ᠤᠯᠠᠭᠠᠨᠬᠤᠲᠠ 2025 ᠣᠨ ᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/24
       4 ᠰᠠᠷ᠎ᠠ ᠶᠢᠨ 22 ᠤᠨ ᠡᠳᠦᠷ᠂ ᠤᠯᠠᠭᠠᠨᠬᠤᠲᠠ ︽ᠮᠣᠳᠣ ᠳᠠᠷᠢᠬᠤ ᠡᠭᠦᠷᠭᠡ ᠪᠠᠨ ᠭᠦᠢᠴᠡᠳᠬᠡᠵᠦ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠬᠠᠮᠲᠤ ᠪᠠᠷ ᠪᠠᠶᠢᠭᠤᠯᠤᠶ᠎ᠠ︾ ᠭᠡᠬᠦ 2025 ᠣᠨ ᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠥᠷᠨᠢᠭᠦᠯᠵᠦ᠂ ᠼᠤᠤ ᡁᠢ ᠶᠦᠩ᠂ ᠮᠠ ᠮᠧᠩ᠂ ᠯᠢ ᠱᠢ ᠬᠠᠶ᠂ ᠭᠧᠩ ᠴᠧᠩ ᠵᠡᠷᠭᠡ ᠬᠤᠲᠠ ᠶᠢᠨ ᠤᠳᠤᠷᠢᠳᠤᠯᠭ᠎ᠠ ᠲᠤᠰ ᠤᠳᠠᠭᠠᠨ ᠤ ᠠᠵᠢᠯᠯᠠᠭ᠎ᠠ ᠳᠤ ᠣᠷᠣᠯᠴᠠᠵᠠᠶ᠃       ᠲᠤᠰ ᠡᠳᠦᠷ ᠤᠨ ᠦᠳᠡ ᠶᠢᠨ ᠡᠮᠦᠨ᠎ᠡ᠂ ᠼᠤᠤ ᡁᠢ ᠶᠦᠩ ᠨᠠᠷ ᠤᠯᠠᠭᠠᠨᠬᠤᠲᠠ ᠨᠢᠰᠬᠡᠯ ᠤᠨ ᠪᠠᠭᠤᠳᠠᠯ ᠳᠤ ᠬᠦᠷᠴᠦ᠂ ᠪᠠᠶᠢᠭᠤᠯᠭ᠎ᠠ ᠶᠢᠨ ᠺᠠᠳ᠋ᠷᠴᠤᠳ ᠲᠠᠢ ᠬᠠᠮᠲᠤᠪᠡᠷ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠥᠷᠨᠢᠭᠦᠯᠵᠦ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠦᠷᠦᠭᠦᠯᠡᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ᠣᠷᠴᠢᠨ ᠲᠣᠭᠤᠷᠢᠨ ᠢ ᠭᠤᠶᠣᠯᠠᠵᠤ᠂ ᠭᠡᠷ ᠣᠷᠣᠨ ᠢᠶᠠᠨ ᠨᠣᠭᠤᠭᠠᠷᠠᠭᠤᠯᠤᠨ᠂ ᠪᠦᠬᠦ ᠬᠤᠳᠠ ᠶᠢ ᠬᠦᠳᠦᠯᠦᠨ ᠳᠠᠭᠠᠭᠤᠯᠵᠤ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢᠨ ᠥᠷᠨᠢᠯᠲᠡ ᠶᠢ ᠪᠤᠢ ᠪᠣᠯᠭᠠᠪᠠ᠃       ᠮᠣᠳᠣ ᠲᠠᠷᠢᠬᠤ ᠲᠤᠬᠠᠢ ᠶᠢᠨ ᠲᠠᠯᠠᠪᠠᠢ ᠳᠤ᠂ ᠼᠤᠤ ᡁᠢ ᠶᠦᠩ ᠺᠠᠳ᠋ᠷ ᠤᠯᠠᠨ ᠲᠦᠮᠡᠨ ᠲᠠᠢ ᠬᠠᠮᠲᠤᠪᠠᠷ ᠮᠣᠳᠣ ᠲᠠᠷᠢᠵᠦ᠂ ᠭᠤᠭᠴᠤᠭ᠎ᠠ ᠨᠢᠭᠡᠪᠦᠷᠢ ᠳᠤ ᠨᠠᠷᠢᠨ ᠬᠢᠨᠠᠮᠠᠭᠠᠢ ᠬᠠᠨᠳᠤᠪᠠ᠃ ᠼᠤᠤ ᡁᠢ ᠶᠦᠩ ᠮᠣᠳᠣ ᠵᠠᠶᠢᠯᠠᠬᠤ ᠶᠢᠨ ᠳᠠᠭᠠᠤ ᠳᠡᠷᠭᠡᠳᠡᠬᠢ ᠠᠵᠢᠯᠲᠠᠳ ᠲᠠᠢ ᠶᠠᠷᠢᠯᠴᠠᠵᠤ᠂ ᠪᠦᠬᠦ ᠬᠤᠳᠠ ᠶᠢᠨ ᠨᠣᠭᠤᠭᠠᠷᠠᠭᠤᠯᠤᠯᠲᠠ ᠵᠢᠴᠢ ᠮᠣᠳᠣ ᠲᠠᠷᠢᠵᠤ ᠣᠶᠢᠵᠢᠭᠤᠯᠬᠤ ᠠᠵᠢᠯ ᠢ ᠨᠠᠷᠢᠨ ᠣᠶᠢᠯᠠᠭᠠᠬᠤ ᠶᠢᠨ ᠬᠠᠮᠲᠤ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠪᠡᠷ ᠪᠦᠬᠦ ᠬᠤᠳᠠ ᠶᠢᠨ ᠨᠣᠭᠤᠭᠠᠷᠠᠭᠤᠯᠤᠯᠲᠠ ᠭᠤᠶᠤᠵᠢᠭᠤᠯᠤᠯᠲᠠ ᠶᠢᠨ ᠲᠥᠰᠦᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠮᠣᠳᠣ ᠲᠠᠷᠢᠵᠤ ᠣᠶᠢᠵᠢᠭᠤᠯᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠡᠳᠦᠷ ᠲᠤᠳᠤᠮ ᠤᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠠᠯᠪᠠᠨ ᠵᠢᠷᠤᠮ ᠤᠨ ᠲᠠᠷᠢᠬᠰᠠᠨ ᠮᠣᠳᠤ ᠶᠢᠨ ᠡᠳᠡᠭᠡᠷᠡᠯᠲᠡ ᠶᠢᠨ ᠨᠤᠷᠮ᠎ᠠ ᠶᠢ ᠪᠠᠲᠤᠯᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠠᠬᠢᠪᠠ᠃        ᠣᠶᠢᠯᠠᠭᠠᠭᠰᠠᠨ ᠢᠶᠠᠷ᠂ 2025 ᠣᠨ ᠳᠤ ᠤᠯᠠᠭᠠᠨᠬᠤᠲᠠ ᠭᠠᠵᠠᠷ ᠣᠷᠣᠨ ᠤ ᠠᠯᠪᠠᠨ ᠵᠢᠷᠤᠮ ᠤᠨ ᠮᠣᠳᠣ ᠳᠠᠷᠢᠬᠤ ᠴᠠᠭ ᠨᠢ 10 ᠰᠠᠷ᠎ᠠ ᠶᠢᠨ ᠰᠡᠭᠦᠯᠴᠢ ᠪᠣᠯᠲᠠᠯ᠎ᠠ ᠦᠷᠭᠦᠯᠵᠢᠯᠡᠵᠦ᠂ 6 ᠰᠠᠷ᠎ᠠ ᠶᠢᠨ ᠴᠠᠭ ᠢᠶᠠᠷ ᠳᠠᠮᠵᠢᠨ᠂ ᠤᠯᠠᠭᠠᠨᠬᠤᠲᠠ ᠨᠢᠰᠬᠡᠯ ᠤᠨ ᠪᠠᠭᠤᠳᠠᠯ ᠤᠨ ᠡᠷᠬᠢᠨ ᠲᠣᠭᠤᠷᠢᠨ᠂ ᠱᠧᠩᠯᠢ ᠮᠧᠬᠠᠨᠢᠭ ᠤᠨ ᠣᠶ ᠰᠢᠭᠤᠶ ᠶᠢᠨ ᠲᠠᠯᠠᠪᠠᠶ᠂ ᠤᠯᠠᠭᠠᠨᠬᠠᠳᠠ ᠣᠶ ᠰᠢᠭᠤᠶ ᠶᠢᠨ ᠲᠠᠯᠠᠪᠠᠶ᠂ ᠪᠠᠶᠠᠨᠬᠤᠸᠠ ᠣᠶ ᠰᠢᠭᠤᠶ ᠶᠢᠨ ᠲᠠᠯᠠᠪᠠᠶ ᠵᠡᠷᠭᠡ 4 ᠣᠷᠣᠨ ᠪᠦᠰᠡ ᠳᠤ ᠨᠡᠶᠢᠲᠡ 100 ᠮᠥ ᠴᠢᠬᠢ ᠮᠣᠳᠣ ᠰᠠᠭᠤᠯᠭᠠᠨ᠂ 1000 ᠮᠥ ᠮᠣᠳᠣ ᠶᠢ ᠠᠷᠠᠴᠢᠯᠠᠨ ᠪᠤᠶᠢᠵᠢᠭᠤᠯᠬᠤ ᠪᠠᠷ ᠲᠥᠯᠥᠪᠯᠡᠵᠦ ᠪᠣᠶ᠃    
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号