| ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠤᠷᠤᠭᠰᠢᠲᠠᠶ ᠶᠠᠪᠤᠭᠳᠠᠬᠤ ᠶᠢ ᠡᠮᠬᠢ ᠵᠢᠷᠤᠮ ᠲᠠᠢ | ᠠᠬᠢᠭᠤᠯᠬᠤ ᠶᠢᠨ ᠲᠥᠯᠥᠭᠡ᠂ ᠣᠶᠢᠷ᠎ᠠ ᠶᠢᠨ ᠬᠤᠭᠤᠴᠠᠭᠠᠨ ᠳᠤ᠂ ᠤᠯᠠᠭᠠᠨᠬᠤᠲᠠ ᠡᠷᠲᠡ ᠠᠴᠠ ᠲᠥᠯᠥᠪᠵᠢᠭᠦᠯᠵᠦ᠂ | ᠡᠷᠲᠡ ᠠᠴᠠ ᠪᠠᠶᠢᠷᠢᠯᠠᠭᠤᠯᠵᠤ᠂ ᠡᠷᠲᠡ ᠠᠴᠠ ᠬᠥᠳᠡᠯᠦᠯᠴᠡᠵᠦ᠂ ᠡᠯ᠎ᠡ ᠵᠦᠢᠯ ᠤᠨ ᠬᠠᠪᠤᠷ ᠤᠨ ᠲᠠᠷᠢᠶᠠᠯᠠᠭ᠎ᠠ ᠶᠢᠨ | ᠪᠡᠯᠡᠳᠬᠡᠯ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠪᠥᠬᠦ ᠵᠢᠯ ᠤᠨ ᠠᠮᠤ ᠪᠤᠳᠠᠭᠠᠨ ᠤ ᠤᠨᠠᠯᠲᠠ ᠶᠢ | ᠲᠣᠭᠲᠠᠪᠤᠷᠢᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠳᠤ ᠰᠠᠶᠢᠨ ᠡᠬᠢᠯᠡᠯᠲᠡ ᠲᠠᠢ ᠪᠣᠯᠭᠠᠪᠠ᠃ | ᠰᠢᠨ᠎ᠡ ᠬᠤᠲᠠ ᠵᠡᠭᠡᠯᠢ ᠶᠢᠨ ᠲᠠᠯ᠎ᠠ ᠨᠤᠲᠤᠭ ᠤᠨ ᠨᠣᠮ ᠤᠨ ᠦᠷᠦᠭᠡ ᠳᠤ᠂ ᠨᠣᠮ ᠤᠨ ᠲᠠᠯᠪᠢᠭᠤᠷ | ᠳᠡᠭᠡᠷᠡᠬᠢ ᠡᠯ᠎ᠡ ᠲᠦᠷᠦᠯ ᠤᠨ ᠬᠡᠷᠡᠭᠯᠡᠭᠡᠨ ᠤ ᠲᠠᠷᠢᠶᠠᠯᠠᠩ ᠤᠨ ᠨᠣᠮ ᠪᠢᠴᠢᠭ ᠨᠢ ᠭᠠᠴᠠᠭ᠎ᠠ ᠲᠣᠰᠬᠤᠨ ᠤ ᠠᠷᠠᠳ ᠤᠨ | ᠪᠣᠯᠢᠶᠠᠯᠳᠤᠨ ᠤᠩᠰᠢᠬᠤ ᠨᠤᠮ ᠪᠣᠯᠵᠤ᠂ ᠦᠷ᠎ᠡ ᠰᠣᠩᠭᠤᠬᠤ ᠠᠴᠠ ᠴᠢᠬᠢ ᠪᠤᠶᠢᠵᠢᠭᠤᠯᠬᠤ ᠬᠦᠷᠲᠡᠯ᠎ᠡ᠂ ᠲᠠᠷᠢᠶᠠᠨ | ᠭᠠᠵᠠᠷ ᠤᠨ ᠬᠠᠮᠢᠶᠠᠷᠤᠯᠲᠠ ᠠᠴᠠ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠬᠦᠷᠲᠡᠯ᠎ᠡ᠂ | ᠲᠣᠰᠬᠤᠨ ᠤ ᠠᠷᠠᠳ ᠬᠦᠷᠢᠶᠡᠯᠡᠨ ᠰᠠᠭᠤᠵᠤ᠂ ᠬᠠᠷᠢᠯᠴᠠᠨ ᠶᠠᠷᠢᠯᠴᠠᠵᠤ᠂ ᠬᠠᠷᠢᠯᠴᠠᠨ ᠰᠣᠳᠤᠯᠵᠤ᠂ ᠰᠢᠨᠵᠢᠯᠡᠬᠦ | ᠤᠬᠠᠭᠠᠨ ᠤ ᠮᠡᠳᠡᠯᠭᠡ ᠶᠢ ᠬᠠᠪᠤᠷ ᠤᠨ ᠲᠠᠷᠢᠶᠠᠯᠠᠭ᠎ᠠ ᠳᠠᠭᠠᠨ ᠬᠡᠷᠡᠭᠯᠡᠬᠦ ᠪᠠᠷ ᠴᠢᠷᠮᠠᠶᠢᠨ᠎ᠠ᠃ | | | | | | | ︽ᠣᠳᠣᠬᠠᠨ ᠳᠤ ᠨᠣᠭᠤᠭ᠎ᠠ ᠲᠠᠷᠢᠬᠤ ᠨᠢ ᠳᠠᠩ ᠴᠤᠯᠭᠤᠶ ᠪᠠᠷ ᠲᠤᠷᠰᠢᠯᠭ᠎ᠠ ᠳᠤ ᠲᠦᠰᠢᠭᠯᠡᠭᠡᠳ ᠪᠣᠯᠬᠤ | ᠦᠭᠡᠢ᠂ ᠪᠠᠰᠠ ᠢᠯᠡᠭᠦᠬᠡᠨ ᠲᠠᠷᠢᠬᠢ ᠲᠣᠯᠣᠭᠠᠶ ᠪᠠᠨ ᠬᠥᠳᠡᠯᠭᠡᠵᠦ᠂ ᠮᠡᠷᠭᠡᠵᠢᠯ ᠰᠤᠷᠬᠤ ᠬᠡᠷᠡᠭᠲᠡᠶ᠃ ᠲᠠᠯ᠎ᠠ | ᠨᠤᠲᠤᠭ ᠤᠨ ᠨᠣᠮ ᠤᠨ ᠥᠷᠥᠭᠡ ᠶᠢᠨ ᠨᠣᠮ ᠤᠨ ᠲᠦᠷᠦᠯ ᠵᠦᠢᠯ ᠪᠦᠷᠢᠨ᠂ ᠣᠨᠴᠠᠭᠠᠢᠯᠠᠨ᠂ ᠬᠡᠷᠬᠢᠨ ᠰᠢᠨᠵᠢᠯᠡᠬᠦ | ᠤᠬᠠᠭᠠᠨᠴᠢ ᠪᠠᠷ ᠲᠠᠷᠢᠬᠤ᠂ ᠳᠤᠯᠠᠭᠠᠨ ᠤ ᠬᠡᠮᠵᠢᠶ᠎ᠡ ᠪᠠ ᠴᠢᠭᠢᠭ ᠤᠨ ᠬᠡᠮᠵᠢᠶ᠎ᠡ ᠶᠢ ᠬᠡᠷᠬᠢᠨ ᠲᠣᠬᠢᠷᠠᠭᠤᠯᠬᠤ᠂ ᠡᠪᠡᠰᠦ | ᠠᠷᠢᠯᠭᠠᠬᠤ᠂ ᠡᠪᠡᠳᠴᠢᠨ ᠬᠤᠷᠣᠬᠠᠢ ᠶᠢᠨ ᠬᠥᠨᠥᠭᠡᠯ ᠢ ᠬᠡᠷᠬᠢᠨ ᠰᠡᠷᠭᠡᠢᠯᠡᠬᠦ ᠵᠡᠷᠭᠡ ᠲᠠᠯ᠎ᠠ ᠪᠠᠷ ᠲᠣᠳᠣᠷᠬᠠᠢ ᠪᠢᠴᠢᠵᠡᠢ᠂ | ᠡᠩ ᠤᠨ ᠦᠶᠡᠰ ᠲᠤ ᠣᠯᠠᠨ ᠲᠠᠢ ᠢᠯᠡᠭᠦᠦ ᠬᠠᠷᠢᠯᠴᠠᠨ ᠰᠣᠯᠢᠯᠴᠠᠵᠤ ᠰᠤᠷᠤᠯᠴᠠᠬᠤ ᠨᠢ ᠭᠠᠭᠴᠠᠭᠠᠷ ᠢᠶᠠᠨ ᠰᠣᠬᠤᠷ | ᠪᠠᠯᠠᠢ ᠪᠠᠷ ᠰᠤᠷᠬᠤ ᠠᠴᠠ ᠬᠤᠯᠠ ᠦᠷ᠎ᠡ ᠪᠦᠲᠦᠮᠵᠢ ᠲᠠᠢ︾ ᠭᠡᠵᠦ ᠰᠢᠨ᠎ᠡ ᠬᠤᠲᠠ ᠵᠡᠭᠡᠯᠢ ᠶᠢᠨ ᠪᠠᠷᠠᠭᠤᠨ ᠪᠠᠶᠠᠨ | ᠭᠠᠴᠠᠭᠠᠨ ᠤ ᠠᠷᠠᠳ ᠯᠢᠦ ᠬᠤᠩ ᠵᠢᠶᠦ᠋ᠨ ᠬᠡᠯᠡᠪᠡ᠃ | ᠬᠡᠰᠡᠭ ᠲᠠᠷᠢᠶᠠᠴᠢᠨ ᠡᠷᠦᠬᠡ ᠶᠢᠨ ᠨᠣᠮ ᠤᠨ ᠥᠷᠥᠭᠡ ᠳᠤ ᠬᠦᠷᠴᠦ ᠨᠣᠮ ᠪᠢᠴᠢᠭ ᠵᠢᠭᠡᠯᠡᠵᠦ ᠦᠵᠡᠬᠦ ᠵᠠᠪ | ᠦᠭᠡᠢ ᠪᠠᠶᠢᠳᠠᠯ ᠳᠤ ᠴᠢᠭᠯᠡᠭᠦᠯᠦᠨ᠂ ᠰᠢᠨ᠎ᠡ ᠬᠤᠲᠠ ᠵᠡᠭᠡᠯᠢ ᠪᠠᠰᠠ ︽ᠨᠣᠮ ᠬᠦᠷᠭᠡᠵᠦ ᠬᠠᠪᠤᠷ ᠤᠨ ᠲᠠᠷᠢᠶᠠᠯᠠᠭ᠎ᠠ ᠶᠢ | ᠳᠡᠮᠵᠢᠬᠦ︾ ᠦᠢᠯᠡᠴᠢᠯᠡᠭᠡ ᠶᠢ ᠵᠡᠷᠭᠡᠪᠡᠷ ᠡᠬᠢᠯᠡᠭᠦᠯᠪᠡ᠃ ︽ᠭᠠᠴᠠᠭ᠎ᠠ ᠲᠣᠰᠬᠤᠨ ᠤ ᠠᠷᠠᠳ ᠤᠨ ᠵᠠᠬᠢᠶᠠᠯᠠᠭ᠎ᠠ ᠶᠢᠨ | ᠬᠠᠭᠤᠳᠠᠰᠤ + ᠺᠠᠳ᠋ᠷ ᠲᠣᠬᠢᠷᠠᠭᠤᠯᠤᠨ ᠬᠦᠷᠭᠡᠬᠦ︾ ᠵᠠᠭᠪᠤᠷ ᠢᠶᠠᠷ ᠳᠠᠮᠵᠢᠭᠤᠯᠤᠨ᠂ ︽ᠰᠦᠯᠢᠶᠣᠣ ᠬᠦᠯᠡᠮᠵᠢ ᠶᠢᠨ | ᠢᠳᠡᠰᠢᠨ ᠨᠣᠭᠤᠭ᠎ᠠ ᠶᠢᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ︾᠂ ︽ᠮᠢᠬᠠᠨ ᠬᠤᠨᠢ ᠶᠢ | ᠥᠨᠳᠥᠷ ᠪᠦᠲᠦᠮᠵᠢᠲᠡᠶ ᠪᠠᠷ ᠲᠡᠵᠢᠭᠡᠨ ᠦᠷᠡᠵᠢᠭᠦᠯᠬᠦ ᠮᠡᠷᠭᠡᠵᠢᠯ︾ ᠵᠡᠷᠭᠡ ᠲᠠᠷᠢᠮᠠᠯ ᠤᠨ ᠦᠢᠯᠡᠰ᠂ ᠲᠡᠵᠢᠭᠡᠨ | ᠦᠷᠡᠵᠢᠭᠦᠯᠬᠦ᠂ ᠲᠠᠷᠢᠶᠠᠯᠠᠩ ᠤᠨ ᠮᠡᠷᠭᠡᠵᠢᠯ ᠵᠡᠷᠭᠡ ᠣᠯᠠᠨ ᠲᠠᠯ᠎ᠠ ᠶᠢᠨ ᠠᠭᠤᠯᠭ᠎ᠠ ᠶᠢ ᠬᠠᠮᠤᠷᠤᠭᠰᠠᠨ ᠨᠣᠮ ᠪᠢᠴᠢᠭ ᠢ | ︽ᠲᠠᠷᠢᠶᠠᠯᠠᠩ ᠢ ᠲᠤᠰᠠᠯᠠᠬᠤ ᠪᠣᠭᠤᠳᠠᠯ ᠪᠠᠭᠯᠠᠭ᠎ᠠ︾ ᠢᠶᠠᠨ ᠬᠡᠯᠪᠡᠷᠢ ᠪᠠᠷ ᠲᠣᠰᠬᠤᠨ ᠤ ᠠᠷᠠᠳ ᠤᠨ ᠬᠡᠷ ᠲᠤ | ᠬᠦᠷᠭᠡᠵᠦ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠬᠦᠴᠦ ᠨᠡᠮᠡᠷᠢᠯᠡᠵᠡᠢ᠃ | | | | | | | ᠤᠯᠠᠭᠠᠨᠬᠤᠲᠠ ᠶᠢᠨ ᠭᠤᠣ ᠱᠦ ᠠᠦ᠋ᠲ᠋ᠣ᠋ ᠮᠠᠰᠢᠨᠴᠢᠯᠠᠭᠰᠠᠨ ᠲᠠᠷᠢᠮᠠᠯ ᠤᠨ ᠲᠤᠰᠬᠠᠢ ᠬᠤᠷᠰᠢᠶ᠎ᠠ ᠳᠤ | ᠣᠷᠣᠬᠤ ᠳᠤ᠂ ᠬᠠᠷᠠᠭᠠᠨ ᠳᠤ ᠬᠥᠭᠵᠢᠶᠡᠡᠲᠦ ᠪᠠᠶᠢᠳᠠᠯ ᠲᠣᠳᠤᠷᠠᠨ᠎ᠠ᠃ ᠪᠠᠶᠢᠴᠠᠭᠠᠨ ᠵᠠᠰᠠᠬᠤ ᠠᠵᠢᠯᠲᠠᠳ ᠶᠠᠭ | ᠰᠠᠶ᠋ᠢᠬᠠᠨ ᠲᠠᠷᠢᠶᠠᠯᠠᠩ ᠤᠨ ᠮᠠᠰᠢᠨ ᠲᠥᠬᠦᠭᠡᠷᠦᠮᠵᠢ ᠪᠠᠨ ᠪᠠᠶᠢᠴᠠᠭᠠᠵᠣ ᠶᠠᠭᠠᠷᠠᠯᠳᠤᠨ᠎ᠠ᠃ ᠡ᠊ᠡᠳᠡ ᠲᠡᠨᠳᠡ ᠦᠭᠡᠢ | ᠲᠡᠮᠦᠷᠯᠢᠭ ᠲᠣᠭᠰᠢᠬᠤ ᠳᠠᠭᠤᠨ ᠪᠠ ᠬᠥᠳᠡᠯᠭᠡᠭᠦᠷ ᠮᠠᠰᠢᠨ ᠤ ᠬᠦᠩᠭᠢᠨᠡᠬᠦ ᠳᠠᠭᠤᠨ ᠢ ᠳᠠᠭᠠᠯᠳᠤᠨ᠂ ᠲᠠᠷᠢᠶᠠᠯᠠᠩ ᠤᠨ | ᠮᠠᠰᠢᠨ ᠲᠥᠬᠦᠭᠡᠷᠦᠮᠵᠢ ᠶᠢ ᠳᠠᠬᠢᠨ ᠰᠡᠷᠭᠦᠭᠡᠵᠦ᠂ ᠤᠳᠠᠯ ᠥᠬᠡᠶ ᠬᠦᠷᠴᠦ ᠢᠷᠡᠬᠦ ᠭᠡᠵᠦ ᠪᠠᠶᠢᠭ᠎ᠠ ᠬᠠᠪᠤᠷ ᠤᠨ | ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠰᠠᠶᠢᠲᠤᠷ ᠪᠡᠯᠡᠳᠬᠡᠯ ᠬᠢᠪᠠ᠃ | ᠣᠳᠣᠬᠠᠨ ᠳᠤ᠂ ᠤᠯᠠᠭᠠᠨᠬᠤᠲᠠ ᠶᠢᠨ ᠭᠤᠣ ᠱᠦ ᠠᠦ᠋ᠲ᠋ᠣ᠋ ᠮᠠᠰᠢᠨᠴᠢᠯᠠᠭᠰᠠᠨ ᠲᠠᠷᠢᠮᠠᠯ ᠤᠨ ᠲᠤᠰᠬᠠᠶ | ᠬᠤᠷᠰᠢᠶ᠎ᠠ ᠳᠤ ᠡᠯ᠎ᠡ ᠲᠥᠷᠥᠯ ᠤᠨ ᠲᠠᠷᠢᠶᠠᠯᠠᠩ ᠤᠨ ᠮᠠᠰᠢᠨ ᠪᠠᠭᠠᠵᠢ ᠨᠡᠶᠢᠲᠡ 19 ᠢᠵᠢ ᠪᠠᠶᠢᠵᠤ᠂ 2025 | ᠣᠨ ᠳᠤ ︽ᠣᠷᠣᠯᠠᠨ ᠬᠠᠭᠠᠯᠪᠤᠷᠢᠯᠠᠬᠤ ᠣᠷᠣᠯᠠᠨ ᠳᠠᠷᠢᠬᠤ ᠣᠷᠣᠯᠠᠨ ᠬᠤᠷᠢᠶᠠᠬᠤ︾ ᠨᠡᠶᠢᠭᠡᠮᠴᠢᠯᠡᠭᠰᠡᠨ | ᠦᠢᠯᠡᠴᠢᠯᠡᠭᠡᠨ ᠤ ᠲᠠᠯᠠᠪᠠᠶ 3200 ᠮᠥ ᠬᠠᠩᠭᠠᠬᠤ ᠪᠣᠯᠤᠨ᠎ᠠ᠃ ᠲᠠᠷᠢᠶᠠᠯᠠᠩ ᠳᠤ ᠬᠡᠷᠡᠭᠯᠡᠬᠦ ᠮᠠᠰᠢᠨ ᠮᠧᠬᠠᠨᠢᠭ ᠲᠤ | ᠪᠥᠬᠦ ᠲᠠᠯ᠎ᠠ ᠶᠢᠨ ᠪᠠᠶᠢᠴᠠᠭᠠᠯᠲᠠ᠂ ᠲᠣᠬᠢᠷᠠᠭᠤᠯᠤᠨ ᠲᠤᠷᠰᠢᠬᠤ ᠪᠠ ᠰᠡᠯᠪᠢᠨ ᠵᠠᠰᠠᠬᠤ ᠪᠠᠷ ᠳᠠᠮᠵᠢᠨ᠂ ᠬᠠᠪᠤᠷ ᠤᠨ | ᠲᠠᠷᠢᠶᠠᠯᠠᠭ᠎ᠠ ᠶᠢᠨ ᠦᠷ᠎ᠡ ᠪᠦᠲᠦᠮᠵᠢ ᠶᠢ ᠨᠠᠩ ᠥᠨᠳᠥᠷ᠂ ᠦᠷ᠎ᠡ ᠠᠰᠢᠭ ᠢ ᠨᠠᠩ ᠶᠡᠭᠡ ᠪᠣᠯᠭᠠᠨ᠎ᠠ᠃ | | | | | ᠤᠯᠠᠭᠠᠨᠬᠤᠲᠠ ᠲᠠᠷᠢᠶᠠᠯᠠᠩ ᠤᠨ ᠮᠠᠰᠢᠨ ᠢ ᠪᠠᠶᠢᠴᠠᠭᠠᠨ ᠵᠠᠰᠠᠬᠤ᠂ ᠲᠠᠷᠢᠶᠠᠯᠠᠩ ᠤᠨ ᠬᠡᠷᠡᠭᠰᠡᠯ ᠢ | ᠨᠥᠭᠡᠴᠡᠯᠡᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠵᠡᠷᠭᠡ ᠡᠯ᠎ᠡ ᠵᠦᠢᠯ ᠤᠨ ᠬᠠᠪᠤᠷ ᠤᠨ | ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠠᠪᠤᠷ ᠤᠨ ᠲᠠᠷᠢᠶᠠᠯᠠᠭ᠎ᠠ ᠶᠢᠨ | ᠦᠢᠯᠡᠳᠪᠦᠷᠢᠯᠡᠯ ᠳᠤ ᠪᠠᠲᠤ ᠴᠢᠩᠭ᠎ᠠ ᠪᠠᠲᠤᠯᠠᠭ᠎ᠠ ᠬᠠᠩᠭᠠᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠤᠷᠤᠭᠰᠢᠲᠠᠢ | ᠡᠬᠢᠯᠡᠬᠦ ᠶᠢ ᠪᠠᠲᠤᠯᠠᠵᠤ᠂ ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠦᠨᠡᠨ ᠬᠦ ᠪᠠᠲᠤ ᠰᠠᠬᠢᠬᠤ | ᠪᠣᠯᠤᠨ᠎ᠠ᠃ | | |