| | ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 23 ᠤ ᠴᠠᠭᠢᠯᠭᠠᠨ ᠮᠡᠳᠡᠭᠡ 4 ᠰᠠᠷ᠎ᠠ ᠶᠢᠨ 23 ᠤ | ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠠᠽᠧᠷᠪᠠᠶᠢᠵᠠᠨ ᠤ | ᠶᠡᠷᠦᠩᠬᠡᠶᠢᠯᠡᠭᠴᠢ ᠠᠯᠢᠶᠧᠹ ᠲᠠᠢ ᠬᠡᠯᠡᠯᠴᠡᠭᠡ ᠬᠢᠪᠡ᠃ ᠬᠤᠶᠠᠷ ᠤᠯᠤᠰ ᠤᠨ ᠲᠡᠷᠢᠭᠦᠨ᠂ ᠳᠤᠮᠳᠠᠳᠤ ᠠᠽᠧᠷᠪᠠᠶᠢᠵᠠᠨ ᠤ ᠪᠦᠭᠦ | ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠪᠠᠶᠢᠭᠤᠯᠤᠨ᠎ᠠ ᠭᠡᠵᠦ ᠨᠡᠶᠢᠲᠡᠯᠡᠪᠡ᠃ | | | | | | | | 4 ᠰᠠᠷ᠎ᠠ ᠶᠢᠨ 23 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ | ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ | ᠢᠷᠡᠭᠰᠡᠨ ᠠᠽᠧᠷᠪᠠᠶᠢᠵᠠᠨ ᠤ ᠶᠡᠷᠦᠩᠬᠡᠶᠢᠯᠡᠭᠴᠢ ᠠᠯᠢᠶᠧᠹ ᠲᠠᠢ ᠬᠡᠯᠡᠯᠴᠡᠭᠡ ᠬᠢᠪᠡ᠃ ᠵᠢᠷᠤᠭ ᠪᠣᠯ ᠰᠢ ᠶᠢᠨ ᠫᠢᠩ ᠬᠠᠲᠤᠨ | ᠫᠧᠩ ᠯᠢ ᠶᠤᠸᠠᠨ ᠲᠠᠢ ᠪᠠᠨ ᠠᠯᠢᠶᠧᠹ ᠪᠣᠯᠣᠨ ᠲᠡᠭᠦᠨ ᠤ ᠬᠠᠲᠤᠨ ᠠᠯᠢᠶ᠋ᠸᠧᠠ ᠲᠠᠢ ᠬᠠᠮᠲᠤ ᠭᠡᠷᠡᠯ ᠵᠢᠷᠤᠭ ᠲᠠᠲᠠᠭᠤᠯᠵᠤ | ᠪᠠᠶᠢᠭ᠎ᠠ ᠨᠢ᠃ ︵ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ︶ | | ᠰᠢ ᠶᠢᠨ ᠫᠢᠩ᠂ ᠵᠣᠷᠢᠯᠲᠠ ᠨᠢᠭᠡᠲᠡᠳ ᠵᠠᠮ ᠢ ᠬᠤᠯᠠ ᠭᠡᠵᠦ ᠴᠥᠬᠦᠷᠡᠳᠡᠭ ᠦᠭᠡᠢ᠃ ᠬᠡᠳᠦ᠋ᠢᠪᠡᠷ ᠳᠡᠯᠡᠬᠡᠢ ᠶᠢᠨ | ᠪᠠᠶᠢᠳᠠᠯ ᠤᠷᠪᠠᠭᠠᠨ ᠬᠥᠷᠪᠡᠭᠡᠨ ᠲᠠᠢ ᠪᠠᠶᠢᠭᠰᠠᠨ ᠴᠤ ᠳᠤᠮᠳᠠᠳᠤ ᠠᠽᠧᠷᠪᠠᠶᠢᠵᠠᠨ ᠤ ᠬᠠᠷᠢᠯᠴᠠᠭ᠎ᠠ ᠭᠠᠵᠠᠷ ᠵᠦᠢ ᠶᠢᠨ | ᠪᠠᠶᠢᠷᠢᠰᠢᠯ ᠳᠤ ᠬᠢᠵᠠᠭᠠᠷᠯᠠᠭᠳᠠᠭᠰᠠᠨ ᠦᠭᠡᠢ᠂ ᠶᠠᠪᠤᠬᠤ ᠲᠤᠳᠤᠮ ᠪᠠᠬᠢᠵᠢᠪᠡ᠃ ᠬᠤᠶᠠᠷ ᠤᠯᠤᠰ ᠢᠶᠠᠷ ᠢᠶᠠᠨ ᠭᠠᠳᠠᠭᠠᠳᠤ | ᠬᠠᠷᠢᠯᠴᠠᠭ᠎ᠠ ᠪᠠᠶᠢᠭᠤᠯᠤᠭᠰᠠᠨ ᠤᠭ ᠰᠠᠨᠠᠭ᠎ᠠ ᠪᠠᠨ ᠢᠮᠠᠭᠲᠠ ᠪᠠᠲᠤ ᠴᠡᠭᠡᠵᠢᠯᠡᠵᠦ᠂ ᠬᠠᠷᠢᠯᠴᠠᠨ ᠬᠦᠨᠳᠦᠳᠬᠡᠬᠦ᠂ ᠲᠥᠪ | ᠭᠤᠣᠯᠴᠢ ᠰᠢᠳᠤᠷᠭᠤ ᠶᠣᠰᠣ ᠶᠢ ᠡᠷᠭᠢᠮᠯᠡᠭᠦ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ᠂ | ᠪᠠᠶᠢᠯᠳᠤᠬᠤ ᠪᠣᠳᠣᠯᠭ᠎ᠠ ᠶᠢᠨ ᠥᠨᠳᠥᠷᠴᠡ ᠪᠣᠯᠣᠨ ᠠᠯᠤᠰ ᠭᠡᠳᠤ ᠶᠢᠨ ᠬᠠᠷᠠᠭᠠᠰᠤ ᠠᠴᠠ ᠳᠤᠮᠳᠠᠳᠤ ᠠᠽᠧᠷᠪᠠᠶᠢᠵᠠᠨ ᠤ | ᠬᠠᠷᠢᠯᠴᠠᠭ᠎ᠠ ᠳᠤ ᠬᠠᠨᠳᠤᠵᠤ ᠬᠥᠭᠵᠢᠭᠦᠯᠪᠡ᠃ ᠬᠤᠶᠠᠷ ᠲᠠᠯ᠎ᠠ ᠪᠠᠷ ᠢᠶᠠᠨ ᠤᠯᠤᠰ ᠲᠦᠷᠦ ᠶᠢᠨ ᠢᠲᠡᠭᠡᠯᠴᠡᠭᠡ ᠪᠠᠨ | ᠦᠷᠭᠦᠯᠵᠢᠯᠡᠨ ᠨᠡᠮᠡᠭᠳᠡᠭᠦᠯᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠤᠯᠠᠨ ᠤᠯᠤᠰ ᠤᠨ | ᠬᠠᠮᠵᠢᠯᠴᠠᠭ᠎ᠠ ᠪᠠᠨ ᠨᠢᠭᠲᠠᠷᠠᠭᠤᠯᠵᠤ᠂ ᠳᠤᠮᠳᠠᠳᠤ ᠠᠽᠧᠷᠪᠠᠶᠢᠵᠠᠨ ᠤ ᠪᠦᠭᠦ ᠲᠠᠯ᠎ᠠ ᠶᠢᠨ ᠬᠠᠮᠲᠤᠷᠠᠯᠴᠠᠭᠠᠨ ᠤ ᠰᠢᠨ᠎ᠡ | ᠬᠠᠭᠤᠳᠠᠰᠤ ᠶᠢ ᠨᠡᠭᠡᠭᠡᠵᠦ᠂ ᠬᠤᠶᠠᠷ ᠤᠯᠤᠰ ᠤᠨ ᠬᠥᠭᠵᠢᠯ ᠮᠠᠨᠳᠤᠯ ᠳᠤ ᠬᠦᠴᠦᠨ ᠨᠡᠮᠡᠷᠢᠯᠡᠵᠦ᠂ ᠬᠤᠶᠠᠷ ᠤᠯᠤᠰ ᠤᠨ | ᠠᠷᠠᠳ ᠲᠦᠮᠡᠨ ᠳᠤ ᠨᠡᠩ ᠰᠠᠶᠢᠲᠤᠷ ᠪᠤᠶᠠᠨ ᠦᠢᠯᠡᠳᠦᠶ᠎ᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠭᠰᠠᠨ ᠠᠰᠠᠭᠤᠳᠠᠯ | ᠳᠡᠭᠡᠷ᠎ᠡ ᠬᠠᠷᠢᠯᠴᠠᠨ ᠡᠷᠡᠰ ᠳᠡᠮᠵᠢᠯᠴᠡᠬᠦ ᠪᠣᠯ ᠳᠤᠮᠳᠠᠳᠤ ᠠᠽᠧᠷᠪᠠᠶᠢᠵᠠᠨ ᠬᠤᠶᠠᠷ ᠤᠯᠤᠰ ᠤᠨ ᠰᠢᠯᠢᠳᠡᠭ ᠤᠯᠠᠮᠵᠢᠯᠠᠯ ᠪᠤᠯᠬᠤ | ᠪᠥᠭᠡᠳ ᠪᠠᠶᠢᠯᠳᠤᠬᠤ ᠪᠣᠳᠣᠯᠭ᠎ᠠ ᠶᠢᠨ ᠬᠠᠨᠢᠲᠠᠨ ᠪᠣᠯᠤᠭᠰᠠᠨ ᠤ ᠬᠤᠪᠢ ᠳᠤ ᠪᠠᠶᠢᠪᠠᠰᠤ ᠵᠣᠬᠢᠬᠤ ᠠᠭᠤᠯᠭ᠎ᠠ ᠪᠣᠯᠣᠨ᠎ᠠ᠃ | ᠳᠤᠮᠳᠠᠳᠤ ᠤᠯᠤᠰ ᠠᠽᠧᠷᠪᠠᠶᠢᠵᠠᠨ ᠤ ᠬᠢᠨ ᠤ ᠤᠯᠤᠰ ᠤᠨ ᠡᠷᠬᠡ ᠮᠡᠳᠡᠯ᠂ ᠲᠤᠰᠠᠭᠠᠷ ᠲᠣᠭᠲᠠᠨᠢᠯ ᠪᠣᠯᠣᠨ ᠨᠤᠲᠤᠭ | ᠳᠡᠪᠢᠰᠬᠡᠷ ᠤᠨ ᠪᠦᠷᠢᠨ ᠪᠦᠲᠦᠨ ᠢᠶᠠᠨ ᠬᠠᠮᠠᠭᠠᠯᠠᠵᠤ᠂ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ | ᠵᠠᠮ ᠢᠶᠠᠷ ᠦᠷᠭᠦᠯᠵᠢᠯᠡᠨ ᠵᠠᠮᠨᠠᠬᠤ ᠶᠢ ᠳᠡᠮᠵᠢᠨ᠎ᠠ᠃ ᠠᠽᠧᠷᠪᠠᠶᠢᠵᠠᠨ ᠯᠤᠭ᠎ᠠ ᠬᠠᠤᠯᠢ ᠬᠡᠷᠡᠭᠵᠢᠭᠦᠯᠬᠦ ᠠᠮᠤᠷ ᠲᠦᠪᠰᠢᠨ ᠤ | ᠬᠠᠮᠲᠤᠷᠠᠯᠴᠠᠭ᠎ᠠ ᠶᠢ ᠭᠦᠨᠵᠡᠭᠡᠢ ᠥᠷᠨᠢᠭᠦᠯᠵᠦ᠂ ︽ᠭᠤᠷᠪᠠᠨ ᠵᠦᠢᠯ ᠤᠨ ᠬᠦᠴᠦᠨ︾ ᠳᠤ ᠡᠷᠡᠰ ᠴᠣᠬᠢᠯᠲᠠ ᠥᠭᠭᠦᠨ᠎ᠡ᠃ | ᠳᠤᠮᠳᠠᠳᠤ ᠠᠽᠧᠷᠪᠠᠶᠢᠵᠠᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠤᠭᠠᠳ ᠡᠯᠪᠡᠭ ᠪᠠᠶᠠᠯᠢᠭ | ᠦᠷ᠎ᠡ ᠪᠦᠲᠦᠭᠡᠯ ᠣᠯᠵᠤ᠂ ᠬᠤᠶᠠᠷ ᠤᠯᠤᠰ ᠤᠨ ᠠᠷᠠᠳ ᠲᠦᠮᠡᠨ ᠳᠤ ᠦᠨᠡᠨ ᠪᠣᠳᠠᠲᠠᠢ ᠠᠵᠠ ᠵᠢᠷᠭᠠᠯ ᠣᠯᠭᠤᠪᠠ᠃ | ᠦᠵᠦ ᠲᠥᠯᠥᠪᠯᠡᠭᠡ ᠶᠢ ᠰᠢᠯᠢᠳᠡᠭᠵᠢᠭᠦᠯᠵᠦ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠶᠢ | ᠴᠢᠩᠭᠠᠳᠬᠠᠵᠤ᠂ ᠬᠠᠮᠲᠤᠷᠠᠯᠴᠠᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠬᠠᠮᠲᠤᠷᠠᠯᠴᠠᠭᠠᠨ ᠤ ᠳᠠᠯᠳᠠ ᠬᠦᠴᠦᠨ ᠢ | ᠭᠦᠨᠵᠡᠭᠡᠢ ᠠᠭᠤᠳᠠᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠦᠶ᠎ᠡ᠃ ᠰᠤᠷᠭᠠᠨ ᠬᠥᠮᠦᠵᠢᠯ᠂ ᠰᠣᠶᠣᠯ᠂ ᠵᠢᠭᠤᠯᠴᠢᠯᠠᠯ᠂ | ᠵᠠᠯᠠᠭᠤᠴᠤᠳ᠂ ᠣᠷᠣᠨ ᠨᠤᠲᠤᠭ ᠵᠡᠷᠭᠡ ᠶᠢᠨ ᠬᠠᠮᠲᠤᠷᠠᠯᠴᠠᠭ᠎ᠠ ᠶᠢ ᠵᠣᠷᠢᠭᠵᠢᠭᠤᠯᠤᠨ ᠳᠡᠮᠵᠢᠵᠦ᠂ ᠠᠷᠠᠳ ᠤᠨ ᠰᠡᠳᠬᠢᠯ ᠤᠨ | ᠨᠡᠪᠲᠡᠷᠡᠯᠴᠡᠭᠡ ᠶᠢ ᠠᠬᠢᠭᠤᠯᠵᠤ᠂ ᠬᠤᠶᠠᠷ ᠤᠯᠤᠰ ᠤᠨ ᠨᠥᠬᠦᠷᠯᠡᠯ ᠤᠨ ᠠᠷᠠᠳ ᠤᠨ ᠰᠠᠨᠠᠭ᠎ᠠ ᠶᠢᠨ ᠰᠠᠭᠤᠷᠢ ᠶᠢ | ᠪᠠᠬᠢᠵᠢᠭᠦᠯᠦᠶ᠎ᠡ ᠭᠡᠵᠦ ᠴᠢᠬᠤᠯᠠᠴᠢᠯᠠᠪᠠ᠃ | ᠰᠢ ᠶᠢᠨ ᠫᠢᠩ᠂ ᠪᠣᠭᠤᠮᠲᠠ ᠶᠢᠨ ᠭᠠᠶᠢᠯᠢ ᠶᠢᠨ ᠲᠠᠶᠢᠨ᠂ ᠠᠷᠠᠯᠵᠢᠶᠠᠨ ᠤ ᠳᠠᠶᠢᠨ ᠨᠢ ᠡᠯ᠎ᠡ ᠤᠯᠤᠰ ᠤᠨ ᠵᠦᠢ | ᠶᠣᠰᠣᠨ ᠤ ᠡᠷᠬᠡ ᠠᠰᠢᠭ ᠢ ᠬᠤᠬᠢᠷᠠᠭᠤᠯᠵᠤ᠂ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠮᠵᠢ ᠶᠢ ᠡᠪᠳᠡᠵᠦ᠂ ᠳᠡᠯᠡᠬᠡᠢ ᠶᠢᠨ | ᠠᠵᠤ ᠠᠬᠤᠢ ᠶᠢᠨ ᠡᠮᠬᠢ ᠳᠢᠭᠯᠢᠮ ᠢ ᠲᠠᠭᠠᠷᠢᠪᠠ᠃ ᠳᠤᠮᠳᠠᠳᠤ ᠤᠯᠤᠰ ᠳᠤᠷᠠᠲᠠᠶ᠎ᠠ ᠠᠽᠧᠷᠪᠠᠶᠢᠵᠠᠨ ᠲᠠᠢ ᠬᠠᠮᠲᠤ ᠪᠠᠷ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠪᠣᠯᠣᠨ ᠤᠯᠠᠨ | ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠬᠠᠮᠠᠭᠠᠯᠠᠵᠤ᠂ ᠲᠤᠰ ᠪᠡᠶ᠎ᠡ ᠶᠢᠨ ᠵᠦᠢ | ᠶᠣᠰᠣᠨ ᠤ ᠡᠷᠬᠡ ᠠᠰᠢᠭ ᠢᠶᠠᠨ ᠡᠷᠡᠰ ᠬᠠᠮᠠᠭᠠᠯᠠᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠎ᠠ | ᠭᠡᠵᠦ ᠵᠢᠭᠠᠵᠤ ᠭᠠᠷᠭᠠᠪᠠ᠃ | ᠠᠯᠢᠶᠧᠹ᠂ ᠲᠡᠷᠢᠭᠦᠯᠡᠭᠴᠢ ᠰᠢ ᠶᠢᠨ ᠫᠢᠩ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ | ᠤᠯᠤᠰ ᠤᠨ ᠠᠵᠤ ᠠᠬᠤᠢ ᠨᠡᠶᠢᠭᠡᠮ ᠲᠦᠷᠭᠡᠨ ᠬᠥᠭᠵᠢᠵᠦ᠂ ᠳᠡᠯᠡᠬᠡᠢ ᠳᠡᠭᠡᠷᠡᠬᠢ ᠪᠠᠶᠢᠷᠢ ᠰᠠᠭᠤᠷᠢ ᠪᠣᠯᠣᠨ ᠨᠥᠯᠥᠭᠡ | ᠲᠠᠰᠤᠷᠠᠯᠳᠡ ᠦᠭᠡᠢ ᠳᠡᠭᠡᠭᠰᠢᠯᠡᠪᠡ᠃ ᠬᠡᠳᠦ᠋ᠢᠪᠡᠷ ᠳᠡᠯᠡᠬᠡᠢ ᠳ᠋ᠠᠬᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ | ᠬᠤᠪᠢᠰᠤᠯᠲᠠ ᠳᠤ ᠣᠷᠣᠰᠢᠵᠤ ᠪᠠᠶᠢᠭ᠎ᠠ ᠪᠤᠯᠪᠠᠴᠤ ᠠᠽᠧᠷᠪᠠᠶᠢᠵᠠᠨ ᠪᠣᠯᠣᠨ ᠳᠤᠮᠳᠠᠳᠤ ᠤᠯᠤᠰ ᠢᠮᠠᠭᠲᠠ ᠬᠠᠷᠢᠯᠴᠠᠨ | ᠭᠦᠨᠳᠦᠳᠭᠡᠵᠦ᠂ ᠬᠠᠷᠢᠯᠴᠠᠨ ᠢᠲᠡᠭᠡᠯᠴᠡᠵᠦ᠂ ᠬᠠᠮᠲᠤᠷᠠᠯᠴᠠᠭ᠎ᠠ ᠲᠠᠰᠤᠷᠠᠯᠲᠠ ᠦᠭᠡᠢ ᠭᠦᠨᠵᠡᠭᠡᠶᠢᠷᠡᠵᠦ᠂ ᠠᠵᠤ ᠠᠬᠤᠢ | ᠠᠷᠠᠯᠵᠢᠶᠠᠨ ᠤ ᠬᠠᠷᠢᠯᠴᠠᠭ᠎ᠠ ᠲᠦᠷᠭᠡᠨ ᠬᠥᠭᠵᠢᠵᠦ᠂ ᠣᠷᠣᠨ ᠨᠤᠲᠤᠭ ᠤᠨ ᠰᠣᠯᠢᠯᠴᠠᠭ᠎ᠠ ᠡᠳᠦᠷ ᠢᠷᠡᠬᠦᠶ᠎ᠡ ᠨᠢᠭᠲᠠᠷᠠᠵᠤ᠂ | ᠬᠤᠯᠪᠣᠯᠳᠤᠨ ᠨᠡᠪᠲᠡᠷᠡᠯᠴᠡᠬᠦ ᠠᠵᠢᠯ ᠲᠦᠷᠭᠡᠨ ᠠᠬᠢᠴᠠ ᠲᠠᠢ ᠪᠣᠯᠪᠠ᠃ ᠠᠽᠧᠷᠪᠠᠶᠢᠵᠠᠨ ᠤ ᠬᠢᠨ ᠨᠢᠭᠡ ᠳᠤᠮᠳᠠᠳᠤ ᠤᠯᠤᠰ | ᠪᠠᠶᠢᠬᠤ ᠵᠠᠷᠴᠢᠮ ᠢ ᠡᠷᠡᠰ ᠵᠢᠷᠤᠮᠯᠠᠵᠤ᠂ ᠲᠠᠶᠢᠸᠠᠨ ᠪᠣᠯ ᠳᠤᠮᠳᠠᠳᠤ ᠤᠯᠤᠰ ᠤᠨ ᠨᠤᠲᠤᠭ ᠳᠡᠪᠢᠰᠬᠡᠷ ᠤᠨ ᠰᠠᠯᠵᠤ ᠪᠣᠯᠣᠰᠢ | ᠦᠭᠡᠢ ᠨᠢᠭᠡ ᠬᠡᠰᠡᠭ ᠪᠤᠯᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠤᠯᠤᠰ ᠤᠨ | ᠨᠢᠭᠡᠳᠦᠯ ᠢᠶᠠᠨ ᠪᠡᠶᠡᠯᠡᠭᠦᠯᠬᠦ ᠶᠢᠨ ᠲᠥᠯᠥᠭᠡ ᠭᠠᠷᠭᠠᠭᠰᠠᠨ ᠠᠯᠢᠪᠠ ᠴᠢᠷᠮᠠᠶᠢᠯᠭ᠎ᠠ ᠶᠢ ᠳᠡᠮᠵᠢᠨ᠎ᠠ᠃ ᠲᠡᠷᠢᠭᠦᠯᠡᠭᠴᠢ ᠰᠢ ᠶᠢᠨ | ᠫᠢᠩ ᠤᠨ ᠳᠤᠷᠠᠳᠤᠭᠰᠠᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ | ᠣᠶᠢᠯᠠᠭᠠᠭᠳᠠᠬᠤᠨ ᠪᠣᠯᠣᠨ ᠪᠦᠭᠦ ᠪᠥᠮᠪᠥᠷᠴᠡᠭ ᠤᠨ ᠭᠤᠷᠪᠠᠨ ᠶᠡᠭᠡ ᠰᠠᠨᠠᠭᠠᠴᠢᠯᠠᠭ᠎ᠠ ᠨᠢ ᠳᠡᠯᠡᠬᠡᠢ ᠶᠢᠨ ᠡᠩᠬᠡ ᠲᠠᠶᠢᠪᠤᠩ | ᠲᠣᠭᠲᠠᠭᠤᠨ ᠬᠥᠭᠵᠢᠯ ᠴᠡᠴᠡᠭᠯᠡᠯ ᠳᠤ ᠠᠰᠢᠭᠲᠠᠢ ᠶᠤᠮ᠂ ᠠᠽᠧᠷᠪᠠᠶᠢᠵᠠᠨ ᠤ ᠬᠢᠨ ᠳᠡᠭᠡᠳᠦ ᠬᠡᠮᠵᠢᠶ᠎ᠡ ᠪᠠᠷ ᠮᠠᠭᠲᠠᠨ | ᠰᠠᠶᠢᠰᠢᠶᠠᠵᠤ᠂ ᠢᠳᠡᠪᠬᠢᠲᠡᠢ ᠲᠡᠮᠵᠢᠵᠥ ᠪᠠᠶᠢᠨ᠎ᠠ᠃ ᠠᠽᠧᠷᠪᠠᠶᠢᠵᠠᠨ ᠤ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠪᠦᠭᠦ | ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ︽ | ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ᠂ ᠲᠣᠭᠠᠴᠢᠯᠠᠭᠰᠠᠨ ᠠᠵᠤ ᠠᠬᠤᠢ᠂ ᠪᠣᠬᠢᠷᠳᠤᠯ ᠦᠭᠡᠢ ᠡᠨᠧᠷᠭᠢ | ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠶᠢ ᠥᠷᠭᠡᠳᠬᠡᠵᠦ᠂ ᠲᠦᠷᠦ ᠶᠢᠨ | ᠨᠠᠮ ᠵᠢᠴᠢ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠭᠦᠨᠵᠡᠭᠡᠶᠢᠷᠡᠭᠦᠯᠵᠦ᠂ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ | ᠶᠠᠪᠤᠳᠠᠯ ᠳᠠᠬᠢ ᠬᠠᠮᠵᠢᠯᠴᠠᠭ᠎ᠠ ᠪᠠᠨ ᠴᠢᠩᠭᠠᠳᠬᠠᠵᠤ᠂ ᠬᠤᠶᠠᠷ ᠤᠯᠤᠰ ᠤᠨ ᠬᠠᠷᠢᠯᠴᠠᠭ᠎ᠠ ᠶᠢᠨ ᠨᠡᠩ ᠶᠡᠭᠡ ᠬᠥᠭᠵᠢᠯᠲᠡ ᠲᠠᠢ | ᠪᠤᠯᠬᠤ ᠶᠢ ᠠᠬᠢᠭᠤᠯᠤᠨ᠎ᠠ ᠭᠡᠵᠦ ᠢᠯᠡᠳᠬᠡᠪᠡ᠃ | ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ︽ᠪᠦᠭᠦᠳᠠ ᠨᠠᠶᠢᠷᠠᠮᠳᠠᠬᠤ ᠳᠤᠮᠳᠠᠳᠤ | ᠠᠷᠠᠳ ᠤᠯᠤᠰ ᠪᠣᠯᠣᠨ ᠪᠦᠭᠦᠳᠠ ᠨᠠᠶᠢᠷᠠᠮᠳᠠᠬᠤ ᠠᠽᠧᠷᠪᠠᠶᠢᠵᠠᠨ ᠤᠯᠤᠰ ᠤᠨ ᠪᠦᠭᠦ ᠲᠠᠯ᠎ᠠ ᠶᠢᠨ ᠪᠠᠶᠢᠯᠳᠤᠬᠤ | ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠬᠤ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾ ᠳᠤ ᠬᠠᠮᠲᠤ ᠪᠠᠷ | ᠭᠠᠷ ᠤᠨ ᠦᠰᠦᠭ ᠵᠢᠷᠤᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ᠂ ᠬᠠᠤᠯᠢ ᠴᠠᠭᠠᠵᠠ᠂ | ᠪᠣᠬᠢᠷᠳᠤᠯ ᠦᠭᠡᠢ ᠬᠥᠭᠵᠢᠯᠲᠡ᠂ ᠲᠣᠭᠠᠴᠢᠯᠠᠭᠰᠠᠨ ᠠᠵᠤ ᠠᠬᠤᠢ᠂ ᠮᠡᠳᠡᠯᠭᠡ ᠶᠢᠨ ᠥᠮᠴᠢᠯᠡᠯ ᠤᠨ ᠡᠷᠬᠡ᠂ ᠰᠠᠨᠰᠠᠷ ᠤᠨ | ᠠᠶᠠᠯᠠᠯ ᠵᠡᠷᠭᠡ ᠬᠦᠷᠢᠶᠡᠨ ᠳᠠᠬᠢ 20 ᠵᠦᠢᠯ ᠤᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ | ᠵᠢᠷᠤᠬᠤ ᠶᠢ ᠭᠡᠷᠡᠴᠢᠯᠡᠪᠡ᠃ | ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ | ᠬᠤᠷᠠᠯ ᠤᠨ ᠲᠠᠩᠬᠢᠮ ᠤᠨ ᠵᠡᠭᠦᠨ ᠡᠭᠦᠳᠡᠨ ᠤ ᠭᠠᠳᠠᠨᠠᠬᠢ ᠠᠭᠤᠳᠠᠮ ᠲᠠᠯᠠᠪᠠᠢ ᠳᠤ ᠠᠯᠢᠶᠧᠹ ᠪᠣᠯᠣᠨ ᠲᠡᠭᠦᠨ ᠤ ᠬᠠᠳᠤᠨ | ᠠᠯᠢᠶ᠋ᠸᠧᠠ ᠶᠢ ᠤᠭᠲᠤᠬᠤ ᠶᠣᠰᠣᠯᠠᠯ ᠶᠠᠪᠤᠭᠤᠯᠪᠠ᠃ | ᠠᠯᠢᠶᠧᠹ ᠬᠦᠷᠴᠦ ᠢᠷᠡᠬᠦ ᠳᠤ ᠶᠣᠰᠣᠯᠠᠯ ᠤᠨ ᠴᠡᠷᠢᠭ ᠮᠥᠷᠯᠡᠨ ᠵᠣᠭᠰᠣᠵᠤ ᠬᠦᠨᠳᠦᠳᠬᠡᠯ ᠳᠡᠪᠰᠢᠭᠦᠯᠪᠡ᠃ | ᠰᠢ ᠶᠢᠨ ᠫᠢᠩ ᠠᠯᠢᠶᠧᠹ ᠲᠠᠢ ᠬᠠᠮᠲᠤ ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠭᠦᠮ | ᠳᠤᠮᠳᠠᠳᠤ ᠠᠽᠧᠷᠪᠠᠶᠢᠵᠠᠨ ᠬᠤᠶᠠᠷ ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ᠂ ᠲᠢᠶᠠᠨ ᠠᠨ ᠮᠧᠨ ᠲᠠᠯᠠᠪᠠᠢ ᠳᠤ | ᠶᠣᠰᠣᠯᠠᠯ ᠤᠨ ᠫᠤᠤ ᠶᠢ 21 ᠳᠤᠤᠭᠠᠷᠭᠠᠪᠠ᠃ ᠠᠯᠢᠶᠧᠹ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ | ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ | ᠰᠣᠨᠢᠷᠬᠠᠪᠠ᠃ | ᠲᠤᠰ ᠡᠳᠦᠷ ᠤᠨ ᠦᠳᠡ ᠳᠤ᠂ ᠰᠢ ᠶᠢᠨ ᠫᠢᠩ ᠪᠣᠯᠣᠨ ᠫᠧᠩ ᠯᠢ ᠶᠤᠸᠠᠨ ᠠᠷᠠᠳ ᠤᠨ ᠶᠡᠭᠡ ᠬᠤᠷᠠᠯ ᠤᠨ | ᠲᠠᠩᠬᠢᠮ ᠤᠨ ᠰᠢᠵᠢᠷ ᠠᠯᠳᠠᠨ ᠲᠢᠩᠬᠢᠮ ᠳᠤ ᠠᠯᠢᠶᠧᠹ ᠪᠣᠯᠣᠨ ᠲᠡᠭᠦᠨ ᠤ ᠬᠠᠳᠤᠨ ᠢ ᠤᠭᠲᠤᠬᠤ ᠳᠠᠶᠢᠯᠠᠯᠭ᠎ᠠ ᠬᠢᠪᠡ᠃ | ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ | |