ᠰᠢ ᠶᠢᠨ ᠫᠢᠩ ᠠᠭᠤᠷ ᠠᠮᠢᠰᠬᠤᠯ ᠪᠣᠯᠣᠨ ᠲᠥᠪ ᠭᠤᠣᠯᠴᠢ ᠪᠠᠷ ᠬᠡᠯᠪᠡᠷᠢ ᠪᠠᠨ ᠬᠤᠪᠢᠷᠠᠭᠤᠯᠬᠤ ᠤᠳᠤᠷᠢᠳᠬᠤ ᠬᠥᠮᠥᠰ ᠤᠨ ᠲᠦᠷᠦᠭᠦᠴᠦᠳ ᠤᠨ ᠬᠤᠷᠠᠯ ᠳᠤ ᠪᠠᠶᠠᠷ ᠤᠨ ᠦᠭᠡ ᠬᠡᠯᠡᠪᠡ
ᠨᠡᠶᠢᠲᠡᠯᠡᠭᠰᠡᠨ ᠴᠠᠭ᠄
2025/4/25
            ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 23 ᠤ ᠴᠠᠭᠢᠯᠭᠠᠨ ᠮᠡᠳᠡᠭᠡ 4 ᠰᠠᠷ᠎ᠠ ᠶᠢᠨ 23 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠭᠤᠷ ᠠᠮᠢᠰᠬᠤᠯ ᠪᠣᠯᠣᠨ ᠲᠥᠪ ᠭᠤᠤᠯᠴᠢ ᠪᠠᠷ ᠭᠡᠯᠪᠡᠷᠢ ᠪᠠᠨ ᠬᠤᠪᠢᠷᠠᠭᠤᠯᠬᠤ ᠤᠳᠤᠷᠢᠳᠬᠤ ᠬᠥᠮᠥᠰ ᠤᠨ ᠲᠦᠷᠦᠭᠦᠴᠦᠳ ᠤᠨ ᠸᠢᠳᠢᠤ᠋ ᠬᠤᠷᠠᠯ ᠳᠤ ᠪᠠᠶᠠᠷ ᠤᠨ ᠦᠭᠡ ᠬᠡᠯᠡᠪᠡ᠃
习近平 气候1.jpg
      4 ᠰᠠᠷ᠎ᠠ ᠶᠢᠨ 23 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠭᠤᠷ ᠠᠮᠢᠰᠬᠤᠯ ᠪᠣᠯᠣᠨ ᠲᠥᠪ ᠭᠤᠤᠯᠴᠢ ᠪᠠᠷ ᠭᠡᠯᠪᠡᠷᠢ ᠪᠠᠨ ᠬᠤᠪᠢᠷᠠᠭᠤᠯᠬᠤ ᠤᠳᠤᠷᠢᠳᠬᠤ ᠬᠥᠮᠥᠰ ᠤᠨ ᠲᠦᠷᠦᠭᠦᠴᠦᠳ ᠤᠨ ᠸᠢᠳᠢᠤ᠋ ᠬᠤᠷᠠᠯ ᠳᠤ ᠪᠠᠶᠠᠷ ᠤᠨ ᠦᠭᠡ ᠬᠡᠯᠡᠪᠡ᠃       ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ       ᠰᠢ ᠶᠢᠨ ᠫᠢᠩ᠂ ᠡᠨᠡ ᠵᠢᠯ ᠪᠣᠯ ︽ᠫᠠᠷᠢᠰ ᠤᠨ ᠬᠡᠯᠡᠯᠴᠡᠭᠡᠷ︾ ᠲᠣᠭᠲᠠᠭᠰᠠᠨ 10 ᠵᠢᠯ ᠤᠨ ᠤᠢ ᠪᠤᠯᠬᠤ ᠪᠥᠭᠡᠳ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 80 ᠵᠢᠯ ᠤᠨ ᠤᠢ ᠪᠣᠯᠣᠨ᠎ᠠ᠃ ᠣᠳᠣᠬᠠᠨ ᠳᠤ᠂ ᠳᠡᠯᠡᠬᠡᠢ ᠶᠢᠷᠲᠢᠨᠴᠦ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠤᠯᠠᠷᠢᠵᠤ ᠂ ᠬᠥᠮᠥᠨ ᠲᠥᠷᠥᠯᠬᠢᠲᠡᠨ ᠤ ᠨᠡᠶᠢᠭᠡᠮ ᠰᠢᠨ᠎ᠡ ᠲᠣᠨᠣᠯᠵᠢᠨ ᠵᠠᠮ ᠳᠤ ᠵᠣᠭᠰᠣᠪᠠ᠃ ᠣᠨᠴᠠ ᠵᠠᠷᠢᠮ ᠲᠣᠮᠣ ᠤᠯᠤᠰ ᠬᠡᠳᠦ᠋ᠢᠪᠡᠷ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠳᠤ ᠬᠠᠯᠠᠮᠰᠢᠵᠤ᠂ ᠤᠯᠠᠨ ᠤᠯᠤᠰ ᠤᠨ ᠳᠦᠷᠢᠮ ᠪᠠ ᠤᠯᠠᠨ ᠤᠯᠤᠰ ᠤᠨ ᠡᠮᠬᠢ ᠵᠢᠷᠤᠮ ᠳᠤ ᠬᠦᠨᠳᠦ ᠨᠣᠴᠢᠲᠠᠢ ᠳᠠᠭᠠᠷᠢᠯᠲᠠ ᠤᠴᠠᠷᠠᠭᠤᠯᠵᠤ ᠪᠠᠶᠢᠬᠤ ᠪᠤᠯᠪᠠᠴᠤ ᠲᠡᠦᠬᠡ ᠶᠡᠷᠦ ᠨᠢ ᠨᠤᠭᠤᠷᠠᠯ ᠪᠦᠳᠦᠷᠢᠯ ᠤᠨ ᠳᠤᠮᠳᠠ ᠤᠷᠤᠭᠰᠢᠯᠠᠬᠤ ᠶᠤᠮ᠃ ᠢᠲᠡᠭᠡᠯ ᠵᠣᠷᠢᠭ ᠢᠶᠠᠨ ᠪᠠᠲᠤᠳᠬᠠᠵᠤ᠂ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠳᠠᠭ ᠯᠠ ᠶᠤᠮ ᠪᠣᠯ ᠯᠠᠪᠲᠠᠢ ᠰᠥᠷᠭᠡᠦ ᠤᠷᠤᠰᠬᠠᠯ ᠢ ᠰᠢᠪᠲᠤᠯᠵᠤ᠂ ᠪᠦᠭᠦ ᠪᠥᠮᠪᠥᠷᠴᠡᠭ ᠤᠨ ᠠᠭᠤᠷ ᠠᠮᠢᠰᠬᠤᠯ ᠤᠨ ᠵᠠᠰᠠᠯᠲᠠ ᠪᠣᠯᠣᠨ ᠳᠡᠯᠡᠬᠡᠢ ᠶᠢᠨ ᠠᠯᠢᠪᠠ ᠲᠠᠪᠰᠢᠯᠳᠠ ᠶᠢᠨ ᠦᠢᠯᠡᠰ ᠤᠨ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠵᠤ ᠴᠢᠳᠠᠨ᠎ᠠ᠃       ᠨᠢᠭᠡ ᠳᠤ᠂ ᠤᠯᠠᠨ ᠲᠠᠯᠠᠲᠤ ᠦᠵᠡᠯ ᠢ ᠪᠠᠲᠤ ᠰᠠᠬᠢᠨ᠎ᠠ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ᠂ ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠵᠤ᠂ ᠤᠯᠠᠨ ᠤᠯᠤᠰ ᠤᠨ ᠲᠥᠪ ᠭᠤᠣᠯᠴᠢ ᠰᠢᠳᠤᠷᠭᠤ ᠶᠣᠰᠣ ᠶᠢ ᠡᠷᠡᠰ ᠬᠠᠮᠠᠭᠠᠯᠠᠬᠤ ᠬᠡᠷᠡᠭᠲᠡᠢ᠃ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠪᠠᠷᠢᠮᠲᠠᠯᠠᠵᠤ᠂ ᠢᠲᠡᠭᠡᠯ ᠢ ᠴᠢᠬᠤᠯᠠᠴᠢᠯᠠᠨ ᠠᠮᠠᠯᠠᠯᠲᠠ ᠪᠠᠨ ᠵᠢᠷᠤᠮᠯᠠᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠣᠨᠢᠯᠠᠨ᠂ ᠤᠯᠠᠨ ᠲᠠᠯᠠᠲᠤ ᠵᠠᠰᠠᠯᠲᠠ ᠪᠠᠷ ᠳᠠᠮᠵᠢᠭᠤᠯᠤᠨ ᠠᠭᠤᠷ ᠠᠮᠢᠰᠬᠤᠯ ᠤᠨ ᠬᠢᠮᠤᠷᠠᠯ ᠢ ᠬᠠᠮᠲᠤ ᠪᠠᠷ ᠠᠷᠭᠠᠴᠠᠭᠠᠶ᠎ᠠ᠃       ᠬᠤᠶᠠᠷ ᠲᠤ᠂ ᠤᠯᠠᠨ ᠤᠯᠤᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠨᠡᠭᠡᠭᠡᠯᠲᠡᠲᠡᠢ ᠪᠠᠭᠲᠠᠭᠠᠮᠵᠢᠲᠠᠢ ᠪᠠᠶᠢᠬᠤ ᠪᠠᠷ ᠵᠠᠪᠰᠠᠷᠳᠠᠯ ᠮᠥᠷᠭᠦᠯᠳᠦᠭᠡᠨ ᠢ ᠳᠠᠪᠠᠵᠤ᠂ ᠬᠠᠮᠲᠤᠷᠠᠯᠴᠠᠭ᠎ᠠ ᠪᠠᠷ ᠮᠡᠷᠭᠡᠵᠢᠯ ᠤᠨ ᠰᠢᠨ᠎ᠡ ᠡᠭᠦᠳᠦᠯᠲᠡ ᠪᠠ ᠠᠵᠤ ᠦᠢᠯᠡᠰ ᠤᠨ ᠬᠤᠪᠢᠰᠤᠯᠲᠠ ᠶᠢ ᠠᠬᠢᠭᠤᠯᠵᠤ᠂ ᠴᠢᠨᠠᠷ ᠰᠠᠶᠢᠲᠠᠢ ᠪᠣᠬᠢᠷᠳᠤᠯ ᠦᠭᠡᠢ ᠮᠡᠷᠭᠡᠵᠢᠯ ᠪᠠ ᠦᠢᠯᠡᠳᠬᠦᠨ ᠤ ᠴᠢᠯᠦᠭᠡᠲᠡᠢ ᠭᠦᠢᠯᠭᠡᠭᠡ ᠶᠢ ᠠᠬᠢᠭᠤᠯᠵᠤ᠂ ᠡᠯ᠎ᠡ ᠤᠯᠤᠰ ᠢᠯᠠᠩᠭᠤᠶ᠎ᠠ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠴᠥᠮ ᠬᠡᠷᠡᠭᠯᠡᠵᠦ ᠪᠤᠯᠬᠤ᠂ ᠬᠡᠷᠡᠭᠯᠡᠵᠦ ᠳᠡᠶᠢᠯᠭᠦ᠂ ᠰᠠᠶᠢᠲᠤᠷ ᠬᠡᠷᠡᠭᠯᠡᠬᠦ ᠪᠣᠯᠭᠠᠨ᠎ᠠ᠃ ᠳᠤᠮᠳᠠᠳᠤ ᠤᠯᠤᠰ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭ᠎ᠠ ᠶᠢ ᠶᠡᠭᠡ ᠪᠠᠷ ᠭᠦᠨᠵᠡᠭᠡᠶᠢᠷᠡᠭᠦᠯᠵᠦ᠂ ᠪᠤᠰᠤᠳ ᠬᠥᠭᠵᠢᠵᠦ ᠪᠠᠶᠢᠭ᠎ᠠ ᠤᠯᠤᠰ ᠤᠳ ᠲᠤ ᠦᠷᠭᠦᠯᠵᠢᠯᠡᠨ ᠴᠢᠳᠠᠯ ᠤᠨ ᠢᠶᠠᠨ ᠬᠢᠷᠢ ᠪᠠᠷ ᠬᠠᠪᠰᠤᠷᠤᠯᠭ᠎ᠠ ᠦᠵᠡᠭᠦᠯᠦᠨ᠎ᠡ᠃       ᠭᠤᠷᠪᠠ ᠳᠤ᠂ ᠲᠥᠪ ᠭᠤᠤᠯᠴᠢ ᠪᠠᠷ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠠᠷᠠᠳ ᠲᠦᠮᠡᠨ ᠢᠶᠠᠷ ᠭᠤᠣᠯ ᠪᠤᠯᠭᠠᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠰᠠᠶᠢᠵᠢᠷᠠᠭᠤᠯᠬᠤ ᠪᠠ ᠠᠭᠤᠷ ᠠᠮᠢᠰᠬᠤᠯ ᠢ ᠵᠠᠰᠠᠬᠤ ᠶᠢ ᠬᠠᠮᠵᠢᠯᠴᠠᠨ ᠠᠬᠢᠭᠤᠯᠵᠤ᠂ ᠣᠷᠴᠢᠨ ᠲᠣᠭᠤᠷᠢᠨ ᠢ ᠬᠠᠮᠠᠭᠠᠯᠠᠬᠤ᠂ ᠠᠵᠤ ᠠᠬᠤᠢ ᠶᠢ ᠬᠥᠭᠵᠢᠭᠦᠯᠬᠦ᠂ ᠠᠵᠢᠯ ᠤᠨ ᠪᠠᠶᠢᠷᠢ ᠡᠭᠦᠳᠬᠦ᠂ ᠶᠠᠳᠠᠭᠤ ᠬᠦᠴᠢᠷᠳᠡᠯ ᠢ ᠠᠷᠢᠯᠭᠠᠬᠤ ᠵᠡᠷᠭᠡ ᠣᠯᠠᠨ ᠬᠠᠷᠠᠯᠲᠠ ᠶᠢ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ ᠃ ᠬᠥᠭᠵᠢᠭᠰᠡᠨ ᠤᠯᠤᠰ ᠤᠳ ᠬᠥᠭᠵᠢᠵᠦ ᠪᠠᠶᠢᠭ᠎ᠠ ᠤᠯᠤᠰ ᠤᠳ ᠲᠤ ᠬᠠᠪᠰᠤᠷᠤᠯᠭ᠎ᠠ ᠳᠡᠮᠵᠢᠯᠭᠡ ᠬᠠᠩᠭᠠᠵᠤ᠂ ᠪᠦᠭᠦ ᠪᠥᠮᠪᠥᠷᠴᠡᠭ ᠤᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠳᠤ ᠬᠦᠴᠦᠨ ᠨᠡᠮᠡᠷᠢᠯᠡᠵᠦ᠂ ᠡᠯ᠎ᠡ ᠤᠯᠤᠰ ᠤᠨ ᠠᠷᠠᠳ ᠲᠦᠮᠡᠨ ᠤ ᠬᠠᠮᠲᠤ ᠶᠢᠨ ᠪᠠ ᠠᠯᠤᠰ ᠭᠡᠳᠤ ᠶᠢᠨ ᠠᠵᠠ ᠵᠢᠷᠭᠠᠯ ᠢ ᠨᠡᠮᠡᠭᠳᠡᠭᠦᠯᠬᠦ ᠡᠭᠦᠷᠭᠡ ᠲᠠᠢ ᠶᠤᠮ᠃       ᠳᠥᠷᠪᠡ ᠳᠤ᠂ ᠪᠣᠳᠠᠲᠠᠢ ᠶᠢ ᠡᠷᠭᠢᠮᠯᠡᠭᠦ ᠠᠵᠢᠯᠯᠠᠭ᠎ᠠ ᠶᠢ ᠴᠢᠩᠭᠠᠳᠬᠠᠨ᠎ᠠ᠃ ᠡᠯ᠎ᠡ ᠲᠠᠯ᠎ᠠ ᠶᠢᠨ ᠬᠢᠨ ᠴᠥᠮ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠪᠠᠶᠢᠭᠠᠳ ᠠᠵᠤ ᠠᠬᠤᠢ ᠶᠢᠨ ᠬᠥᠭᠵᠢᠯᠲᠡ ᠪᠠ ᠡᠨᠧᠷᠭᠢ ᠶᠢᠨ ᠭᠡᠯᠪᠡᠷᠢ ᠶᠢᠨ ᠬᠤᠪᠢᠷᠠᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠭᠰᠡᠨ ᠰᠠᠭᠤᠷᠢᠨ ᠳᠡᠭᠡᠷ᠎ᠡ ᠤᠯᠤᠰ ᠤᠨ ᠪᠡᠶ᠎ᠡ ᠪᠠᠨ ᠳᠠᠭᠠᠭᠠᠵᠤ ᠬᠤᠪᠢ ᠨᠡᠮᠡᠷᠢ ᠦᠵᠡᠭᠦᠯᠭᠦ ᠠᠵᠢᠯᠯᠠᠭᠠᠨ ᠤ ᠬᠥᠲᠥᠯᠪᠦᠷᠢ ᠶᠢ ᠲᠣᠭᠲᠠᠭᠠᠨ ᠬᠡᠷᠡᠭᠵᠢᠭᠦᠯᠪᠡᠯ ᠵᠣᠬᠢᠨ᠎ᠠ᠃ ᠳᠤᠮᠳᠠᠳᠤ ᠤᠯᠤᠰ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢᠨ ᠪᠧᠯᠦ᠋ᠨ ᠤ ᠶᠡᠭᠡ ᠬᠤᠷᠠᠯ ᠠᠴᠠ ᠡᠮᠦᠨ᠎ᠡ᠂ ᠪᠤᠢ ᠪᠦᠬᠦᠢ ᠬᠦᠯᠡᠮᠵᠢ ᠶᠢᠨ ᠬᠡᠢ ᠪᠡᠶᠡᠲᠦ ᠶᠢ ᠪᠠᠭᠲᠠᠭᠠᠭᠰᠠᠨ ᠪᠦᠭᠦ ᠠᠵᠤ ᠠᠬᠤᠢ ᠶᠢᠨ ᠬᠦᠷᠢᠶ᠎ᠡ ᠶᠢ ᠬᠠᠮᠤᠷᠤᠭᠰᠠᠨ 2035 ᠣᠨ ᠤ ᠤᠯᠤᠰ ᠤᠨ ᠪᠡᠶ᠎ᠡ ᠪᠠᠨ ᠳᠠᠭᠠᠭᠠᠵᠤ ᠬᠤᠪᠢ ᠨᠡᠮᠡᠷᠢ ᠦᠵᠡᠭᠦᠯᠭᠦ ᠬᠠᠷᠠᠯᠲᠠ ᠶᠢ ᠨᠡᠶᠢᠲᠡᠯᠡᠬᠦ ᠪᠣᠯᠣᠨ᠎ᠠ ᠭᠡᠵᠦ ᠵᠢᠭᠠᠵᠤ ᠭᠠᠷᠭᠠᠪᠠ᠃       ᠰᠢ ᠶᠢᠨ ᠫᠢᠩ᠂ ᠬᠥᠮᠥᠨ ᠪᠠᠶᠢᠭᠠᠯᠢ ᠡᠶ᠎ᠡ ᠵᠣᠬᠢᠴᠠᠩᠭᠤᠢ ᠬᠠᠮᠲᠤ ᠣᠷᠣᠰᠢᠬᠤ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠢᠯᠡ ᠲᠣᠳᠣ ᠣᠨᠴᠠᠯᠢᠭ ᠪᠣᠯᠣᠨ᠎ᠠ᠃ ᠳᠤᠮᠳᠠᠳᠤ ᠤᠯᠤᠰ ᠪᠣᠯ ᠳᠡᠯᠡᠬᠡᠢ ᠶᠢᠨ ᠪᠣᠬᠢᠷᠳᠤᠯ ᠦᠭᠡᠢ ᠬᠥᠭᠵᠢᠯᠲᠡ ᠶᠢᠨ ᠡᠷᠡᠰ ᠪᠠᠲᠤ ᠠᠵᠢᠯᠯᠠᠭᠴᠢ᠂ ᠴᠢᠬᠤᠯᠠ ᠬᠤᠪᠢ ᠨᠡᠮᠡᠷᠢ ᠦᠵᠡᠭᠦᠯᠦᠭᠴᠢ ᠮᠥᠨ᠂ 5 ᠵᠢᠯ ᠤᠨ ᠡᠮᠦᠨ᠎ᠡ ᠪᠢ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠶᠢ ᠨᠡᠶᠢᠲᠡᠯᠡᠭᠰᠡᠨ ᠠᠴᠠ ᠨᠠᠭᠠᠰᠢ᠂ ᠳᠤᠮᠳᠠᠳᠤ ᠤᠯᠤᠰ ᠪᠦᠭᠦ ᠪᠥᠮᠪᠥᠷᠴᠡᠭ ᠤᠨ ᠬᠠᠮᠤᠭ ᠤᠨ ᠶᠡᠭᠡ᠂ ᠬᠥᠭᠵᠢᠯᠲᠡ ᠪᠠᠷ ᠬᠠᠮᠤᠭ ᠤᠨ ᠲᠦᠷᠭᠡᠨ ᠳᠠᠬᠢᠯᠲᠠ ᠡᠨᠧᠷᠭᠢ ᠶᠢᠨ ᠰᠢᠰᠲ᠋ᠧᠮ ᠢ ᠪᠠᠶᠢᠭᠤᠯᠵᠤ᠂ ᠪᠦᠭᠦ ᠪᠥᠮᠪᠥᠷᠴᠡᠭ ᠤᠨ ᠬᠠᠮᠤᠭ ᠤᠨ ᠶᠡᠭᠡ᠂ ᠬᠠᠮᠤᠭ ᠤᠨ ᠪᠦᠷᠢᠨ ᠪᠦᠲᠦᠨ ᠰᠢᠨ᠎ᠡ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠵᠤ᠂ ᠪᠦᠭᠦ ᠪᠥᠮᠪᠥᠷᠴᠡᠭ ᠤᠨ ᠲᠦᠷᠪᠡᠨ ᠤ ᠨᠢᠭᠡ ᠬᠤᠪᠢ ᠶᠢᠨ ᠰᠢᠨ᠎ᠡ ᠪᠠᠷ ᠨᠡᠮᠡᠭᠳᠡᠭᠰᠡᠨ ᠪᠣᠬᠢᠷᠳᠤᠯ ᠦᠭᠡᠢ ᠲᠠᠯᠠᠪᠠᠢ ᠶᠢ ᠬᠠᠨᠳᠢᠪᠯᠡᠪᠠ᠃ ᠳᠡᠯᠡᠬᠡᠢ ᠶᠢᠨ ᠪᠠᠶᠢᠳᠠᠯ ᠳᠤ ᠶᠠᠮᠠᠷ ᠬᠤᠪᠢᠷᠠᠯᠲᠠ ᠭᠠᠷᠤᠭᠰᠠᠨ ᠴᠤ ᠳᠤᠮᠳᠠᠳᠤ ᠤᠯᠤᠰ ᠤᠨ ᠠᠭᠤᠷ ᠠᠮᠢᠰᠬᠤᠯ ᠤᠨ ᠬᠤᠪᠢᠷᠠᠯᠲᠠ ᠶᠢ ᠢᠳᠡᠪᠬᠢᠲᠡᠢ ᠠᠷᠭᠠᠴᠠᠭᠠᠬᠤ ᠠᠵᠢᠯᠯᠠᠭ᠎ᠠ ᠤᠳᠠᠭᠠᠰᠢᠷᠠᠬᠤ ᠦᠭᠡᠢ᠂ ᠤᠯᠠᠨ ᠤᠯᠤᠰ ᠤᠨ ᠬᠠᠮᠲᠤᠷᠠᠯᠴᠠᠭ᠎ᠠ ᠶᠢ ᠠᠬᠢᠭᠤᠯᠬᠤ ᠴᠢᠷᠮᠠᠶᠢᠯᠭ᠎ᠠ ᠰᠤᠯᠠᠷᠠᠬᠤ ᠦᠭᠡᠢ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠦᠢᠯᠡᠳᠦᠯᠭᠡ ᠵᠤᠬᠰᠤᠬᠤ ᠦᠭᠡᠢ ᠶᠤᠮ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ᠂ ᠬᠠᠮᠲᠤ ᠶᠢᠨ ᠪᠤᠯᠪᠠᠴᠤ ᠢᠯᠭᠠᠭ᠎ᠠ ᠲᠠᠢ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ ᠪᠦᠯᠬᠦᠮᠳᠡᠨ ᠬᠠᠮᠵᠢᠯᠴᠠᠵᠤ᠂ ᠠᠷᠢᠭᠤᠨ ᠴᠡᠪᠡᠷ᠂ ᠦᠵᠡᠰᠬᠦᠯᠡᠩᠲᠦ ᠰᠠᠶᠢᠬᠠᠨ᠂ ᠦᠷᠭᠦᠯᠵᠢᠯᠡᠬᠦ ᠳᠡᠯᠡᠬᠡᠢ ᠶᠢᠷᠲᠢᠨᠴᠦ ᠶᠢ ᠬᠠᠮᠲᠤ ᠪᠠᠷ ᠪᠠᠶᠢᠭᠤᠯᠬᠤ ᠶᠢ ᠠᠬᠢᠭᠤᠯᠤᠨ᠎ᠠ ᠭᠡᠵᠦ ᠴᠢᠬᠤᠯᠠᠴᠢᠯᠠᠪᠠ᠃   
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号