠ ᠶᠢ ᠨᠡᠮᠡᠭᠳᠡᠭᠦᠯᠬᠦ ᠶᠢᠨ ᠵᠡᠷᠭᠡ ᠳᠤ ᠨᠠᠩ ᠴᠤ ᠰᠠᠯᠬᠢ ᠶᠢ ᠬᠠᠯᠬᠠᠯᠠᠵᠤ ᠬᠥᠷᠥᠰᠥ ᠶᠢ ᠲᠣᠭᠲᠠᠪᠤᠷᠢᠵᠢᠭᠤᠯᠬᠤ ᠠᠮᠢ ᠠᠬᠤᠶ ᠶᠢᠨ ᠬᠠᠯᠬᠠᠪᠴᠢ ᠶᠢ ᠪᠠᠶᠢᠭᠤᠯᠤᠭᠰᠠᠨ ᠪᠠᠶᠢᠨ᠎ᠠ︾ ᠭᠡᠪᠡ᠃        ᠤᠢᠢᠷ᠎ᠠ ᠶᠢᠨ ᠵᠢᠯ ᠠᠴᠠ ᠨᠠᠭᠠᠰᠢ᠂ ᠬᠢᠩᠭᠠᠨ ᠠᠶᠢᠮᠠᠭ ᠤᠯᠤᠰ ᠤᠨ ᠤᠰᠤ ᠠᠷᠪᠢᠯᠠᠬᠤ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ︽ᠬᠢᠩᠭᠠᠨ ᠠᠶᠢᠮᠠᠭ ᠤᠨ ᠤᠰᠤ ᠠᠷᠪᠢᠯᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠤ᠂ ᠤᠰᠤ ᠠᠷᠪᠢᠯᠠᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠣᠨᠴᠠᠭᠠᠶᠢᠯᠠᠨ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠠᠢ᠃ ᠬᠢᠩᠭᠠᠨ ᠠᠶᠢᠮᠠᠭ ᠢᠨᠵᠧᠨᠧᠷᠢᠩ ᠤᠨ ᠤᠰᠤ ᠠᠷᠪᠢᠯᠠᠬᠤ ᠪᠠᠷ ᠭᠤᠣᠯ ᠪᠣᠯᠭᠠᠭᠰᠠᠨ᠂ ᠲᠠᠷᠢᠶᠠᠯᠠᠩ ᠤᠨ ᠮᠡᠷᠭᠡᠰᠢᠯ᠂ ᠪᠦᠲᠦᠴᠡ᠂ ᠲᠦᠷᠦᠯ ᠵᠦᠢᠯ ᠤᠨ ᠤᠰᠤ ᠠᠷᠪᠢᠯᠠᠬᠤ ᠶᠢ ᠢᠵᠢ ᠪᠦᠷᠢᠳᠦᠭᠦᠯᠦᠭᠰᠡᠨ᠂ ᠲᠣᠭᠲᠠᠴᠠ ᠶᠢᠨ ᠤᠰᠤ ᠠᠷᠪᠢᠯᠠᠬᠤ ᠪᠠᠷ ᠬᠦᠳᠦᠯᠦᠨ ᠳᠠᠭᠠᠭᠤᠯᠤᠭᠰᠠᠨ ᠶᠡᠷᠦᠩᠬᠡᠶᠢᠯᠡᠭᠰᠡᠨ ᠠᠷᠭ᠎ᠠ ᠬᠡᠮᠵᠢᠶ᠎ᠠ ᠶᠢ ᠬᠡᠷᠡᠭᠵᠢᠭᠦᠯᠵᠦ᠂ ᠲᠠᠷᠢᠶᠠᠯᠠᠩ ᠤᠨ ᠤᠰᠤ ᠬᠡᠷᠡᠭᠯᠡᠬᠦ ᠠᠷᠭ᠎ᠠ ᠬᠡᠯᠪᠡᠷᠢ ᠶᠢ ᠠᠷᠪᠢᠲᠠᠢ ᠡᠷᠴᠢᠮᠯᠢᠭ ᠪᠣᠯᠭᠠᠨ ᠬᠤᠪᠢᠷᠠᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠢ ᠪᠠᠶᠢᠭᠤᠯᠬᠤ᠂ ᠲᠠᠷᠢᠶᠠᠯᠠᠩ ᠤᠨ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠳᠤ ᠦᠯᠢᠭᠡᠷ ᠵᠢᠱᠢᠶ᠎ᠡ ᠦᠵᠡᠭᠦᠯᠪᠡ᠃        ᠲᠦᠴᠢᠦᠸᠠᠨ ᠰᠢᠶᠠᠨ ᠤ ᠲᠠᠢ ᠫᠢᠩ ᠰᠢᠶᠠᠩ ᠤᠨ ᠪᠠᠢ ᠮᠢᠶᠣᠣ ᠽᠢ ᠲᠣᠰᠬᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠥᠭᠡᠷᠡᠴᠢᠯᠡᠬᠦ ᠳᠡᠭᠡᠭᠰᠢᠯᠡᠬᠦᠯᠬᠦ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠤᠯᠠᠨ ᠰᠠᠭᠤᠷᠢ ᠪᠠᠷᠢᠯᠭ᠎ᠠ ᠶᠢᠨ ᠮᠠᠰᠢᠨ ᠮᠧᠬᠠᠨᠢᠭ ᠬᠥᠡᠭᠬᠢᠨᠡᠵᠦ᠂ ᠠᠵᠢᠯᠴᠢᠳ ᠠᠵᠢᠯ ᠢᠶᠠᠨ ᠬᠤᠪᠢᠶᠠᠷᠢᠯᠠᠨ ᠬᠠᠮᠵᠢᠯᠴᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠪᠠ᠃ ᠲᠣᠰ ᠲᠥᠷᠥᠯ ᠵᠦᠢᠯ ᠤᠨ ᠲᠣᠭᠤᠷᠢᠭ ᠲᠤ ᠭᠤᠤᠯᠳᠠᠭᠤ ᠲᠠᠷᠢᠶᠠᠨ ᠭᠠᠵᠠᠷ ᠢ ᠴᠡᠭᠴᠡᠯᠡᠨ ᠵᠠᠰᠠᠬᠤ᠂ ᠤᠰᠤᠯᠠᠬᠤ ᠪᠠ ᠤᠰᠤ ᠵᠠᠯᠠᠬᠤ᠂ ᠲᠠᠷᠢᠶᠠᠨ ᠭᠠᠵᠠᠷ ᠤᠨ ᠵᠠᠮ ᠪᠠ ᠲᠠᠷᠢᠶᠠᠨ ᠭᠠᠵᠠᠷ ᠢ ᠰᠡᠷᠭᠡᠶᠢᠯᠡᠨ ᠬᠠᠮᠠᠭᠠᠯᠠᠬᠤ ᠪᠠ ᠠᠮᠢ ᠠᠬᠤᠶ ‍ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠢᠨᠵᠧᠨᠧᠷᠢᠩ ᠪᠠᠭᠲᠠᠨ᠎ᠠ᠃        ︽ᠲᠥᠷᠥᠯ ᠵᠦᠢᠯ ᠢ ᠥᠭᠡᠷᠡᠴᠢᠯᠡᠨ ᠳᠡᠭᠡᠭᠰᠢᠯᠡᠭᠦᠯᠦᠭᠰᠡᠨ ᠤ ᠳᠠᠷᠠᠭ᠎ᠠ᠂ ᠤᠰᠤᠯᠠᠯᠲᠠ ᠶᠢᠨ ᠬᠡᠯᠪᠡᠷᠢ ᠳᠤ ᠭᠦᠢᠬᠡᠨ ᠪᠤᠯᠠᠵᠤ ᠳᠤᠰᠤᠯᠭᠠᠨ ᠤᠰᠤᠯᠠᠬᠤ᠂ ᠤᠰᠤ ᠪᠣᠷᠳᠣᠭᠤᠷ ᠢ ᠨᠢᠭᠡ ᠴᠤᠭᠴᠠᠵᠢᠭᠤᠯᠬᠤ ᠮᠡᠷᠭᠡᠵᠢᠯ ᠢ ᠬᠡᠷᠡᠭᠯᠡᠵᠦ᠂ ᠤᠰᠤᠯᠠᠯᠲᠠ ᠶᠢᠨ ᠶᠡᠷᠦᠩᠬᠡᠶ ᠤᠰᠤ ᠬᠡᠷᠡᠭᠯᠡᠬᠦ ᠬᠡᠮᠵᠢᠶ᠎ᠡ ᠨᠢ ᠵᠥᠪᠬᠡᠨ 120 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠤᠯᠠᠮᠵᠢᠯᠠᠯᠲᠤ ᠤᠰᠤᠯᠠᠯᠲᠠ ᠲᠠᠢ ᠠᠳᠠᠯᠢᠳᠬᠠᠪᠠᠯ᠂ ᠤᠰᠤ ᠠᠷᠪᠢᠯᠠᠬᠤ ᠶᠡᠷᠦᠩᠬᠡᠶ ᠬᠡᠮᠵᠢᠶ᠎ᠡ ᠨᠢ 58 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠦᠷᠴᠡᠶ︾ ᠭᠡᠵᠦ ᠲᠦᠴᠢᠦᠸᠠᠨ ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠳᠤᠪᠴᠢᠶ᠎ᠠ ᠶᠢᠨ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠠᠰᠤᠭ ᠤᠨ ᠬᠠᠷᠢᠭᠤᠴᠠᠯᠭᠠᠲᠠᠨ ᠵᠤᠤ ᠶᠠᠨ ᠲᠠᠨᠢᠯᠴᠠᠭᠤᠯᠵᠦ ᠪᠠᠶᠢᠯ᠎ᠠ᠃ ᠳᠡᠷᠡ᠄ ︽ᠡᠨᠡ ᠵᠢᠯ ᠲᠦᠴᠢᠦᠸᠠᠨ ᠰᠢᠶᠠᠨ ᠲᠠᠷᠢᠶᠠᠯᠠᠩ ᠤᠨ ᠤᠰᠤ ᠠᠷᠪᠢᠯᠠᠨ ᠦᠷ᠎ᠡ ᠠᠰᠢᠭ ᠢ ᠳᠡᠭᠡᠭᠰᠢᠯᠡᠭᠦᠯᠤᠨ ᠣᠷᠣᠯᠭ᠎ᠠ ᠶᠢ ᠨᠡᠮᠡᠭᠳᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠦᠷᠭᠡᠳᠭᠡᠨ᠎ᠠ︾ ᠭᠡᠪᠡ᠃        ᠪᠦᠷᠢᠳᠭᠡᠯ ᠢ ᠦᠨᠳᠦᠰᠦᠯᠡᠪᠡᠯ᠂ 2024 ᠣᠨ ᠳᠤ᠂ ᠢᠨᠵᠧᠨᠧᠷᠢᠩ ᠤᠨ ᠤᠰᠤ ᠠᠷᠪᠢᠯᠠᠬᠤ ᠲᠠᠯ᠎ᠠ ᠪᠠᠷ᠂ ᠬᠢᠩᠭᠠᠨ ᠠᠶᠢᠮᠠᠭ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠲᠠᠢ ᠤᠶᠠᠯᠳᠤᠭᠤᠯᠤᠨ᠂ ᠥᠨᠳᠥᠷ ᠪᠦᠲᠦᠮᠵᠢᠲᠡᠶ ᠤᠰᠤ ᠠᠷᠪᠢᠯᠠᠬᠤ ᠢᠨᠵᠧᠨᠧᠷᠢᠩ ᠢ 77 ᠲᠦᠮᠡᠨ ᠮᠥ ᠰᠢᠨ᠎ᠡ ᠪᠠᠷ ᠨᠡᠮᠡᠭᠳᠡᠭᠦᠯᠪᠡ︔ ᠲᠠᠷᠢᠶᠠᠯᠠᠩ ᠤᠨ ᠮᠡᠷᠭᠡᠵᠢᠯ ᠤᠨ ᠤᠰᠤ ᠠᠷᠪᠢᠯᠠᠬᠤ ᠲᠠᠯ᠎ᠠ ᠪᠠᠷ᠂ ᠡᠷᠳᠡᠨᠢ ᠰᠢᠰᠢ᠂ ᠰᠢᠷ᠎ᠠ ᠪᠤᠷᠴᠠᠭ ᠵᠡᠷᠭᠡ ᠲᠠᠷᠢᠮᠠᠯ ᠢᠶᠠᠷ ᠭᠤᠤᠯᠳᠠᠯᠭ᠎ᠠ ᠪᠣᠯᠭᠠᠵᠤ᠂ ᠤᠰᠤ ᠪᠣᠷᠳᠣᠭᠤᠷ ᠢ ᠨᠢᠭᠡ ᠴᠤᠭᠴᠠᠵᠢᠭᠤᠯᠬᠤ ᠮᠡᠷᠭᠡᠵᠢᠯ ᠢ ᠳᠡᠯᠭᠡᠷᠡᠭᠦᠯᠦᠨ ᠬᠡᠷᠡᠭᠯᠡᠭᠰᠡᠨ ᠨᠢ 319.46 ᠲᠦᠮᠡᠨ ᠮᠤ᠋ ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 11.59% ᠪᠠᠷ ᠨᠡᠮᠡᠭᠳᠡᠪᠡ︔ ᠪᠦᠲᠦᠴᠡ ᠶᠢᠨ ᠤᠰᠤ ᠠᠷᠪᠢᠯᠠᠬᠤ ᠲᠠᠯ᠎ᠠ ᠪᠠᠷ᠂ ᠠᠮᠤ ᠪᠤᠳᠠᠭᠠᠨ ᠤ ᠲᠠᠷᠢᠮᠠᠯ ᠤᠨ ᠪᠦᠲᠦᠴᠡ ᠶᠢ ᠳᠣᠭᠢᠷᠠᠭᠤᠯᠤᠨ ᠰᠢᠯᠢᠳᠡᠭᠵᠢᠭᠦᠯᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠰᠢᠷ᠎ᠠ ᠪᠤᠷᠴᠠᠭ᠂ ᠨᠠᠷᠢᠮᠤ ᠵᠡᠷᠭᠡ ᠤᠰᠤ ᠪᠠᠭ᠎ᠠ ᠬᠤᠷᠣᠭᠳᠠᠭᠤᠯᠬᠤ ᠲᠠᠷᠢᠮᠠᠯ ᠢ ᠥᠷᠭᠡᠳᠭᠡᠵᠦ᠂ ᠰᠢᠷ᠎ᠠ ᠪᠤᠷᠴᠠᠭ ᠳᠠᠷᠢᠬᠤ ᠲᠠᠯᠠᠪᠠᠶ 229.41 ᠲᠦᠮᠡᠨ ᠮᠥ ᠳᠤ ᠬᠦᠷᠴᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2.69% ᠪᠠᠷ ᠨᠡᠮᠡᠭᠳᠡᠪᠡ︔ ᠬᠠᠭᠤᠷᠠᠶ ᠲᠠᠷᠢᠶᠠᠯᠠᠭ᠎ᠠ ᠶᠢᠨ ᠤᠰᠤ ᠠᠷᠪᠢᠯᠠᠬᠤ ᠲᠠᠯ᠎ᠠ ᠪᠠᠷ᠂ ᠬᠠᠭᠤᠷᠠᠶ ᠲᠠᠷᠢᠶᠠᠯᠠᠭ᠎ᠠ ᠶᠢᠨ ᠣᠷᠣᠨ ᠳᠤ ᠭᠦᠨ ᠬᠠᠭᠠᠯᠪᠤᠷᠢᠯᠠᠵᠤ ᠭᠦᠨ ᠰᠤᠯᠠᠷᠠᠭᠤᠯᠬᠤ᠂ ᠡᠰᠢ ᠰᠦᠷᠡᠯ ᠤᠨ ᠪᠦᠷᠬᠦᠴᠡ ᠶᠢ ᠬᠠᠭᠠᠯᠪᠤᠷᠢᠯᠠᠬᠤ ᠥᠬᠡᠶ ᠪᠠᠷ ᠳᠠᠷᠢᠬᠤ᠂ ᠣᠷᠭᠠᠨᠢᠭ ᠪᠣᠷᠲᠣᠭᠤᠷ ᠣᠷᠣᠭᠤᠯᠬᠤ ᠪᠠ ᠰᠦᠯᠢᠶᠣᠣ ᠪᠦᠷᠬᠦᠪᠴᠢ ᠶᠢ ᠪᠦᠷᠬᠦᠬᠦ ᠵᠡᠷᠭᠡ ᠬᠥᠷᠥᠰᠥ ᠰᠢᠷᠣᠶ ᠶᠢ ᠰᠠᠶᠢᠵᠢᠷᠠᠭᠤᠯᠬᠤ᠂ ᠤᠰᠤ ᠬᠠᠳᠠᠭᠠᠯᠠᠵᠤ ᠴᠢᠬᠢᠭ ᠢ ᠬᠠᠮᠠᠭᠠᠯᠠᠬᠤ ᠮᠡᠷᠭᠡᠵᠢᠯ ᠢ ᠶᠡᠭᠡ ᠪᠠᠷ ᠳᠡᠯᠭᠡᠷᠡᠭᠦᠯᠵᠠᠢ᠃        ᠪᠠᠷᠢᠯᠭ᠎ᠠ ᠶᠢᠨ ᠳᠦᠷᠦᠯ ᠵᠦᠢᠯ ᠢ ᠡᠷᠲᠡ ᠡᠬᠢᠯᠡᠭᠦᠯᠵᠦ᠂ ᠤᠰᠤ ᠶᠢ ᠠᠷᠪᠢᠯᠠᠬᠤ ᠭᠡᠪᠡᠯ ᠡᠷᠲᠡ ᠪᠦᠳᠦᠭᠡᠨ ᠪᠠᠶᠢᠭᠤᠯᠤᠨ᠎ᠠ᠃ ᠡᠨᠡ ᠵᠢᠯ ᠤᠨ ᠬᠠᠪᠤᠷ᠂ ᠬᠢᠩᠭᠠᠨ ᠠᠶᠢᠮᠠᠭ ᠤᠰᠤ ᠠᠷᠪᠢᠯᠠᠬᠤ ᠲᠠᠷᠢᠶᠠᠯᠠᠩ ᠤᠨ ᠰᠢᠨ᠎ᠡ ᠵᠢᠷᠤᠭ ᠲᠥᠰᠦᠪ ᠢ ᠲᠦᠷᠭᠡᠪᠴᠢᠯᠡᠨ ᠵᠢᠷᠤᠭᠯᠠᠪᠠ᠃ 65 ᠲᠦᠮᠡᠨ ᠮᠥ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠢᠨᠵᠧᠨᠧᠷᠢᠩ ᠢ ᠰᠢᠨ᠎ᠡ ᠪᠠᠷ ᠪᠠᠶᠢᠭᠤᠯᠬᠤ ᠪᠠᠷ ᠲᠥᠯᠥᠪᠯᠡᠵᠦ᠂ ᠥᠨᠳᠥᠷ ᠪᠠᠷᠢᠮᠵᠢᠶᠠᠲᠤ ᠤᠰᠤ ᠠᠷᠪᠢᠯᠠᠬᠤ ᠵᠢᠱᠢᠶ᠎ᠡ ᠦᠵᠡᠭᠦᠯᠬᠦ ᠣᠷᠣᠨ ᠢ 4 ᠪᠠᠶᠢᠭᠤᠯᠵᠤ᠂ 30 ᠲᠦᠮᠡᠨ ᠮᠤ᠋ ᠬᠤᠭᠤᠯᠠᠶ ᠪᠠᠷ ᠤᠰᠤᠯᠠᠵᠦ ᠪᠠᠶᠢᠭᠰᠠᠨ ᠢ ᠳᠤᠰᠤᠯᠭᠠᠨ ᠤᠰᠤᠯᠠᠬᠤ ᠪᠣᠯᠭᠠᠨ ᠥᠭᠡᠷᠡᠴᠢᠯᠡᠵᠥ᠂ ᠤᠰᠤᠨ ᠤ ᠬᠤᠷᠣᠭᠳᠠᠯ ᠶᠡᠬᠡᠲᠡᠶ ᠲᠠᠷᠢᠮᠠᠯ ᠢ 5 ᠲᠦᠮᠡᠨ ᠮᠤ᠋ ᠪᠠᠭᠠᠰᠬᠠᠨ᠂ ᠤᠰᠦ ᠠᠷᠪᠢᠯᠠᠬᠤ ᠳᠠᠷᠢᠮᠠᠯ ᠤᠨ ᠳᠦᠷᠦᠯ ᠵᠦᠢᠯ ᠢ 10 ᠲᠦᠮᠡᠨ ᠮᠤ᠋ ᠦᠷᠭᠡᠳᠭᠡᠵᠦ᠂ 85 ᠲᠦᠮᠡᠨ ᠮᠤ᠋ ᠤᠰᠤ ᠪᠣᠷᠳᠣᠭᠤᠷ ᠢ ᠰᠢᠨ᠎ᠡ ᠪᠠᠷ ᠨᠢᠭᠡ ᠴᠤᠭᠴᠠᠵᠢᠭᠤᠯᠤᠨ᠂ 0.72 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠰᠤ ᠠᠷᠪᠢᠯᠠᠬᠤ ᠴᠢᠳᠠᠪᠤᠷᠢ ᠶᠢ ᠰᠢᠨ᠎ᠡ ᠪᠠᠷ ᠨᠡᠮᠡᠭᠳᠡᠭᠦᠯᠵᠦ᠂ ᠪᠥᠬᠦ ᠠᠶᠢᠮᠠᠭ ᠤᠨ ᠲᠠᠷᠢᠶᠠᠯᠠᠩ ᠤᠨ ᠤᠰᠤ ᠬᠡᠷᠡᠭᠯᠡᠬᠦ ᠠᠷᠭ᠎ᠠ ᠮᠠᠶ᠋ᠢᠭ ᠢ ᠠᠷᠪᠢᠲᠠᠶ ᠡᠷᠴᠢᠮᠯᠢᠭ ᠳᠠᠰᠢ ᠬᠤᠪᠢᠷᠠᠭᠤᠯᠬᠤ ᠶᠢ ᠪᠥᠬᠦ ᠲᠠᠯ᠎ᠠ ᠪᠠᠷ ᠠᠬᠢᠭᠤᠯᠵᠠᠢ᠃        ᠤᠳᠥ ᠬᠢᠩᠭᠠᠨ ᠠᠶᠢᠮᠠᠭ ᠤᠨ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠶᠢᠨ ᠲᠠᠯᠠᠪᠠᠶ ᠨᠢᠭᠡᠨᠲᠡ 1265.7 ᠲᠦᠮᠡᠨ ᠮᠤ᠋ ᠳᠤ ᠬᠦᠷᠴᠦ᠂ ᠭᠠᠩ ᠬᠠᠭᠰᠠᠷᠠᠭᠠᠨ ᠳᠤ ᠳᠡᠰᠪᠤᠷᠢᠳᠠᠢ ᠰᠢᠨ᠎ᠡ ᠳᠠᠷᠢᠮᠠᠯ ᠤᠨ ᠡᠭᠦᠯᠳᠡᠷ ᠢ 100 ᠲᠦᠮᠡᠨ ᠮᠤ᠋ ᠳᠡᠯᠭᠡᠷᠡᠭᠦᠯᠵᠡᠶ᠃ ᠳᠤᠰ ᠤᠳᠠᠭ᠎ᠠ ᠶᠢᠨ ᠤᠰᠤ ᠠᠷᠪᠢᠯᠠᠬᠤ ᠬᠤᠪᠢᠰᠤᠯᠲᠠ ᠨᠢ ᠬᠢᠩᠭᠠᠨ ᠠᠶᠢᠮᠠᠭ ᠤᠨ ᠬᠥᠳᠡᠭᠡ ᠠᠵᠤ ᠠᠬᠤᠢ ᠶᠢᠨ ᠠᠮᠢ ᠠᠬᠤᠢ ᠣᠷᠴᠢᠨ ᠲᠣᠭᠤᠷᠢᠨ ᠢ ᠮᠡᠳᠡᠭᠳᠡᠮ᠎ᠡ ᠰᠠᠶᠢᠵᠢᠷᠠᠭᠤᠯᠪᠠ᠃ ᠡᠨᠡᠬᠦ ᠭᠠᠵᠠᠷ ᠰᠢᠷᠣᠢ ᠶᠢᠨ ︽ᠤᠰᠤᠨ ᠲᠠᠩᠰᠠ︾ ᠨᠢ ᠠᠮᠢ ᠠᠬᠤᠢ ᠶᠢᠨ ᠲᠠᠩᠰᠠ ᠶᠢ ᠪᠤᠳᠤᠨ ᠭᠠᠷᠭᠠᠵᠤ᠂ ᠠᠮᠢ ᠠᠬᠤᠢ ᠶᠢᠨ ᠬᠠᠮᠠᠭᠠᠯᠠᠯᠲᠠ ᠪᠣᠯᠤᠨ ᠠᠵᠤ ᠠᠬᠤᠢ ᠶᠢᠨ ᠬᠥᠭᠵᠢᠯᠲᠡ ᠶᠢᠨ ᠬᠠᠮᠲᠤᠪᠠᠷ ᠠᠰᠢᠭ ᠬᠦᠷᠳᠡᠬᠦ ᠵᠠᠮ ᠢ ᠨᠡᠭᠡᠭᠡᠪᠡ᠃ · ᠯᠢ ᠤᠭ᠍ᠶᠦ ·
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号