ᠬᠢᠩᠭᠠᠨ ᠠᠶᠢᠮᠠᠭ ︽ᠠᠶᠠᠯᠭᠤᠳᠦ ᠵᠢᠭᠤᠯᠴᠢᠯᠠᠯ ᠥᠪᠥᠷ ᠮᠣᠩᠭᠤᠯ︾ ᠨᠠᠷᠠᠲᠤ ᠲᠥᠷᠥᠯ ᠳᠡᠮᠳᠡᠭ ᠤᠨ ᠪᠠᠶᠢᠭᠤᠯᠤᠯᠲᠠ ᠶᠢᠨ ᠪᠣᠯᠪᠠᠰᠤᠷᠠᠯ ᠤᠨ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2025/4/24
        4 ᠰᠠᠷ᠎ᠠ ᠶᠢᠨ 15 ᠤ ᠡᠳᠦᠷ᠂ ᠬᠢᠩᠭᠠᠨ ᠠᠶᠢᠮᠠᠭ ︽ᠠᠶᠠᠯᠭᠤᠳᠦ ᠵᠢᠭᠤᠯᠴᠢᠯᠠᠯ ᠥᠪᠥᠷ ᠮᠣᠩᠭᠤᠯ︾ ᠨᠡᠷᠡᠳᠦ ᠲᠦᠷᠦᠯ ᠲᠡᠮᠳᠡᠭ ᠤᠨ ᠪᠠᠶᠢᠭᠤᠯᠤᠯᠲᠠ ᠶᠢᠨ ᠪᠣᠯᠪᠠᠰᠤᠷᠠᠯ ᠤᠨ ᠬᠤᠷᠠᠯ ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠭᠡᠰᠢᠭᠦᠨ᠂ ᠡᠯ᠎ᠡ ᠬᠤᠰᠢᠭᠤ ᠰᠢᠶᠠᠨ ᠬᠤᠲᠠ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠵᠢᠴᠢ ᠪᠥᠬᠦ ᠠᠶᠢᠮᠠᠭ ᠤᠨ ᠰᠣᠶᠣᠯ ᠵᠢᠭᠤᠯᠴᠢᠯᠠᠯ ᠤᠨ ᠰᠢᠰᠲ᠋ᠧᠮ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠣᠯᠪᠠᠰᠤᠷᠠᠯ ᠳᠤ ᠣᠷᠣᠯᠴᠠᠪᠠ᠃        ᠪᠣᠯᠪᠠᠰᠤᠷᠠᠯ ᠤᠨ ᠬᠤᠷᠠᠯ ᠳᠤ᠂ ︽ᠠᠶᠠᠯᠭᠤᠳᠦ ᠵᠢᠭᠤᠯᠴᠢᠯᠠᠯ ᠥᠪᠥᠷ ᠮᠣᠩᠭᠤᠯ︾ ᠨᠡᠷᠡᠳᠦ ᠲᠦᠷᠦᠯ ᠲᠡᠮᠳᠡᠭ ᠤᠨ ᠪᠠᠶᠢᠭᠤᠯᠤᠯᠲᠠ ᠶᠢᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠳᠠᠷᠤᠭ᠎ᠠ ᠢᠦᠢ ᠴᠥᠩ᠂ ︽ᠠᠶᠠᠯᠭᠤᠳᠦ ᠵᠢᠭᠤᠯᠴᠢᠯᠠᠯ ᠥᠪᠥᠷ ᠮᠣᠩᠭᠤᠯ︾ ᠤᠨ ᠣᠷᠣᠨ ᠪᠦᠰᠡ ᠶᠢᠨ ᠰᠣᠶᠣᠯ ᠵᠢᠭᠤᠯᠴᠢᠯᠠᠯ ᠤᠨ ᠲᠦᠷᠦᠯ ᠲᠡᠮᠳᠡᠭ ᠤᠨ ᠠᠭᠤᠯᠤᠭᠳᠠᠬᠤᠨ ᠪᠠ ᠪᠠᠶᠢᠷᠢ ᠲᠣᠭᠲᠠᠭᠠᠯᠲᠠ᠂ ᠲᠦᠷᠦᠯ ᠲᠡᠮᠳᠡᠭ ᠤᠨ ᠡᠭᠦᠳᠦᠯᠲᠡ ᠶᠢᠨ ᠪᠣᠳᠠᠲᠠᠢ ᠠᠷᠭ᠎ᠠ ᠵᠠᠮ ᠵᠡᠷᠭᠡ ᠠᠭᠤᠯᠭ᠎ᠠ ᠶᠢᠨ ᠲᠣᠭᠤᠷᠢᠨ ᠳᠤ᠂ ᠤᠨᠤᠯ ᠤᠨ ᠲᠠᠶᠢᠯᠤᠮᠵᠢ᠂ ᠰᠣᠩᠭᠤᠳᠠᠭ ᠬᠡᠷᠡᠭ ᠤᠨ ᠵᠢᠱᠢᠶ᠎ᠡ ᠶᠢᠨ ᠵᠠᠳᠠᠯᠤᠯᠲᠠ ᠵᠢᠴᠢ ᠪᠣᠳᠠᠲᠠᠢ ᠠᠵᠢᠯᠯᠠᠭᠠᠨ ᠤ ᠦᠵᠡᠭᠦᠯᠭᠡ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠲᠤᠰᠬᠠᠢ ᠰᠡᠳᠦᠪᠲᠦ ᠪᠣᠯᠪᠠᠰᠤᠷᠠᠯ ᠬᠢᠵᠡᠢ᠃ ᠪᠣᠯᠪᠠᠰᠤᠷᠠᠯ ᠤᠨ ᠭᠤᠤᠯ ᠰᠡᠳᠦᠪ ᠨᠢ ᠢᠯᠡ ᠲᠣᠳᠣ᠂ ᠠᠭᠤᠯᠭ᠎ᠠ ᠨᠢ ᠨᠠᠷᠢᠨ ᠪᠣᠳᠠᠲᠠᠶ ᠪᠠᠶᠢᠵᠤ᠂ ᠪᠥᠬᠦ ᠠᠶᠢᠮᠠᠭ ᠤᠨ ᠰᠣᠶᠣᠯ ᠵᠢᠭᠤᠯᠴᠢᠯᠠᠯ ᠤᠨ ᠨᠠᠷᠠᠲᠤ ᠲᠥᠷᠥᠯ ᠳᠡᠮᠳᠡᠭ ᠤᠨ ᠨᠥᠯᠥᠭᠡᠯᠡᠬᠦ ᠬᠦᠴᠦᠨ ᠪᠠ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠬᠦ᠂ ᠨᠠᠷᠠᠲᠤ ᠲᠥᠷᠥᠯ ᠳᠡᠮᠳᠡᠭ ᠤᠨ ᠦᠢᠯᠡᠳᠦᠯ ᠢ ᠲᠠᠰᠤᠷᠠᠯᠲᠠ ᠥᠬᠡᠶ ᠥᠷᠭᠡᠳᠭᠡᠬᠦ ᠳᠤ ᠬᠦᠴᠦᠲᠡᠶ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃        ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠤᠷᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠪᠠᠰᠤᠷᠠᠯ ᠤᠨ ᠠᠭᠤᠯᠭ᠎ᠠ ᠶᠢ ᠨᠠᠷᠢᠨ ᠬᠢᠨᠠᠮᠠᠭᠠᠢ ᠣᠶᠢᠯᠠᠭᠠᠵᠤ᠂ ᠪᠣᠳᠠᠲᠠᠢ ᠠᠵᠢᠯ ᠲᠠᠢ ᠪᠠᠨ ᠤᠶᠠᠯᠳᠤᠭᠤᠯᠵᠤ᠂ ᠦᠵᠡᠯ ᠰᠠᠨᠠᠭ᠎ᠠ ᠪᠠᠨ ᠴᠢᠯᠥᠭᠡᠯᠡᠵᠦ᠂ ᠴᠣ ᠰᠢᠨ᠎ᠡ ᠠᠴᠢᠶᠠᠯᠠᠪᠤᠷᠢ ᠶᠢ ᠢᠳᠡᠪᠬᠢᠲᠡᠢ ᠡᠭᠦᠳᠴᠦ᠂ ᠬᠥᠭᠵᠢᠯᠲᠡ ᠶᠢᠨ ᠰᠢᠨ᠎ᠡ ᠰᠢᠪᠲᠤᠯᠤᠯᠲᠠ ᠶᠢ ᠡᠷᠢᠯᠬᠢᠯᠡᠬᠦ ᠬᠡᠷᠡᠭᠲᠡᠢ᠃ ᠢᠯᠠᠩᠭᠤᠶ᠎ᠠ ︽ᠠᠶᠠᠯᠭᠤᠳᠦ ᠵᠢᠭᠤᠯᠴᠢᠯᠠᠯ ᠥᠪᠥᠷ ᠮᠤᠩᠭᠤᠯ︾  ᠤᠨ ᠠᠵᠢᠯᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠷᠡᠰ ᠵᠣᠷᠢᠭ ᠪᠠ ᠥᠨᠳᠥᠷ ᠪᠦᠲᠦᠮᠵᠢᠲᠡᠶ ᠠᠵᠢᠯᠯᠠᠭ᠎ᠠ ᠪᠠᠷ ᠨᠠᠷᠠᠲᠤ ᠲᠥᠷᠥᠯ ᠳᠡᠮᠳᠡᠭ ᠤᠨ ᠪᠠᠶᠢᠭᠤᠯᠤᠯᠲᠠ ᠶᠢᠨ ᠠᠵᠢᠯ ᠢ ᠨᠠᠶᠢᠳᠠᠪᠤᠷᠢᠵᠢᠭᠤᠯᠵᠤ᠂ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠤᠨ ᠦᠢᠯᠡᠰ ᠤᠨ ᠥᠷᠨᠢᠩᠭᠦᠶ ᠬᠥᠭᠵᠢᠯᠲᠡ ᠳᠤ ᠬᠦᠴᠦᠨ ᠨᠡᠮᠡᠷᠢᠯᠡᠵᠦ᠂ ︽ᠠᠶᠠᠯᠭᠤᠳᠦ ᠵᠢᠭᠤᠯᠴᠢᠯᠠᠯ ᠥᠪᠥᠷ ᠮᠣᠩᠭᠤᠯ︾ ᠨᠠᠷᠠᠲᠤ ᠲᠥᠷᠥᠯ ᠳᠡᠮᠳᠡᠭ ᠤᠨ ᠳᠠᠭᠠᠭᠤᠯᠭ᠎ᠠ ᠳᠣᠤᠷ᠎ᠠ᠂ ᠨᠠᠩ ᠣᠯᠠᠨ ᠵᠢᠭᠤᠯᠴᠢᠯᠠᠭᠴᠢᠳ ᠲᠤ ᠤᠮᠠᠷᠠᠲᠤ ᠶᠢᠨ ᠥᠩᠭᠡ ᠦᠵᠡᠮᠵᠢ ᠪᠠ ᠰᠣᠶᠣᠯ ᠢ ᠣᠶᠢᠯᠠᠭᠠᠭᠤᠯᠬᠤ ᠪᠠᠷ ᠴᠢᠷᠮᠠᠶᠢᠬᠤ ᠬᠡᠷᠡᠭᠲᠡᠶ ᠭᠡᠪᠡ᠃ ︵ᠨᠢᠩᠵᠢᠨ ᠪᠢᠯᠢᠭ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号