| 4 ᠰᠠᠷ᠎ᠠ ᠶᠢᠨ 20 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠰᠦᠬᠡ | ᠠᠶᠢᠮᠠᠭ ᠤᠨ ᠭᠠᠯ ᠰᠡᠷᠬᠡᠶᠢᠯᠡᠵᠦ ᠭᠠᠯ ᠤᠨᠳᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠬᠢ ᠳᠤ ᠰᠢᠨᠵᠢᠯᠡᠨ | ᠪᠠᠶᠢᠴᠠᠭᠠᠯᠳᠠ ᠬᠢᠵᠦ᠂ ᠭᠠᠯ ᠰᠡᠷᠬᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ᠂ ᠲᠤᠰᠬᠠᠢ ᠮᠡᠷᠭᠡᠵᠢᠯ ᠤᠨ | ᠡᠩᠨᠡᠭᠡ ᠪᠣᠯᠤᠨ ᠤᠶᠤᠨᠴᠢᠯᠠᠭᠰᠠᠨ ᠪᠠᠶᠢᠭᠤᠯᠤᠯᠲᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠪᠠ᠃ | ᠰᠦᠬᠡ ᠬᠡᠯᠡᠭᠰᠡᠨ ᠨᠢ᠂ ᠭᠠᠯ ᠰᠡᠷᠬᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠡᠩᠨᠡᠭᠡ ᠪᠣᠯ ᠣᠯᠠᠨ | ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠴᠢᠬᠤᠯᠠ ᠬᠦᠴᠦᠨ ᠮᠥᠨ᠂ ︽ | ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ | ᠪᠣᠳᠠᠲᠤ ᠲᠡᠶᠢᠨ ᠤ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠣᠳᠣᠬᠢᠴᠢᠯᠠᠭᠰᠠᠨ ᠲᠣᠨᠤᠭ | ᠲᠥᠬᠦᠭᠡᠷᠦᠮᠵᠢ ᠶᠢᠨ ᠲᠣᠬᠢᠷᠠᠭᠤᠯᠤᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠷᠡᠭᠯᠡᠯᠲᠡ ᠶᠢ ᠤᠯᠠᠮ | ᠨᠢᠭᠡ ᠠᠯᠬᠤᠮ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ ᠶᠢ ᠰᠢᠯᠢᠳᠡᠭᠵᠢᠭᠦᠯᠵᠤ᠂ | ᠲᠤᠰᠬᠠᠶᠢᠵᠢᠭᠰᠠᠨ᠂ ᠵᠢᠷᠤᠮᠵᠢᠭᠰᠠᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠡᠩᠨᠡᠭᠡᠨ ᠤ | ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠳᠦᠷ ᠳᠤᠳᠤᠮ ᠤᠨ ᠪᠣᠯᠪᠠᠰᠤᠷᠠᠯ ᠪᠣᠯᠤᠨ | ᠪᠣᠳᠠᠲᠤ ᠪᠠᠶᠢᠯᠳᠤᠭᠠᠨ ᠤ ᠰᠣᠷᠢᠯᠲᠠ ᠶᠢ ᠴᠢᠩᠭᠠᠳᠬᠠᠵᠤ᠂ ᠶᠡᠷᠦᠩᠬᠡᠶᠢᠯᠡᠭᠰᠡᠨ ᠠᠪᠤᠷᠠᠨ ᠲᠤᠰᠠᠯᠠᠬᠤ ᠴᠢᠳᠠᠪᠤᠷᠢ ᠶᠢ | ᠪᠦᠬᠦ ᠲᠠᠯ᠎ᠠ ᠪᠠᠷ ᠳᠡᠭᠡᠭᠰᠢᠯᠡᠭᠦᠯᠵᠦ᠂ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ᠂ ᠴᠢᠳᠠᠪᠤᠷᠢ ᠰᠠᠶᠢᠲᠠᠢ ᠭᠠᠯ | ᠰᠡᠷᠬᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠡᠮᠤᠷ ᠴᠡᠷᠢᠭ ᠢ ᠳᠠᠪᠲᠠᠨ ᠪᠣᠯᠪᠠᠰᠤᠷᠠᠭᠤᠯᠬᠤ ᠬᠡᠷᠡᠭᠲᠡᠢ᠃ | ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠴᠢᠩᠭᠠᠳᠬᠠᠵᠤ᠂ ᠬᠢᠩᠭᠠᠨ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠶᠢᠨ ᠭᠠᠯ ᠰᠡᠷᠬᠡᠶᠢᠯᠡᠵᠦ ᠭᠠᠯ ᠤᠨᠲᠠᠷᠠᠭᠠᠬᠤ ᠠᠵᠤ ᠦᠢᠯᠡᠰ ᠤᠨ ᠳᠡᠭᠡᠳᠦ ᠰᠤᠷᠭᠠᠭᠤᠯᠢ ᠲᠠᠢ | ᠵᠣᠯᠭᠠᠭᠤᠯᠤᠨ ᠬᠠᠮᠵᠢᠯᠴᠠᠬᠤ ᠶᠢ ᠭᠦᠨᠵᠡᠭᠡᠶᠢᠷᠡᠭᠦᠯᠦᠨ᠂ ᠭᠠᠯ ᠰᠡᠷᠬᠡᠶᠢᠯᠡᠵᠦ ᠭᠠᠯ ᠤᠨᠲᠠᠷᠠᠭᠠᠬᠤ ᠠᠵᠢᠯ ᠮᠡᠷᠭᠡᠵᠢᠯ ᠤᠨ | ᠤᠷ᠎ᠠ ᠴᠢᠳᠠᠪᠤᠷᠢ ᠶᠢᠨ ᠬᠢᠨᠠᠨ ᠲᠣᠭᠲᠠᠭᠠᠯᠲᠠ ᠬᠢᠭᠡᠳ ᠳᠡᠭᠡᠳᠦ ᠰᠤᠷᠭᠠᠭᠤᠯᠢ ᠶᠢᠨ ᠭᠠᠯ ᠰᠡᠷᠬᠡᠶᠢᠯᠡᠵᠦ ᠭᠠᠯ | ᠤᠨᠲᠠᠷᠠᠭᠠᠬᠤ ᠪᠣᠯᠪᠠᠰᠤᠷᠠᠯ ᠤᠨ ᠭᠦᠨᠵᠡᠭᠡᠶ ᠠᠭᠤᠰᠤᠯᠴᠠᠬᠤ ᠶᠢ ᠠᠬᠢᠭᠤᠯᠵᠤ᠂ ︽ᠵᠢᠭᠠᠨ ᠰᠤᠷᠭᠠᠬᠤ — ᠪᠣᠳᠠᠲᠠᠶ | ᠪᠣᠯᠪᠠᠰᠤᠷᠠᠭᠤᠯᠬᠤ — ᠬᠢᠨᠠᠨ ᠲᠣᠭᠲᠠᠭᠠᠬᠤ︾ ᠶᠢ ᠨᠢᠭᠡ ᠴᠤᠭᠴᠠᠵᠢᠭᠤᠯᠤᠨ ᠬᠥᠮᠦᠵᠢᠭᠦᠯᠬᠦ ᠰᠢᠰᠲ᠋ᠧᠮ ᠢ | ᠪᠠᠶᠢᠭᠤᠯᠵᠤ᠂ ᠡᠬᠢ ᠪᠠᠶᠠᠯᠢᠭ ᠢ ᠬᠠᠮᠲᠤᠪᠠᠷ ᠭᠥᠷᠳᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠮᠵᠢᠯᠴᠠᠨ | ᠬᠥᠮᠦᠨ ᠬᠥᠮᠦᠵᠢᠭᠦᠯᠬᠦ ᠶᠢ ᠪᠡᠶᠡᠯᠡᠭᠦᠯᠬᠦ ᠬᠡᠷᠡᠭᠲᠡᠶ᠃ ᠭᠠᠯ ᠰᠡᠷᠬᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ | ᠴᠢᠩᠭᠠᠳᠬᠠᠨ᠂ ᠭᠠᠯ ᠰᠡᠷᠬᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ | ᠥᠷᠭᠡᠨ ᠢᠶᠠᠷ ᠥᠷᠨᠢᠭᠦᠯᠵᠦ᠂ ᠭᠠᠯ ᠰᠡᠷᠬᠡᠶᠢᠯᠡᠵᠦ ᠭᠠᠯ ᠤᠨᠲᠠᠷᠠᠭᠠᠬᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ | ᠬᠢᠨᠠᠨ ᠲᠣᠭᠲᠠᠭᠠᠬᠤ ᠥᠷᠲᠡᠭᠡ ᠶᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠪᠥᠬᠦ ᠨᠡᠶᠢᠭᠡᠮ ᠤᠨ ᠭᠠᠯ | ᠰᠡᠷᠬᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ᠂ | ᠴᠢᠨᠠᠷ ᠰᠠᠶᠢᠲᠠᠶ ᠬᠥᠭᠵᠢᠯᠲᠡ ᠳᠤ ᠠᠮᠤᠷ ᠲᠦᠪᠰᠢᠨ ᠲᠣᠭᠲᠠᠭᠤᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ | ᠭᠡᠪᠡ᠃ | ᠠᠶᠢᠮᠠᠭ ᠤᠨ ᠤᠳᠤᠷᠢᠳᠤᠯᠭ᠎ᠠ ᠬᠥ᠋ ᠯᠢ ᠮᠢᠨ᠂ ᠯᠢᠶᠠᠩ ᠶᠠᠨ ᠵᠢᠶᠦ᠋ᠨ ᠰᠢᠨᠵᠢᠯᠡᠨ ᠪᠠᠶᠢᠴᠠᠭᠠᠯᠳᠠ ᠳᠤ | ᠣᠷᠣᠯᠴᠠᠪᠠ᠃ ︵ᠬᠠᠨ ᠸᠧᠨ ᠪᠢᠨ ᠯᠢ ᠤᠭ᠍ᠶᠦ︶ | | | | |