| | ᠰᠢᠨᠬᠤᠸᠠ ᠬᠤᠷᠢᠶᠠᠨ ᠤ ᠪᠡᠭᠡᠵᠢᠩ ᠤᠨ 4 ᠳ᠋ᠦ᠋ᠭᠡᠷ ᠰᠠᠷ᠎ᠠ ᠶᠢᠨ 25 ᠤ ᠡᠳᠦᠷ ᠤᠨ ᠴᠠᠬᠢᠯᠭᠠᠨ ᠮᠡᠳᠡᠭᠡ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ 4 ᠳ᠋ᠦ᠋ᠭᠡᠷ ᠰᠠᠷ᠎ᠠ ᠶᠢᠨ | 25 ᠤ ᠡᠳᠦᠷ ᠬᠤᠷᠠᠯᠳᠤᠭᠠᠨ ᠬᠤᠷᠠᠯᠳᠤᠭᠤᠯᠵᠤ᠂ ᠣᠳᠣᠬᠠᠨ ᠤ ᠠᠵᠤ ᠠᠬᠤᠢ ᠶᠢᠨ ᠪᠠᠶᠢᠳᠠᠯ ᠪᠠ ᠠᠵᠤ ᠠᠬᠤᠢ ᠶᠢᠨ | ᠠᠵᠢᠯ ᠢ ᠵᠠᠳᠠᠯᠤᠨ ᠰᠤᠳᠤᠯᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯᠳᠤᠭᠠᠨ ᠢ | ᠡᠷᠬᠢᠯᠡᠪᠡ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ | ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ ᠵᠥᠪ | ᠣᠨᠣᠪᠴᠢᠲᠠᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ | ᠤᠯᠤᠰ ᠤᠨ ᠳᠣᠲᠣᠭᠠᠳᠤ ᠶᠢᠨ ᠠᠵᠤ ᠠᠬᠤᠢ ᠶᠢᠨ ᠠᠵᠢᠯ ᠪᠠ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠲᠡᠮᠡᠴᠡᠯ ᠢ | ᠨᠢᠭᠡᠳᠦᠯᠲᠡᠢ ᠲᠥᠯᠥᠪᠯᠡᠵᠦ᠂ ᠥᠪᠡᠷ ᠤᠨ ᠢᠶᠠᠨ ᠠᠵᠢᠯ ᠶᠠᠪᠤᠳᠠᠯ ᠢ ᠡᠷᠡᠰ ᠭᠤᠶᠢᠪᠢᠰᠢ ᠦᠭᠡᠢ ᠰᠠᠶᠢᠲᠤᠷ ᠬᠢᠵᠦ᠂ ᠥᠨᠳᠥᠷ | ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠡᠷᠡᠰ ᠭᠤᠶᠢᠪᠢᠰᠢ ᠦᠭᠡᠢ ᠥᠷᠭᠡᠳᠬᠡᠵᠦ᠂ ᠠᠵᠢᠯ ᠣᠯᠭᠤᠯᠲᠠ᠂ ᠠᠵᠤ | ᠠᠬᠤᠶᠢᠯᠠᠯ᠂ ᠵᠠᠬ᠎ᠠ ᠳᠡᠯᠭᠡᠭᠦᠷ ᠪᠠ ᠵᠢᠱᠢᠯᠲᠡ ᠶᠢ ᠬᠦᠴᠦᠯᠡᠨ ᠲᠣᠭᠲᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ | ᠲᠣᠭᠲᠠᠭᠠᠯᠲᠤ ᠴᠢᠨᠠᠷ ᠢᠶᠠᠷ ᠭᠠᠳᠠᠭᠠᠳᠤ ᠣᠷᠴᠢᠨ ᠨᠥᠬᠦᠴᠡᠯ ᠤᠨ ᠲᠦᠷᠭᠡᠨ ᠬᠤᠪᠢᠷᠠᠯᠲᠠ ᠶᠢᠨ ᠲᠣᠭᠲᠠᠭᠠᠯᠲᠤ ᠪᠤᠰᠤ | ᠴᠢᠨᠠᠷ ᠢ ᠠᠷᠭᠠᠴᠠᠭᠠᠬᠤ ᠬᠡᠷᠡᠭᠲᠡᠢ ᠭᠡᠵᠡᠢ᠃ | ᠬᠤᠷᠠᠯᠳᠤᠭᠠᠨ ᠢᠶᠠᠷ ᠴᠢᠬᠤᠯᠠᠴᠢᠯᠠᠬᠤ ᠳᠤ ᠪᠠᠨ᠂ ᠨᠠᠩ ᠢᠳᠡᠪᠬᠢᠲᠡᠢ ᠪᠥᠭᠡᠳ ᠪᠦᠲᠦᠮᠵᠢᠲᠡᠶ ᠬᠤᠷᠸ᠎ᠠ | ᠲᠥᠷᠥ ᠶᠢᠨ ᠪᠣᠳᠣᠯᠭ᠎ᠠ ᠶᠢ ᠰᠢᠮᠳᠠᠭᠤᠯᠤᠨ ᠬᠡᠷᠡᠭᠵᠢᠭᠦᠯᠵᠦ᠂ ᠨᠠᠩ ᠢᠳᠡᠪᠬᠢᠲᠡᠢ ᠡᠳ᠋ ᠤᠨ ᠵᠠᠰᠠᠭ ᠤᠨ ᠲᠥᠷᠥ ᠶᠢᠨ | ᠪᠣᠳᠣᠯᠭ᠎ᠠ ᠪᠠ ᠵᠣᠬᠢᠰᠲᠠᠢ ᠠᠭᠤᠵᠢᠭᠤ ᠪᠠᠶᠢᠯᠭᠠᠬᠤ ᠵᠣᠭᠤᠰᠤᠨ ᠤ ᠲᠥᠷᠥ ᠶᠢᠨ ᠪᠣᠳᠣᠯᠭ᠎ᠠ ᠶᠢ ᠰᠠᠶᠢᠲᠤᠷ ᠮᠥᠷᠲᠡᠭᠡᠨ | ᠭᠦᠢᠴᠡᠳ ᠬᠡᠷᠡᠭᠯᠡᠬᠦ ᠬᠡᠷᠡᠭᠲᠡᠢ᠃ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ | ᠲᠡᠮᠳᠡᠭᠲᠦ᠂ ᠤᠯᠤᠰ ᠤᠨ ᠬᠡᠳᠦ ᠤᠷᠳᠤ ᠬᠤᠭᠤᠴᠠᠭᠠᠲᠤ ᠣᠨᠴᠠᠭᠠᠢ ᠵᠢᠭᠡᠯᠡᠯᠭᠡ ᠵᠡᠷᠭᠡ ᠶᠢ ᠲᠠᠷᠬᠠᠭᠠᠨ ᠬᠡᠷᠡᠭᠯᠡᠬᠦ ᠶᠢ | ᠲᠦᠷᠭᠡᠳᠬᠡᠨ᠎ᠡ᠃ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ | ᠬᠠᠳᠠᠭᠠᠯᠠᠮᠵᠢ ᠶᠢᠨ ᠪᠡᠯᠡᠳᠬᠡᠯ ᠮᠥᠩᠭᠦᠨ ᠤ ᠨᠣᠷᠮ᠎ᠠ ᠪᠠ ᠬᠦᠦ ᠮᠥᠩᠭᠦ ᠶᠢᠨ ᠨᠤᠷᠮ᠎ᠠ ᠶᠢ ᠴᠠᠭ ᠲᠤ ᠨᠢ ᠲᠣᠬᠢᠷᠠᠭᠤᠯᠤᠨ | ᠪᠠᠭᠤᠷᠠᠭᠤᠯᠵᠤ᠂ ᠬᠥᠳᠡᠯᠭᠡᠭᠡᠨᠲᠦ ᠴᠢᠨᠠᠷ ᠢᠶᠠᠷ ᠭᠦᠢᠴᠡᠳ ᠪᠠᠶᠢᠬᠤ ᠶᠢ ᠪᠠᠲᠤᠯᠠᠵᠤ᠂ ᠪᠣᠳᠠᠲᠤ ᠴᠣᠭᠴᠠ ᠶᠢᠨ ᠠᠵᠤ | ᠠᠬᠤᠢ ᠶᠢ ᠬᠦᠴᠦᠯᠡᠨ ᠳᠡᠮᠵᠢᠬᠦ ᠬᠡᠷᠡᠭᠲᠡᠢ᠃ ᠪᠦᠲᠦᠴᠡ ᠶᠢᠨ ᠴᠢᠨᠠᠷᠲᠠᠢ ᠵᠣᠭᠤᠰᠤᠨ ᠤ ᠲᠦᠷᠦ ᠶᠢᠨ ᠪᠣᠳᠣᠯᠭ᠎ᠠ ᠶᠢᠨ ᠰᠢᠨ᠎ᠡ | ᠪᠠᠭᠠᠵᠢ ᠶᠢ ᠡᠭᠦᠳᠦᠨ ᠲᠣᠬᠢᠷᠠᠭᠤᠯᠵᠤ᠂ ᠰᠢᠨ᠎ᠡ ᠮᠠᠶ᠋ᠢᠭ ᠤᠨ ᠲᠦᠷᠦ ᠶᠢᠨ ᠪᠣᠳᠣᠯᠭ᠎ᠠ ᠶᠢᠨ ᠴᠢᠨᠠᠷᠲᠠᠢ ᠮᠥᠩᠭᠦᠨ | ᠭᠦᠢᠯᠭᠡᠭᠡᠨ ᠤ ᠪᠠᠭᠠᠵᠢ ᠶᠢ ᠲᠣᠬᠢᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ | ᠬᠡᠷᠡᠭᠯᠡᠭᠡ ᠶᠢ ᠥᠷᠭᠡᠳᠬᠡᠬᠦ᠂ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ ᠵᠡᠷᠭᠡ ᠶᠢ ᠳᠡᠮᠵᠢᠨ᠎ᠡ ᠭᠡᠵᠡᠢ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠳᠤᠮᠳᠠ ᠳᠣᠣᠷ᠎ᠠ ᠣᠷᠣᠯᠭ᠎ᠠ ᠲᠠᠢ ᠬᠥᠮᠥᠰ ᠤᠨ | ᠣᠷᠣᠯᠭ᠎ᠠ ᠶᠢ ᠨᠡᠮᠡᠭᠳᠡᠭᠦᠯᠵᠦ᠂ ᠦᠢᠯᠡᠴᠢᠯᠡᠭᠡᠨ ᠤ ᠬᠡᠷᠡᠭᠯᠡᠭᠡ ᠶᠢ ᠶᠡᠭᠡ ᠪᠠᠷ ᠬᠥᠭᠵᠢᠭᠦᠯᠵᠦ᠂ ᠠᠵᠤ ᠠᠬᠤᠢ ᠶᠢᠨ ᠨᠡᠮᠡᠭᠳᠡᠯ ᠳᠤ | ᠦᠵᠡᠭᠦᠯᠬᠦ ᠬᠡᠷᠡᠭᠯᠡᠭᠡ ᠶᠢᠨ ᠳᠠᠶᠢᠴᠢᠯᠠᠬᠤ ᠦᠢᠯᠡᠳᠦᠯ ᠢ ᠴᠢᠩᠭᠠᠳᠬᠠᠬᠤ ᠬᠡᠷᠡᠭᠲᠡᠢ᠃ ᠬᠡᠷᠡᠭᠯᠡᠭᠡᠨ ᠤ ᠬᠦᠷᠢᠶᠡᠨ ᠳᠠᠬᠢ | ᠬᠢᠵᠠᠭᠠᠷᠯᠠᠬᠤ ᠴᠢᠨᠠᠷᠲᠠᠢ ᠠᠷᠭ᠎ᠠ ᠬᠡᠮᠵᠢᠶ᠎ᠡ ᠶᠢ ᠲᠦᠷᠭᠡᠬᠡᠨ ᠢᠯᠭᠠᠷᠠᠭᠤᠯᠤᠨ ᠲᠢᠭᠯᠡᠵᠦ᠂ ᠦᠢᠯᠡᠴᠢᠯᠡᠭᠡᠨ ᠤ ᠬᠡᠷᠡᠭᠯᠡᠭᠡ ᠬᠢᠭᠡᠳ | ᠨᠠᠰᠤᠵᠢᠯ ᠤᠨ ᠠᠰᠠᠷᠠᠮᠵᠢ ᠶᠢᠨ ᠳᠠᠬᠢᠯᠲᠠ ᠵᠢᠭᠡᠯᠡᠯᠭᠡ ᠶᠢ ᠲᠣᠬᠢᠷᠠᠭᠤᠯᠤᠨ᠎ᠠ᠃ ᠪᠡᠯᠡ ᠮᠥᠩᠭᠦᠨ ᠤ ᠳᠡᠮᠵᠢᠯᠭᠡ ᠶᠢᠨ ᠡᠷᠴᠢᠮ ᠢ | ᠴᠢᠩᠭᠠᠷᠠᠭᠤᠯᠵᠤ᠂ ᠬᠦᠷᠢᠶ᠎ᠡ ᠬᠡᠪᠴᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠵᠦ ︽ᠰᠢᠨᠡᠳᠬᠡᠬᠦ ᠪᠠ ᠰᠣᠯᠢᠬᠤ︾ | ᠲᠠᠯ᠎ᠠ ᠪᠠᠷ ᠬᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠨ᠂ ︽ᠨᠢᠭᠡ ᠴᠢᠬᠤᠯᠠ ᠨᠢᠭᠡ ᠭᠤᠣᠯᠳᠠᠯᠭ᠎ᠠ︾ ᠶᠢᠨ ᠪᠦᠲᠦᠭᠡᠨ | ᠪᠠᠶᠢᠭᠤᠯᠤᠯᠲᠠ ᠶᠢ ᠬᠦᠴᠦᠯᠡᠨ ᠬᠡᠷᠡᠭᠵᠢᠭᠦᠯᠦᠨ᠎ᠡ ᠭᠡᠵᠡᠢ᠃ | ᠬᠤᠷᠠᠯᠳᠤᠭᠠᠨ ᠢᠶᠠᠷ ᠴᠢᠬᠤᠯᠠᠴᠢᠯᠠᠬᠤ ᠳᠤ ᠪᠠᠨ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ | ᠬᠡᠷᠡᠭᠯᠡᠵᠦ ᠪᠠᠶᠢᠭᠠᠳ ᠬᠦᠴᠢᠷᠳᠡᠯᠲᠡᠢ ᠠᠵᠤ ᠠᠬᠤᠶᠢᠯᠠᠯ ᠢ ᠬᠠᠪᠰᠤᠷᠤᠨ ᠲᠡᠳᠬᠦᠬᠦ ᠬᠡᠷᠡᠭᠲᠡᠢ᠃ ᠪᠡᠯᠡ ᠲᠣᠬᠢᠷᠠᠭᠤᠯᠭ᠎ᠠ ᠶᠢᠨ | ᠳᠡᠮᠵᠢᠯᠭᠡ ᠶᠢ ᠴᠢᠩᠭᠠᠳᠬᠠᠨ᠎ᠠ᠃ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠬᠤ ᠪᠠᠨ ᠲᠦᠷᠭᠡᠪᠴᠢᠯᠡᠨ | ᠠᠬᠢᠭᠤᠯᠤᠨ᠎ᠠ᠃ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠤᠨ ᠪᠤᠵᠠᠭᠠᠶᠢᠷᠠᠭᠤᠯᠵᠤ᠂ ᠨᠢᠭᠡ ᠪᠦᠯᠦᠭ | ᠰᠢᠨ᠎ᠡ ᠪᠠᠷ ᠡᠭᠦᠰᠦᠭᠰᠡᠨ ᠲᠤᠯᠭᠠᠭᠤᠷᠢ ᠠᠵᠤ ᠦᠢᠯᠡᠰ ᠢ ᠪᠤᠢ ᠪᠣᠯᠭᠠᠨ᠎ᠠ᠃ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ | ᠪᠡᠷᠬᠡ ᠰᠡᠳᠦᠪ ᠰᠢᠢᠳᠪᠦᠷᠢᠯᠡᠬᠦ ᠶᠢ ᠦᠷᠭᠦᠯᠵᠢᠯᠡᠨ ᠬᠦᠴᠦᠯᠡᠨ ᠠᠬᠢᠭᠤᠯᠵᠤ᠂ ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ | ᠳᠡᠯᠭᠡᠭᠦᠷ ᠤᠨ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠮᠪᠠᠷ᠎ᠠ︾ ᠶᠢ ᠰᠢᠨ᠎ᠡ ᠪᠠᠷ ᠡᠭᠦᠳᠦᠨ ᠭᠠᠷᠭᠠᠵᠤ᠂ ︽ | ᠵᠣᠬᠢᠶᠠᠮᠠᠯ ᠤᠶᠤᠨ +︾ ᠠᠵᠢᠯᠯᠠᠭ᠎ᠠ ᠶᠢ ᠲᠦᠷᠭᠡᠪᠴᠢᠯᠡᠨ ᠬᠡᠷᠡᠭᠵᠢᠭᠦᠯᠦᠨ᠎ᠡ ᠭᠡᠵᠡᠢ᠃ | ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ᠃ | | | | |