| ᠬᠦᠮᠤᠨ ᠠᠷᠠᠳ ᠤᠨ ᠤᠷᠤᠰᠢᠨ ᠰᠠᠭᠤᠷᠢᠰᠢᠬᠤ ᠤᠷᠴᠢᠨ ᠳᠤᠭᠤᠷᠢᠨ ᠢ ᠴᠡᠭᠴᠡᠯᠡᠨ ᠵᠠᠰᠠᠬᠤ ᠦᠷ᠎ᠠ | ᠪᠦᠳᠤᠮᠵᠢ ᠶᠢ ᠪᠠᠳᠤᠳᠬᠠᠨ᠂ ᠴᠡᠪᠡᠷ ᠲᠡᠭᠰᠢᠬᠡᠨ᠂ ᠰᠠᠭᠤᠷᠢᠰᠢᠬᠤ ᠳᠤ ᠲᠤᠬᠢᠷᠠᠮᠵᠢᠳᠠᠢ ᠤᠷᠴᠢᠨ ᠢ ᠡᠬᠦᠳᠴᠤ᠂ | ᠰᠠᠭᠤᠭᠠᠯᠢ ᠠᠷᠠᠳ ᠤᠨ ᠵᠤᠯ ᠵᠢᠷᠭᠠᠯ ᠤᠨ ᠲᠦᠷᠥᠭᠳᠡᠯ ᠢ ᠨᠡᠮᠡᠭᠳᠡᠬᠦᠯᠬᠦ ᠪᠠᠷ ᠤᠶᠢᠷ᠎ᠠ ᠶᠢᠨ ᠡᠳᠤᠷ᠂ | ᠤᠯᠠᠭᠠᠨᠬᠤᠳᠠ ᠶᠢᠨ ᠬᠢᠨᠠᠨ ᠪᠤᠳᠤᠬᠤ ᠲᠤᠪᠴᠢᠶ᠎ᠠ ᠶᠢᠨ ᠬᠢᠨ ᠱᠠᠨ ᠴᠧᠩ ᠵᠡᠭᠡᠯᠢ ᠶᠢᠨ ᠶᠡᠷᠤᠩᠬᠡᠶᠢᠯᠡᠭᠰᠡᠨ ᠠᠰᠠᠷ᠂ | ᠭᠠᠵᠠᠷ ᠰᠢᠨᠵᠢᠯᠡᠭᠡᠨ ᠤ ᠠᠩᠬᠢ ᠶᠢᠨ ᠭᠡᠷ ᠪᠦᠯᠢ ᠶᠢᠨ ᠠᠰᠠᠷ᠂ ᠬᠤᠩ ᠪᠦᠤᠤ ᠶᠤᠸᠠᠨ ᠨᠡᠶᠢᠭᠡᠮ ᠲᠤᠭᠤᠷᠢᠭ ᠢᠶᠠᠷ | ᠬᠦᠷᠴᠤ ᠤᠷᠴᠢᠨ ᠳᠤᠭᠤᠷᠢᠨ ᠤ ᠴᠡᠪᠡᠷᠯᠡᠭᠡ ᠬᠢᠭᠰᠡᠨ ᠪᠠᠶᠢᠨ᠎ᠠ᠃ | ᠲᠤᠬᠠᠢ ᠶᠢᠨ ᠡᠳᠤᠷ ᠲᠤ᠂ ᠤᠯᠠᠭᠠᠨᠬᠤᠳᠠ ᠶᠢᠨ ᠬᠢᠨᠠᠨ ᠪᠤᠳᠤᠬᠤ ᠲᠤᠪᠴᠢᠶ᠎ᠠ ᠶᠢᠨ ᠠᠵᠢᠯᠳᠠᠳ | ᠲᠤᠭᠤᠶᠢᠯᠠᠩ ᠬᠤᠪᠢᠶᠠᠨ ᠠᠵᠢᠯᠯᠠᠵᠤ᠂ ᠬᠦᠷᠵᠠ᠂ ᠱᠦᠬᠦᠷ ᠵᠡᠷᠭᠡ ᠪᠠᠭᠠᠵᠢ ᠪᠠᠨ ᠠᠪᠤᠨ ᠨᠡᠶᠢᠭᠡᠮ ᠲᠤᠭᠤᠷᠢᠭ ᠤᠨ | ᠨᠤᠭᠤᠭᠠᠷᠠᠭᠤᠯᠤᠯᠳᠠ ᠶᠢᠨ ᠭᠠᠵᠠᠷ ᠤᠨ ᠴᠠᠭᠠᠰᠤ᠂ ᠲᠠᠮᠠᠬᠢ ᠪᠠ ᠠᠰᠠᠷ ᠤᠨ ᠬᠤᠩᠬᠢᠯ ᠳᠤ ᠲᠤᠷ᠎ᠠ ᠪᠠᠷ ᠲᠠᠯᠪᠢᠭᠰᠠᠨ | ᠡᠳ᠋ ᠪᠤᠳᠠᠰ ᠢ ᠴᠡᠪᠡᠷᠯᠡᠪᠡ᠃ ᠬᠡᠳᠤᠨ ᠴᠠᠭ ᠤᠨ ᠴᠡᠪᠡᠷᠯᠡᠭᠡ ᠬᠢᠬᠦ ᠪᠠᠷ ᠲᠠᠮᠵᠢᠨ᠂ ᠤᠤᠯ ᠤᠨ ᠲᠤᠷ᠎ᠠ ᠪᠠᠷ | ᠤᠪᠤᠭᠠᠯᠠᠵᠤ ᠪᠠᠶᠢᠭᠰᠨᠨ ᠡᠳ᠋ ᠪᠤᠳᠠᠰ ᠲᠡᠷᠢ ᠲᠡᠭᠰᠢᠬᠡᠨ ᠪᠤᠯᠵᠤ᠂ ᠭᠠᠵᠠᠷ ᠲᠡᠭᠡᠷᠡᠬᠢ ᠬᠤᠭ ᠨᠤᠪᠰᠢ ᠶᠢ ᠱᠦᠬᠦᠷᠳᠡᠵᠤ | ᠴᠡᠪᠡᠷᠯᠡᠭᠰᠡᠨ ᠠᠴᠠ ᠨᠡᠶᠢᠭᠡᠮ ᠲᠤᠭᠤᠷᠢᠭ ᠰᠢᠨ᠎ᠠ ᠲᠦᠷᠢ ᠲᠦᠷᠬᠦ ᠲᠠᠢ ᠪᠤᠯᠪᠠ᠃ | ᠲᠤᠰ ᠤᠳᠠᠭᠠᠨ ᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠠᠵᠢᠯ ᠨᠢ ᠰᠠᠭᠤᠭᠠᠯᠢ ᠠᠷᠠᠳ ᠤᠨ | ᠠᠮᠢᠳᠤᠷᠠᠯ ᠤᠨ ᠤᠷᠴᠢᠨ ᠲᠤᠭᠤᠷᠢᠨ ᠢ ᠦᠨᠡᠨ ᠬᠦ ᠰᠠᠶᠢᠵᠢᠷᠠᠭᠤᠯᠵᠤ᠂ ᠡᠶ᠎ᠡ ᠨᠠᠶᠢᠷᠠᠮᠳᠠᠭᠤ ᠠᠮᠢᠳᠤᠷᠠᠯ ᠤᠨ | ᠤᠷᠴᠢᠨ ᠢ ᠪᠤᠢ ᠪᠤᠯᠭᠠᠪᠠ᠃ ᠤᠯᠠᠭᠠᠨᠬᠤᠳᠠ ᠶᠢᠨ ᠬᠢᠨᠠᠨ ᠪᠤᠳᠤᠬᠤ ᠲᠤᠪᠴᠢᠶ᠎ᠠ ᠲᠠᠭᠠᠭᠠᠴᠢᠯᠠᠨ ᠬᠤᠯᠪᠤᠭᠠᠯᠠᠭᠰᠠᠨ | ᠨᠡᠶᠢᠭᠡᠮ ᠲᠤᠭᠤᠷᠢᠭ ᠤᠨ ᠤᠷᠴᠢᠨ ᠲᠤᠭᠤᠷᠢᠨ ᠢ ᠴᠡᠪᠡᠷᠯᠡᠬᠦ ᠠᠵᠢᠯᠯᠠᠭ᠎ᠠ ᠶᠢ ᠪᠠᠶᠢᠩᠭᠤᠵᠢᠭᠤᠯᠤᠨ ᠦᠷᠨᠢᠬᠦᠯᠵᠤ᠂ | ᠰᠠᠭᠤᠭᠠᠯᠢ ᠠᠷᠠᠳ ᠲᠤ ᠤᠬᠢ ᠰᠠᠶᠢᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠡᠬᠦᠳᠴᠤ ᠦᠭᠬᠦ ᠪᠠᠷ | ᠴᠢᠷᠮᠠᠶᠢᠵᠤ ᠪᠠᠶᠢᠨ᠎ᠠ᠃ ︵ᠵᠠᠩ ᠴᠢᠩ ᠴᠦᠨ︶ |