| 4 ᠰᠠᠷ᠎ᠠ ᠶᠢᠨ 21 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠰᠦᠬᠡ | ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠢᠶᠠᠷ ᠭᠦᠨᠵᠡᠭᠡᠶᠢᠷᠡᠨ᠂ ︽ᠵᠢᠷᠭᠤᠭᠠᠨ | ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ ᠶᠢ ᠰᠢᠨᠵᠢᠯᠡᠨ ᠪᠠᠶᠢᠴᠠᠭᠠᠵᠦ ᠬᠢᠨᠠᠨ ᠵᠢᠯᠣᠭᠤᠳᠬᠤ ᠶᠢᠨ ᠬᠠᠮᠲᠤ | ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠠᠵᠢᠯ ᠢᠶᠠᠨ ᠠᠬᠢᠭᠤᠯᠤᠭᠰᠠᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠲᠤᠬᠠᠶ ᠶᠢᠨ ᠲᠠᠯᠠᠪᠤᠷ ᠲᠤ ᠠᠯᠪᠠᠯᠠᠵᠤ ᠬᠦᠴᠢᠷ ᠲᠦᠪᠡᠭᠲᠡᠶ ᠠᠰᠠᠭᠤᠳᠠᠯ ᠢ | ᠰᠤᠳᠤᠯᠤᠨ ᠰᠢᠢᠳᠪᠦᠷᠢᠯᠡᠪᠡ᠃ | ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠰᠦᠬᠡ ᠴᠢᠬᠤᠯᠠ ᠶᠡᠭᠡ ᠲᠦᠷᠦᠯ | ᠵᠦᠢᠯ ᠢ ᠲᠥᠯᠥᠪᠵᠢᠭᠦᠯᠬᠦ ᠠᠵᠢᠯᠯᠠᠭ᠎ᠠ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠵᠢᠴᠢ ᠲᠦᠷᠦ ᠶᠢᠨ | ᠪᠤᠳᠤᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ᠂ ᠡᠯᠡᠰᠦᠷᠭᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ | ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠤᠬᠴᠠᠵᠢᠭᠤᠯᠬᠤ ᠢᠨᠵᠧᠨᠧᠷᠢᠩ᠂ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ | ᠲᠡᠷᠡ ᠬᠡᠯᠡᠭᠰᠡᠨ ᠨᠢ᠂ ᠠᠵᠤ ᠠᠬᠤᠶ ᠶᠢᠨ ᠶᠡᠷᠦᠩᠬᠡᠶᠢᠯᠡᠭᠰᠡᠨ ᠴᠢᠬᠤᠯᠠ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ ᠶᠡᠭᠡ ᠪᠠᠷ ᠶᠡᠷᠦᠩᠬᠡᠶᠢᠯᠡᠬᠦ᠂ ᠶᠡᠭᠡ ᠪᠠᠷ ᠨᠢᠭᠡᠳᠦᠯᠲᠡᠶ | ᠲᠥᠯᠥᠪᠯᠡᠬᠦ᠂ ᠶᠡᠭᠡ ᠪᠠᠷ ᠲᠣᠬᠢᠷᠠᠭᠤᠯᠤᠨ ᠡᠵᠡᠮᠳᠡᠬᠦ ᠡᠭᠦᠷᠭᠡ ᠴᠢᠳᠠᠪᠤᠷᠢ ᠪᠠᠨ ᠬᠢᠨᠠᠮᠠᠭᠠᠶ ᠰᠠᠶᠢᠲᠤᠷ ᠭᠦᠢᠴᠡᠳᠭᠡᠵᠦ᠂ | ︽ᠨᠢᠭᠡᠳᠭᠡᠬᠦ︾ ᠪᠠ ︽ᠱᠠᠯᠠᠪᠳᠠᠬᠤ︾ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ︽ᠵᠢᠷᠭᠤᠭᠠᠨ ᠢᠨᠵᠧᠨᠧᠷᠢᠩ | ︾᠂ ︽ᠵᠢᠷᠭᠤᠭᠠᠨ ᠠᠵᠢᠯᠯᠠᠭ᠎ᠠ︾ ᠶᠢᠨ ᠨᠠᠩ ᠶᠡᠭᠡ ᠦᠷ᠎ᠡ ᠪᠦᠲᠦᠮᠵᠢ ᠤᠯᠬᠤ ᠶᠢ ᠪᠥᠬᠦ ᠬᠦᠴᠦᠨ ᠢᠶᠠᠷ ᠢᠶᠠᠨ | ᠠᠬᠢᠭᠤᠯᠬᠤ ᠬᠡᠷᠡᠭᠲᠡᠶ᠃ ᠤᠯᠤᠰ᠂ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠰᠢᠰᠲ᠋ᠧᠮ ᠢ | ᠨᠢᠭᠡ ᠰᠡᠳᠭᠢᠯ ᠢᠶᠠᠷ ᠰᠤᠳᠤᠯᠵᠤ᠂ ᠬᠥᠭᠵᠢᠯᠲᠡ ᠶᠢᠨ ᠬᠠᠷᠠᠯᠲᠠ ᠪᠠ ᠭᠤᠤᠯᠳᠠᠯᠭ᠎ᠠ ᠲᠠᠢ ᠡᠭᠦᠷᠭᠡ ᠠᠷᠭ᠎ᠠ ᠬᠡᠮᠵᠢᠶ᠎ᠡ ᠶᠢ | ᠰᠢᠰᠲ᠋ᠧᠮ ᠲᠠᠢ ᠲᠥᠯᠥᠪᠯᠡᠨ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠴᠢᠨᠠᠷ ᠰᠠᠶᠢᠲᠠᠶ | ᠨᠠᠶᠢᠷᠠᠭᠤᠯᠤᠨ ᠵᠣᠬᠢᠶᠠᠵᠤ᠂ ᠴᠢᠭᠯᠡᠯ ᠲᠣᠳᠣᠷᠬᠠᠢ᠂ ᠰᠡᠳᠭᠢᠴᠡ ᠲᠣᠳᠣᠷᠬᠠᠶ᠂ ᠠᠷᠭ᠎ᠠ ᠬᠡᠮᠵᠢᠶ᠎ᠡ ᠪᠠᠲᠤ ᠴᠢᠩᠭ᠎ᠠ | ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠶ᠃ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ | ᠰᠤᠷᠲᠠᠯ ᠢᠶᠠᠨ ᠬᠤᠪᠢᠷᠠᠭᠤᠯᠵᠤ᠂ ᠰᠢᠨ᠎ᠡ ᠰᠤᠷᠲᠠᠯ ᠢ ᠪᠤᠢ ᠪᠣᠯᠭᠠᠵᠤ᠂ ᠠᠵᠢᠯ ᠤᠨ ᠴᠢᠨᠠᠷ ᠴᠢᠨᠰᠠᠭ᠎ᠠ ᠦᠷ᠎ᠡ | ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ᠂ ᠣᠪᠣᠷ | ᠰᠤᠷᠲᠠᠯ ᠰᠢᠯᠢᠳᠡᠭ᠂ ᠳᠠᠶᠢᠴᠢᠨ ᠬᠦᠴᠦᠨ ᠢᠶᠠᠷ ᠴᠢᠩᠭ᠎ᠠ ᠺᠠᠳ᠋ᠷ ᠤᠨ ᠡᠩᠨᠡᠭᠡ ᠶᠢ ᠪᠠᠶᠢᠭᠤᠯᠬᠤ ᠬᠡᠷᠡᠭᠲᠡᠢ ᠭᠡᠵᠡᠢ᠃ | ᠰᠦᠬᠡ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ᠂ ᠪᠦᠬᠦ ᠠᠵᠤ | ᠦᠢᠯᠡᠰ ᠤᠨ ᠬᠡᠯᠬᠢᠶ᠎ᠠ ᠢᠢᠨ ᠦᠢᠯᠡᠰ ᠪᠤᠰᠬᠠᠵᠤ ᠰᠢᠨ᠎ᠡ ᠶᠢ ᠡᠭᠦᠳᠬᠦ ᠰᠠᠭᠤᠷᠢᠨ ᠭᠠᠵᠠᠷ ᠲᠤ ᠬᠦᠷᠴᠦ᠂ ᠠᠵᠢᠯ | ᠣᠯᠭᠤᠯᠲᠠ ᠶᠢ ᠠᠬᠢᠭᠤᠯᠬᠤ᠂ ᠨᠡᠶᠢᠭᠡᠮ ᠤᠨ ᠪᠠᠲᠤᠯᠠᠭ᠎ᠠ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠪᠣᠳᠠᠲᠠᠢ | ᠭᠠᠵᠠᠷ ᠲᠤᠨᠢ ᠣᠶᠢᠯᠠᠭᠠᠪᠠ᠃ ᠲᠡᠷᠡ ᠬᠡᠯᠡᠭᠰᠡᠨ ᠨᠢ᠂ ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ | ᠦᠨᠳᠦᠰᠦ ᠮᠥᠨ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ | ᠲᠦᠷᠦᠭᠦᠯᠡᠨ ᠶᠡᠷᠦᠩᠬᠡᠶ ᠠᠵᠢᠯ ᠢ ᠠᠳᠬᠤᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠨᠢᠭᠡᠳᠦᠯᠲᠡᠶ ᠲᠥᠯᠥᠪᠯᠡᠨ | ᠵᠣᠬᠢᠴᠠᠭᠤᠯᠬᠤ ᠪᠠᠨ ᠴᠢᠩᠭᠠᠳᠬᠠᠨ᠂ ᠱᠠᠯᠠᠪᠳᠠᠨ ᠵᠢᠯᠣᠭᠤᠳᠴᠤ ᠨᠠᠶᠢᠳᠠᠪᠤᠷᠢᠵᠢᠭᠤᠯᠬᠤ ᠪᠠᠨ ᠴᠢᠩᠭᠠᠳᠬᠠᠵᠤ᠂ ᠠᠵᠢᠯ | ᠣᠯᠭᠤᠯᠲᠠ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠣᠳᠠᠲᠠᠶ ᠪᠠᠷ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠠᠷᠭ᠎ᠠ ᠬᠡᠮᠵᠢᠶ᠎ᠠ ᠶᠢᠨ | ᠰᠢᠨ᠎ᠡ ᠶᠢ ᠡᠭᠦᠳᠴᠦ᠂ ᠬᠢᠯᠠᠰ ᠴᠡᠭ ᠢ ᠡᠭᠦᠳᠴᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠵᠢᠯ | ᠣᠯᠭᠤᠯᠲᠠ ᠶᠢᠨ ᠴᠢᠨᠠᠷ ᠴᠢᠨᠰᠠᠭ᠎ᠠ ᠦᠷ᠎ᠡ ᠠᠰᠢᠭ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠬᠥᠮᠦᠨ ᠤ | ᠬᠦᠴᠦᠨ ᠤ ᠡᠬᠢ ᠪᠠᠶᠠᠯᠢᠭ ᠤᠨ ᠨᠡᠭᠡᠭᠡᠨ ᠬᠥᠭᠵᠢᠭᠦᠯᠦᠯᠲᠡ ᠬᠢᠭᠡᠳ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ | ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ | ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ᠂ ᠤᠯᠠᠨ ᠲᠡᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ | ᠰᠢᠰᠲ᠋ᠧᠮ ᠢ ᠲᠡᠭᠦᠯᠳᠡᠷᠵᠢᠭᠦᠯᠬᠦ᠂ ᠴᠢᠳᠠᠪᠤᠷᠢᠲᠠᠨ ᠢ ᠬᠥᠲᠥᠯᠥᠨ ᠬᠥᠮᠦᠵᠢᠭᠦᠯᠬᠦ ᠲᠣᠭᠲᠠᠴᠠ ᠶᠢᠨ ᠰᠢᠨ᠎ᠡ ᠶᠢ ᠡᠭᠦᠳᠬᠦ | ᠵᠡᠷᠭᠡ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ | ᠪᠠᠲᠤᠯᠠᠭ᠎ᠠ ᠶᠢᠨ ᠬᠢᠷᠢ ᠳᠦᠪᠰᠢᠨ ᠢ ᠳᠡᠭᠡᠭᠰᠢᠯᠡᠬᠦᠯᠬᠦ ᠭᠡᠷᠡᠭᠳᠡᠢ ᠭᠡᠪᠡ᠃ | ᠰᠦᠬᠡ ᠪᠠᠰᠠ ᠠᠶᠢᠮᠠᠭ ᠤᠨ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ ᠳᠤ | ᠬᠦᠷᠴᠦ᠂ ᠪᠥᠬᠦ ᠠᠶᠢᠮᠠᠭ ᠤᠨ ᠣᠷᠣᠨ ᠪᠦᠰᠡ ᠶᠢᠨ ᠬᠠᠮᠲᠤᠷᠠᠯᠴᠠᠭᠠᠨ ᠤ ᠠᠵᠢᠯ ᠥᠷᠨᠢᠭᠦᠯᠦᠭᠰᠡᠨ ᠪᠠᠶᠢᠳᠠᠯ ᠢ | ᠰᠣᠨᠣᠰᠪᠠ᠃ ᠲᠡᠷᠡ ᠬᠡᠯᠡᠭᠰᠡᠨ ᠨᠢ᠂ ︽ᠥᠪᠥᠷ ᠮᠣᠩᠭᠤᠯ ᠳᠤ ᠰᠠᠭᠤᠷᠢᠯᠠᠵᠤ᠂ ᠵᠡᠭᠦᠨ ᠬᠤᠶᠢᠲᠤ ᠣᠷᠣᠨ ᠳᠤ | ᠠᠭᠤᠰᠤᠯᠴᠠᠵᠤ᠂ ᠨᠡᠶᠢᠰᠯᠡᠯ ᠳᠤ ᠦᠢᠯᠡᠴᠢᠯᠡᠵᠦ᠂ ᠱᠠᠩᠬᠠᠢ ᠳᠤ ᠬᠦᠷᠴᠦ᠂ ᠪᠤᠯᠤᠩ ᠤᠨ ᠣᠷᠣᠨ ᠢ ᠵᠣᠷᠢᠭᠲᠠᠢ ᠪᠠᠷ | ᠰᠢᠪᠲᠤᠯᠬᠤ︾ ᠪᠠᠶᠢᠯᠳᠤᠬᠤ ᠪᠤᠳᠤᠯᠭ᠎ᠠ ᠶᠢ ᠪᠠᠷᠢᠮᠲᠠᠯᠠᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ | ᠰᠠᠨᠠᠭᠠᠴᠢᠯᠠᠭ᠎ᠠ ᠠᠴᠠ ᠪᠠᠨ ᠥᠷᠭᠡᠳᠭᠡᠵᠦ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ | ᠠᠵᠢᠯᠯᠠᠭ᠎ᠠ ᠶᠢᠨ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠡᠯ᠎ᠡ ᠭᠠᠵᠠᠷ ᠤᠷᠤᠨ ᠡᠯ᠎ᠡ | ᠰᠠᠯᠠᠭ᠎ᠠ ᠮᠥᠴᠢᠷ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠠᠮ ᠵᠠᠰᠠᠭ ᠤᠨ ᠭᠤᠣᠯ | ᠤᠳᠤᠷᠢᠳᠤᠯᠭ᠎ᠠ ᠶᠢᠨ ᠪᠦᠯᠬᠦᠮ ᠳᠠᠭᠠᠭᠤᠯᠤᠨ ᠠᠷᠠᠯᠵᠢᠶᠠᠴᠢᠨ ᠤᠷᠢᠬᠤ ᠲᠣᠭᠲᠠᠴᠠ ᠶᠢ ᠭᠦᠢᠴᠡᠳ ᠠᠰᠢᠭᠯᠠᠵᠤ᠂ | ᠭᠤᠣᠯᠳᠠᠯᠭ᠎ᠠ ᠲᠠᠢ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠦᠨ ᠤᠨᠢᠨ ᠳᠡᠭᠡᠷ᠎ᠡ ᠨᠢ ᠬᠦᠴᠦᠯᠡᠵᠦ᠂ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ | ᠬᠡᠷᠡᠭᠲᠡᠢ᠃ ᠬᠢᠩᠭᠠᠨ ᠤ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ᠪᠠᠶᠢᠩᠭᠤ ᠶᠢᠨ ᠬᠤᠯᠪᠣᠭ᠎ᠠ ᠠᠪᠴᠤ | ᠦᠢᠯᠡᠴᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠂ ᠭᠠᠳᠠᠭᠠᠳᠤ ᠳᠤ ᠪᠠᠶᠢᠭ᠎ᠠ ᠠᠵᠤ ᠠᠬᠤᠶᠢᠯᠠᠯᠲᠠᠨ ᠤ ᠨᠤᠲᠤᠭ | ᠤᠰᠤᠨ ᠳᠠᠭᠠᠨ ᠠᠴᠢ ᠬᠠᠷᠢᠭᠤᠯᠬᠤ ᠬᠠᠯᠠᠭᠤᠨ ᠰᠡᠳᠭᠢᠯᠭᠡ ᠶᠢ ᠬᠥᠭᠵᠢᠭᠡᠵᠦ᠂ ᠨᠠᠩ ᠣᠯᠠᠨ ᠰᠢᠯᠢᠳᠡᠭ ᠲᠥᠷᠥᠯ | ᠵᠦᠢᠯ᠂ ᠲᠡᠷᠢᠭᠦᠨ ᠤ ᠮᠡᠷᠭᠡᠵᠢᠯ ᠪᠠ ᠰᠢᠯᠢᠳᠡᠭ ᠴᠢᠳᠠᠪᠤᠷᠢᠲᠠᠨ ᠤ ᠬᠢᠩᠭᠠᠨ ᠳᠠᠭᠠᠨ ᠪᠤᠴᠠᠵᠤ᠂ ᠨᠤᠲᠤᠭ ᠤᠰᠤ ᠪᠠᠨ | ᠪᠥᠲᠥᠭᠡᠨ ᠪᠠᠶᠢᠭᠤᠯᠬᠤ ᠶᠢ ᠳᠥᠯᠭᠢᠨ ᠠᠬᠢᠭᠤᠯᠬᠤ ᠬᠡᠷᠡᠭᠲᠡᠶ ᠭᠡᠵᠡᠢ᠃ | ᠠᠶᠢᠮᠠᠭ ᠤᠨ ᠤᠳᠤᠷᠢᠳᠤᠯᠭ᠎ᠠ ᠬᠥ᠋ ᠯᠢ ᠮᠢᠨ᠂ ᠯᠢᠶᠠᠩ ᠶᠠᠨ ᠵᠢᠶᠦ᠋ᠨ ᠰᠢᠨᠵᠢᠯᠡᠨ ᠪᠠᠶᠢᠴᠠᠭᠠᠯᠳᠠ ᠳᠤ | ᠣᠷᠣᠯᠴᠠᠪᠠ᠃ ︵ᠬᠠᠨ ᠸᠧᠨ ᠪᠢᠨ︶ | | | | |